ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ ᠰᠦᠨ ᠱᠤᠤ ᠴᠧᠩ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠵᠢᠡᠷ ᠰᠡᠵᠢᠭ᠌ᠯᠡᠭᠳᠡᠭᠰᠡᠨ ᠳ᠋ᠤ ᠰᠠᠬᠢᠯᠭ᠎ᠠ ᠪᠠᠲᠤ᠎ᠶ᠋ᠢᠨ ᠬᠢᠨᠠᠨ ᠪᠠᠢᠴᠠᠭᠠᠯᠲᠠ ᠪᠠ ᠬᠢᠨᠠᠨ ᠪᠠᠢᠴᠠᠭᠠᠬᠤ ᠪᠠᠢᠴᠠᠭᠠᠯᠲᠠ ᠬᠢᠬᠦ ᠲᠤᠬᠠᠶ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠯ ᠢ᠋ ᠡᠷᠡᠰ ᠬᠦᠷᠢᠶᠡᠯᠡᠨ᠎ᠡ ᠸᠠᠩ ᠸᠧᠶ ᠵᠥᠩ ᠬᠤᠷᠠᠯ ᠢ᠋ ᠡᠷᠭᠢᠯᠡᠪᠡ
ᠨᠡᠶ᠋ᠢᠲᠡᠯᠡᠭᠰᠡᠨ ᠴᠠᠭ᠄ 2026-01-30

1 ᠰᠠᠷ᠎ᠠ᠎ᠶ᠋ᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠰᠦᠨ ᠱᠤᠤ ᠴᠧᠩ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ᠎ᠢᠶᠡᠷ ᠰᠡᠵᠢᠭ᠌ᠯᠡᠭ᠌ᠳᠡᠵᠦ᠍᠂ ᠣᠳᠣᠬᠠᠨ᠎ᠳᠤ ᠶᠠᠭ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠰᠠᠬᠢᠯᠭ᠎ᠠ ᠪᠠᠲᠤ᠎ᠶ᠋ᠢᠨ ᠬᠢᠨᠠᠨ ᠪᠠᠢᠴᠠᠭᠠᠯᠲᠠ ᠪᠠ ᠬᠢᠨᠠᠨ ᠪᠠᠢᠴᠠᠭᠠᠬᠤ ᠪᠠᠢᠴᠠᠭᠠᠯᠲᠠ᠎ᠶ᠋ᠢ ᠬᠦᠯᠢᠶᠡᠵᠦ᠍ ᠪᠠᠢᠬᠤ ᠵᠢ ᠮᠡᠳᠡᠭ᠌ᠳᠡᠪᠡ᠃ ᠬᠤᠷᠠᠯ᠎ᠳᠤ ᠣᠷᠣᠯᠴᠠᠭ᠍ᠰᠠᠨ ᠨᠥᠬᠥᠳ᠂ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠯ᠎ᠢ ᠡᠷᠡᠰ ᠬᠦᠷᠢᠶᠡᠯᠡᠵᠦ᠍᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠲᠣᠭ᠍ᠲᠠᠭᠠᠯ᠎ᠢ ᠡᠷᠡᠰ ᠬᠦᠷᠢᠶᠡᠯᠡᠨ᠎ᠡ ᠭᠡᠵᠤ ᠢᠯᠡᠳᠭᠡᠵᠡᠭᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠨᠠᠮ᠎ᠤᠨ ᠲᠥᠪ ᠬᠣᠷᠢᠶ᠎ᠠ ᠡᠴᠡ ᠰᠦᠨ ᠱᠤᠤ ᠴᠧᠩ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠵᠢᠡᠷ ᠰᠡᠵᠢᠭ᠌ᠯᠡᠭᠳᠡᠭᠰᠡᠨ᠎ᠳᠦ ᠰᠠᠬᠢᠯᠭ᠎ᠠ ᠪᠠᠲᠤ᠎ᠶ᠋ᠢᠨ ᠬᠢᠨᠠᠨ ᠪᠠᠢᠴᠠᠭᠠᠯᠲᠠ ᠪᠠ ᠬᠢᠨᠠᠨ ᠪᠠᠢᠴᠠᠭᠠᠬᠤ ᠪᠠᠢᠴᠠᠭᠠᠯᠲᠠ ᠬᠢᠬᠦ᠌᠎ᠪᠡᠷ ᠲᠣᠭ᠍ᠲᠠᠭᠰᠠᠨ ᠨᠢ ᠨᠠᠮ᠎ᠤᠨ ᠲᠥᠪ ᠬᠣᠷᠢᠶ᠎ᠠ ᠵᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ᠂ ᠢᠯᠵᠢᠷᠠᠯ᠎ᠢ ᠡᠰᠡᠷᠭᠦᠴᠡᠬᠦ᠌᠎ᠳᠦ ᠬᠣᠷᠢᠭᠠᠲᠤ ᠣᠷᠣᠨ ᠦᠭᠡᠢ ᠨᠢᠭᠡ ᠵᠢ ᠴᠤ᠌ ᠤᠷᠬᠢᠭᠳᠠᠭᠤᠯᠬᠤ ᠦᠭᠡᠢ ᠤᠬ᠍ᠳᠤ ᠠᠭᠤᠴᠢᠯᠠᠬᠤ ᠦᠭᠡᠢ ᠪᠠᠢᠬᠤ ᠡᠷᠡᠰ ᠪᠠᠲᠤ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠢᠯᠵᠢᠷᠠᠯ᠎ᠢ ᠡᠰᠡᠷᠭᠦᠴᠡᠬᠦ᠌᠎ᠳᠦ ᠨᠢᠭᠡ ᠠᠯᠬᠤᠮ ᠴᠤ᠌ ᠵᠤᠬ᠍ᠰᠤᠰᠢ ᠦᠭᠡᠢ᠂ ᠨᠢᠭᠡ ᠠᠯᠬᠤᠮ ᠴᠤ᠌ ᠤᠬᠤᠷᠢᠬᠤ ᠦᠭᠡᠢ ᠪᠠᠢᠬᠤ ᠴᠢᠩᠭ᠎ᠠ ᠲᠤᠬᠢᠶ᠎ᠠ᠎ᠶ᠋ᠢ ᠳᠠᠮᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠯ ᠪᠣᠯᠤᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠲᠣᠭ᠍ᠲᠠᠭᠠᠯ᠎ᠢ ᠡᠷᠡᠰ ᠬᠦᠷᠢᠶᠡᠯᠡᠨ᠎ᠡ᠃ ᠰᠦᠨ ᠱᠤᠤ ᠴᠸᠩ ᠤ᠋ᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠵᠢᠡᠷ ᠰᠡᠵᠢᠭ᠌ᠯᠡᠭ᠌ᠳᠡᠭᠰᠡᠨ ᠨᠢ᠂ ᠲᠤᠱᠢᠶᠠᠯ᠎ᠤᠨ ᠪᠠᠢᠷᠢ ᠬᠡᠳᠦᠢ ᠥᠨᠳᠥᠷ᠂ ᠡᠷᠬᠡ ᠬᠡᠳᠦᠢ ᠶᠡᠬᠡ ᠪᠣᠯ ᠥᠪᠡᠷ᠎ᠢ᠎ᠪᠡᠨ ᠲᠡᠳᠦᠢ ᠴᠢᠩᠭ᠎ᠠ ᠬᠢᠵᠠᠭᠠᠷᠯᠠᠵᠤ᠂ ᠰᠠᠬᠢᠯᠭ᠎ᠠ ᠪᠠᠲᠤ ᠶᠣᠰᠣ ᠲᠦᠷᠢᠮ ᠢ᠋ ᠴᠢᠩᠭ᠎ᠠ ᠰᠠᠬᠢᠵᠤ᠂ ᠠᠷᠢᠭᠤᠨ ᠴᠢᠬᠡᠴᠢ᠎ᠪᠡᠷ ᠳᠠᠷᠤᠭ᠎ᠠ ᠰᠠᠭᠤᠵᠤ᠂ ᠰᠢᠯᠤᠭᠤᠨ ᠴᠢᠬᠡᠴᠢ᠎ᠪᠡᠷ ᠠᠵᠢᠯ ᠬᠢᠵᠦ᠍᠂ ᠨᠣᠮᠣᠬᠠᠨ ᠱᠢᠳᠤᠷᠭᠤ᠎ᠪᠠᠷ ᠬᠥᠮᠦᠨ ᠪᠣᠯᠬᠤ ᠬᠡᠷᠡᠭ᠌ᠲᠡᠢ ᠭᠡᠳᠡᠭ ᠢ᠋ ᠪᠢᠳᠡᠨ ᠳ᠋ᠤ ᠳᠠᠬᠢᠨᠳᠠ ᠰᠡᠷᠡᠮᠵᠢᠯᠡᠭᠦᠯᠪᠡ᠃ ᠪᠢᠳᠡ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠭᠦᠨᠵᠡᠭᠡᠢ ᠰᠤᠷᠭᠠᠮᠵᠢ ᠠᠪᠴᠤ᠌᠂ ᠡᠭᠦᠨ᠎ᠢᠶᠡᠷ ᠴᠡᠭᠡᠷᠯᠡᠯ ᠪᠣᠯᠭᠠᠵᠤ᠂ ᠬᠡᠷᠡᠭ᠎ᠢᠶᠡᠷ ᠲᠤᠯᠢ ᠪᠣᠯᠭᠠᠵᠤ᠂ ᠰᠡᠷᠡᠮᠵᠢ᠎ᠶ᠋ᠢᠨ ᠬᠤᠩᠬᠤ᠎ᠶ᠋ᠢ ᠪᠠᠢᠩᠭᠤ ᠲᠠᠩᠬᠢᠨᠠᠭᠤᠯᠵᠦ᠂ ᠢᠮᠠᠭ᠍ᠲᠠ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠡᠴᠦᠰ᠎ᠲᠦᠨᠢ ᠲᠤᠯᠲᠠᠯ᠎ᠠ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠬᠤᠷᠠᠯ ᠡᠴᠡ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬ᠍ᠰᠤᠰᠢ ᠦᠭᠡᠢ ᠶᠠᠪᠤᠭ᠍ᠳᠠᠵᠤ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ᠌ ᠠᠵᠢᠯ ᠡᠭᠦᠷᠢᠳᠡ ᠵᠤᠬ᠍ᠰᠤᠰᠢ ᠦᠭᠡᠢ ᠶᠠᠪᠤᠭ᠍ᠳᠠᠨ᠎ᠠ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠢᠯᠠᠩᠭᠤᠶ᠎ᠠ ᠤᠳᠤᠷᠢᠳᠭᠤ ᠺᠠᠳ᠋ᠷᠴᠤᠳ ᠢᠯᠵᠢᠷᠠᠯ᠎ᠢ ᠡᠰᠡᠷᠭᠦᠴᠡᠵᠦ᠍ ᠴᠢᠨᠠᠷ ᠬᠤᠪᠢᠷᠠᠬᠤ᠎ᠶ᠋ᠢ ᠰᠡᠷᠭᠡᠢᠯᠡᠬᠦ᠌ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ ᠵᠢᠡᠨ ᠦᠨᠡᠨ ᠬᠦ᠌ ᠪᠡᠬᠢᠵᠢᠭᠦᠯᠵᠦ᠍᠂ ᠤᠬᠠᠮᠰᠠᠷ᠎ᠡᠴᠡ᠎ᠪᠠᠨ ᠨᠠᠮᠴᠢ ᠴᠢᠨᠠᠷ᠎ᠤᠨ ᠪᠣᠯᠪᠠᠰᠤᠷᠠᠯ ᠵᠢᠡᠨ ᠴᠢᠩᠭᠠᠳᠭᠠᠬᠤ᠎ᠶ᠋ᠢ ᠨᠠᠰᠤᠨ ᠲᠤᠷᠱᠢᠳᠠ᠎ᠶ᠋ᠢᠨ ᠵᠠᠪᠠᠯ ᠰᠤᠷᠬᠤ ᠬᠢᠴᠢᠶᠡᠯ ᠪᠣᠯᠭᠠᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠡᠴᠡ ᠦᠷᠭᠦᠯᠵᠢᠯᠡᠨ ᠤᠯᠤᠰ ᠲᠦᠷᠦ᠍᠎ᠶ᠋ᠢᠨ ᠤᠶᠤᠨ ᠤᠬᠠᠭᠠᠨ ᠪᠠ ᠨᠠᠮᠴᠢ ᠴᠢᠨᠠᠷ᠎ᠤᠨ ᠱᠢᠮ᠎ᠡ ᠲᠡᠵᠢᠭᠡᠯ ᠬᠦᠷᠳᠡᠵᠦ᠍᠂ ᠠᠵᠢᠯ᠎ᠤᠨ ᠪᠦᠳᠤᠮᠵᠢ ᠵᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ᠃ ᠤᠳᠤᠷᠢᠳᠭᠤ ᠺᠠᠳ᠋ᠷᠴᠤᠳ ᠲᠦᠷᠦᠭᠦᠯᠡᠨ《ᠲᠠᠪᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ》 ᠴᠢᠬᠤᠯᠠ ᠱᠠᠭᠠᠷᠳᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ ᠲᠠᠯ᠎ᠠ᠎ᠪᠠᠷ ᠴᠢᠩᠭ᠎ᠠ ᠱᠠᠭᠠᠷᠳᠠᠵᠤ᠂ ᠵᠢᠱ᠌ᠢᠢ᠎ᠡ ᠦᠵᠡᠭᠦᠯᠵᠦ᠍᠂ ᠡᠪ ᠬᠠᠮᠲᠤᠴᠤᠳ᠎ᠤᠨ ᠤᠶᠤᠨ ᠰᠠᠨᠠᠭᠠᠨ᠎ᠤ ᠬᠥᠭᠡᠭᠡᠴᠡᠯᠳᠦᠯ᠎ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠵᠤ᠂ ᠠᠷᠢᠭᠤᠨ ᠴᠢᠬᠡᠴᠢ᠂ ᠶᠣᠰᠣ ᠲᠦᠷᠢᠮ᠎ᠲᠡᠶ᠂ ᠲᠥᠪ ᠰᠤᠷᠲᠠᠯ ᠲᠡᠭᠦᠯᠳᠡᠷ ᠨᠠᠮ᠎ᠤᠨ ᠳᠣᠲᠣᠭᠠᠳᠤ᠎ᠶ᠋ᠢᠨ ᠨᠥᠬᠥᠳ᠎ᠦᠨ ᠬᠠᠷᠢᠴᠠᠭ᠎ᠠ ᠪᠦᠷᠢᠯᠳᠦᠬᠦ᠌᠎ᠶ᠋ᠢ ᠠᠬᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠬᠠᠷᠢᠯᠴᠠᠭᠠᠨ᠎ᠤ ᠶᠠᠪᠤᠴᠠ᠎ᠳᠠᠬᠢ ᠪᠣᠯᠬᠢᠴᠢᠯᠠᠬᠤ᠂ ᠠᠱᠢᠭ ᠬᠦᠷᠲᠡᠭᠡᠬᠦ᠌ ᠵᠡᠷᠭᠡ ᠮᠠᠭᠤ ᠦᠵᠡᠭ᠌ᠳᠡᠯ᠎ᠢ ᠡᠷᠡᠰ ᠬᠣᠷᠢᠭ᠍ᠯᠠᠬᠤ ᠬᠡᠷᠡᠭ᠌ᠲᠡᠢ᠃ ᠰᠠᠬᠢᠯᠭ᠎ᠠ ᠪᠠᠲᠤ᠎ᠶ᠋ᠢᠨ ᠤᠬᠠᠮᠰᠠᠷ᠂ ᠶᠣᠰᠣ ᠳᠦᠷᠢᠮ᠎ᠦᠨ ᠤᠬᠠᠮᠰᠠᠷ᠎ᠢ ᠦᠨᠡᠨ ᠬᠦ᠌ ᠴᠢᠩᠭᠠᠳᠭᠠᠵᠤ᠂ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠢᠮᠠᠭ᠍ᠲᠠ ᠴᠢᠨᠭᠭ᠎ᠠ ᠶᠣᠰᠣ ᠳᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠤᠬᠠᠮᠰᠠᠷ ᠡᠴᠡ᠎ᠪᠠᠨ ᠰᠠᠬᠢᠯᠭ᠎ᠠ ᠪᠠᠲᠤ ᠶᠣᠰᠣ ᠳᠦᠷᠢᠮ᠎ᠦᠨ ᠪᠣᠷᠣ ᠲᠥᠯᠥᠪ᠎ᠦᠨ ᠳᠣᠲᠣᠷ᠎ᠠ ᠠᠵᠢᠯᠯᠠᠵᠤ ᠠᠮᠢᠳᠤᠷᠠᠵᠤ᠂ ᠳᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠳᠠᠳᠭᠠᠯ ᠪᠠ ᠤᠬᠠᠮᠰᠠᠷ᠎ᠢ ᠪᠦᠷᠢᠯᠳᠦᠭᠦᠯᠵᠦ᠍᠂ ᠭᠡᠷ᠎ᠦᠨ ᠬᠥᠮᠦᠰ ᠪᠠ ᠳᠡᠷᠭᠡᠳᠡᠬᠢ ᠠᠵᠢᠯᠲᠠᠨ᠎ᠢᠶᠠᠨ ᠰᠠᠢᠲᠤᠷ ᠬᠠᠮᠢᠶᠠᠷᠴᠤ᠌᠂ ᠲᠥᠪ ᠭᠣᠣᠯᠴᠢ᠎ᠪᠠᠷ ᠡᠷᠬᠡ᠎ᠪᠡᠨ ᠬᠡᠷᠡᠭ᠌ᠯᠡᠬᠦ᠌᠂ ᠠᠷᠠᠳ᠎ᠤᠨ ᠲᠥᠯᠥᠭᠡ ᠡᠷᠬᠡ᠎ᠪᠡᠨ ᠬᠡᠷᠡᠭ᠌ᠯᠡᠬᠦ᠌᠂ ᠬᠠᠤᠯᠢ ᠶᠣᠰᠣᠭᠠᠷ ᠡᠷᠬᠡ᠎ᠪᠡᠨ ᠬᠡᠷᠡᠭ᠌ᠯᠡᠬᠦ᠌᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭ᠌ᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠤᠯᠤᠰ ᠲᠦᠷᠦ᠎ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ᠎ᠶᠢᠨ ᠶᠣᠰᠣ᠌ ᠳᠦᠷᠢᠮ᠎ᠢ ᠲᠡᠷᠢᠭᠦᠨ᠎ᠳᠦ ᠲᠠᠯᠪᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠬᠡᠪ᠎ᠢᠶᠡᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠲᠠᠪᠤᠨ ᠡᠷᠬᠡᠪᠰᠢ》 ᠶ᠋ᠢ ᠢᠮᠠᠭᠲᠠ ᠪᠡᠶᠡᠯᠡᠭᠦᠯᠵᠦ᠂ 《ᠲᠤᠯᠤᠭᠠᠨ ᠪᠠᠢᠬᠤ》 ᠵᠢ ᠡᠷᠡᠰ ᠰᠡᠷᠭᠡᠢᠯᠡᠬᠦ ᠬᠡᠷᠡᠭᠲᠡᠢ᠃ ᠮᠠᠨ᠎ᠤ ᠣᠷᠣᠨ᠎ᠤ ᠢᠯᠵᠢᠷᠡᠯ᠎ᠢ ᠡᠰᠡᠷᠭᠦᠴᠡᠬᠦ ᠲᠡᠮᠡᠴᠡᠯ᠎ᠳᠦ ᠲᠤᠯᠭᠠᠷᠠᠵᠤ ᠪᠠᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠳᠠᠯ᠎ᠢ ᠭᠦᠢᠴᠡᠳ ᠲᠠᠨᠢᠵᠤ᠂ ᠥᠨᠳᠥᠷ ᠳᠠᠷᠤᠯᠲᠠᠲᠦ ᠪᠠᠢᠳᠠᠯ᠎ᠢ ᠭᠤᠢᠪᠢᠰᠢ ᠦᠭᠡᠢ ᠪᠠᠲᠤᠯᠠᠵᠤ᠂ ᠢᠯᠵᠢᠷᠡᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠡᠬᠦ ᠵᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠦᠨᠡᠨ ᠬᠦ᠌ ᠲᠤᠭᠤᠰᠢᠲᠠᠢ ᠪᠠᠷᠢᠮᠲᠠᠯᠠᠬᠤ ᠬᠡᠷᠡᠭᠲᠡᠢ᠃ ᠢᠯᠵᠢᠷᠡᠯ ᠪᠠᠢᠪᠠᠯ ᠵᠠᠪᠠᠯ ᠡᠰᠡᠷᠭᠦᠴᠡᠬᠦ᠂ ᠱᠠᠮᠰᠢᠯ ᠪᠠᠢᠪᠠᠯ ᠵᠠᠪᠠᠯ ᠠᠷᠢᠯᠭᠠᠬᠤ᠂ ᠬᠠᠷᠭᠢᠰ ᠡᠲᠡᠭᠡᠳ᠎ᠢ ᠪᠦᠬᠦᠨ᠎ᠢ ᠠᠷᠢᠯᠭᠠᠬᠤ᠎ᠶᠢ ᠪᠠᠷᠢᠮᠲᠠᠯᠠᠵᠤ᠂ ᠬᠡᠷᠡᠭ᠎ᠢ ᠪᠠᠢᠴᠠᠭᠠᠨ ᠰᠢᠢᠳᠪᠦᠷᠢᠯᠡᠬᠦ ᠡᠷᠴᠢᠮ᠎ᠢᠶᠡᠨ ᠴᠢᠩᠭᠠᠷᠠᠭᠤᠯᠵᠤ᠂ ᠬᠡᠷᠡᠭ᠎ᠢ ᠭᠦᠨᠵᠡᠭᠡᠢ ᠲᠤᠭᠤᠰᠢᠲᠠᠢ ᠪᠠᠢᠴᠠᠭᠠᠬᠤ ᠬᠡᠷᠡᠭᠲᠡᠢ᠃ ᠰᠤᠷᠲᠠᠯ ᠢᠯᠵᠢᠷᠡᠯ᠎ᠢ ᠵᠡᠷᠭᠡ ᠪᠡᠷ ᠪᠠᠢᠴᠠᠭᠠᠵᠤ ᠵᠡᠷᠭᠡ ᠪᠡᠷ ᠵᠠᠰᠠᠬᠤ᠎ᠶᠢ ᠭᠦᠨᠵᠡᠭᠡᠢ ᠠᠬᠢᠭᠤᠯᠵᠤ᠂ ᠲᠥᠪ ᠪᠤᠰᠤ ᠰᠤᠷᠲᠠᠯ᠎ᠤᠨ ᠠᠷᠤ᠎ᠳᠠᠬᠢ ᠡᠷᠬᠡ ᠵᠢᠨ ᠬᠤᠭᠤᠷᠤᠨᠳᠤᠬᠢ ᠠᠷᠠᠯᠵᠢᠶ᠎ᠠ᠂ ᠡᠷᠬᠡ ᠮᠥᠩᠭᠥᠨ᠎ᠦ ᠠᠷᠠᠯᠵᠢᠶ᠎ᠠ᠂ ᠡᠷᠬᠡ ᠥᠩᠭᠡ᠎ᠶᠢᠨ ᠠᠷᠠᠯᠵᠢᠶ᠎ᠠ ᠵᠡᠷᠭᠡ ᠠᠰᠠᠭᠤᠳᠠᠯ᠎ᠢ ᠡᠷᠡᠰ ᠪᠠᠢᠴᠠᠭᠠᠨ ᠰᠢᠢᠳᠪᠦᠷᠢᠯᠡᠵᠦ᠂ ᠢᠯᠵᠢᠷᠡᠯ᠎ᠦᠨ ᠡᠭᠦᠰᠬᠦ ᠬᠥᠷᠥᠰᠥ ᠰᠢᠷᠣᠢ ᠪᠠ ᠨᠥᠬᠥᠴᠡᠯ᠎ᠢ ᠡᠷᠡᠰ ᠠᠷᠢᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ᠎ᠶᠢᠨ ᠬᠠᠷᠢᠭᠤᠴᠠᠯᠭ᠎ᠠ ᠪᠣᠯᠣᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠱᠦᠵᠢ᠎ᠶᠢᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠶᠢ ᠴᠢᠨᠭᠭᠠᠳᠬᠠᠨ ᠨᠠᠢᠳᠠᠪᠤᠷᠢᠵᠢᠭᠤᠯᠵᠤ᠂ ᠡᠯ᠎ᠡ ᠲᠠᠯ᠎ᠠ᠎ᠶᠢᠨ ᠬᠢᠨ᠎ᠦ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠬᠤ᠎ᠶᠢ ᠱᠠᠯᠠᠪᠳᠠᠭᠤᠯᠵᠤ᠂ ᠬᠠᠷᠢᠭᠤᠴᠠᠯᠭ᠎ᠠ᠎ᠪᠡᠨ ᠴᠢᠩᠭ᠎ᠠ ᠡᠭᠦᠷᠭᠡᠯᠡᠵᠦ᠂ ᠬᠠᠷᠢᠶᠠᠯᠠᠯ ᠵᠢᠠᠨ ᠴᠢᠩᠭ᠎ᠠ ᠬᠠᠮᠢᠶᠠᠷᠬᠤ᠎ᠶᠢ ᠨᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠬᠥᠮᠥᠨ ᠰᠣᠩᠭᠣᠵᠤ ᠬᠥᠮᠥᠨ ᠬᠡᠷᠡᠭᠯᠡᠬᠦ ᠤᠯᠤᠰ ᠲᠦᠷᠦ᠎ᠶᠢᠨ ᠪᠣᠭᠣᠮᠲᠠ᠎ᠶᠢ ᠴᠢᠩᠭ᠎ᠠ ᠠᠳᠬᠤᠵᠤ᠂ ᠦᠨᠡᠨᠴᠢ ᠰᠢᠳᠤᠷᠭᠤ ᠨᠠᠢᠳᠠᠪᠤᠷᠢᠲᠠᠢ᠂ ᠰᠠᠨᠠᠬᠤ ᠬᠢᠬᠦ  ᠨᠢ ᠠᠳᠠᠯᠢ ᠪᠠᠢᠬᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠰᠠᠢᠨ ᠺᠠᠳ᠋ᠷ᠎ᠢ ᠦᠨᠡᠨ ᠬᠦ᠌ ᠰᠣᠩᠭᠣᠨ ᠭᠠᠷᠭᠠᠵᠤ᠂ ᠬᠡᠷᠡᠭᠯᠡᠬᠦ ᠬᠡᠷᠡᠭᠲᠡᠢ᠂ 《ᠬᠣᠶᠠᠷ ᠨᠢᠭᠤᠷᠳᠠᠨ》᠂ ᠬᠤᠪᠢ᠎ᠶᠢᠨ ᠨᠡᠷ᠎ᠡ ᠠᠰᠢᠭ ᠵᠢᠡᠨ ᠲᠡᠷᠢᠭᠦᠨ᠎ᠳᠦ ᠲᠠᠯᠪᠢᠭ᠍ᠰᠠᠨ ᠬᠥᠮᠥᠨ᠎ᠢ ᠶᠠᠭᠠᠬᠢᠭ᠍ᠰᠠᠨ ᠴᠤ᠌ ᠰᠤᠨᠭᠭᠤᠵᠤ ᠬᠡᠷᠡᠭᠯᠡᠵᠤ ᠪᠣᠯᠬᠤ ᠦᠭᠡᠢ᠃ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠨᠤᠭᠤᠳ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠣᠨ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠮᠤᠵᠢ᠎ᠶᠢᠨ ᠲᠡᠰ᠎ᠤᠨ ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠢᠭᠦᠬᠦ ᠬᠣᠷᠢᠶ᠎ᠠ ᠵᠢᠨ ᠳᠠᠷᠤᠭ᠎ᠠ ᠪᠤᠯᠤᠨ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ ᠤᠪᠤᠷ ᠵᠢᠡᠨ ᠢᠯᠡᠳᠬᠡᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ