ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
《ᠠᠷᠠᠳ᠎ᠤᠨ ᠠᠮᠢᠳᠤᠷᠠᠯ᠎ᠦᠨ ᠠᠷᠪᠠᠨ ᠶᠡᠬᠡ ᠢᠨᠵᠧᠨᠧᠷᠢᠩ》᠎ᠢ ᠠᠬᠢᠭᠤᠯᠤᠨ ᠬᠡᠷᠡᠭ᠌ᠵᠢᠭᠦᠯᠬᠦ᠌ ᠎ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠲᠣᠭ᠍ᠲᠠᠭᠠᠯ
ᠨᠡᠶ᠋ᠢᠲᠡᠯᠡᠭᠰᠡᠨ ᠴᠠᠭ᠄ 2026-01-30

《ᠠᠷᠠᠳ᠎ᠤᠨ ᠠᠮᠢᠳᠤᠷᠠᠯ᠎ᠦᠨ ᠠᠷᠪᠠᠨ ᠶᠡᠬᠡ ᠢᠨᠵᠧᠨᠧᠷᠢᠩ》᠎ᠢ ᠠᠬᠢᠭᠤᠯᠤᠨ ᠬᠡᠷᠡᠭ᠌ᠵᠢᠭᠦᠯᠬᠦ᠌ ᠎ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠲᠣᠭ᠍ᠲᠠᠭᠠᠯ

(2026 ᠣᠨ᠎ᠤ 1 ᠰᠠᠷ᠎ᠠ᠎ᠶ᠋ᠢᠨ 29᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠬᠣᠷᠢᠨ ᠳᠥᠷᠪᠡᠳᠦᠭᠡᠷ ᠬᠤᠷᠠᠯ᠎ᠡᠴᠡ ᠪᠠᠲᠤᠯᠠᠪᠠ)

ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠥᠬᠥ᠌ ᠲᠠᠯ᠎ᠠ᠎ᠪᠠᠷ ᠰᠠᠢᠲᠤᠷ ᠨᠠᠢᠳᠠᠪᠤᠷᠢᠵᠢᠭᠤᠯᠬᠤ᠎ᠶ᠋ᠢᠨ ᠲᠦᠯᠦᠭᠡ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠬᠡᠷᠡᠭ᠌ᠵᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠪᠣᠳᠠᠳᠤ ᠪᠠᠢᠳᠠᠯ ᠲᠠᠢ ᠎ᠤᠶᠠᠯᠳᠤᠭᠤᠯᠤᠨ᠂ ᠳᠤᠤᠷᠠᠬᠢ ᠮᠡᠲᠦ ᠲᠣᠭ᠍ᠲᠠᠭᠠᠯ ᠭᠠᠷᠭᠠᠪᠠ᠃

ᠨᠢᠭᠡ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠬᠡᠷᠡᠭ᠌ᠵᠢᠭᠦᠯᠬᠦ᠎ᠳᠦ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ᠎ᠪᠠᠷ ᠠᠷᠠᠳ᠎ᠤᠨ ᠠᠮᠢᠳᠤᠷᠠᠯ᠎ᠤᠨ ᠠᠵᠢᠯ᠎ᠢ ᠠᠬᠢᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠴᠢᠳᠠᠯ᠎ᠢᠶᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠎ᠶᠢ ᠪᠠᠷᠢᠮᠳᠠᠯᠠᠵᠤ᠂ ᠲᠦᠭᠡᠮᠡᠯ ᠬᠠᠷᠠᠭᠠᠯᠵᠠᠯᠳᠤ ᠴᠢᠨᠠᠷ᠂ ᠰᠠᠭᠤᠷᠢ ᠴᠢᠨᠠᠷᠳᠠᠢ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠱᠢᠶ᠋ᠳᠪᠦᠷᠢᠯᠡᠵᠤ᠂ ᠨᠡᠢᠭᠡᠮ᠎ᠦᠨ ᠪᠠᠲᠤᠯᠠᠭ᠎ᠠ᠎ᠶ᠋ᠢᠨ ᠭᠣᠣᠯᠴᠢ ᠴᠢᠨᠠᠷ᠎ᠢ ᠦᠨᠡᠨ ᠬᠦ᠌ ᠴᠢᠩᠭᠠᠳᠬᠠᠵᠤ᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠡᠩᠴᠡᠭᠦᠷᠢᠲᠦ ᠴᠢᠨᠠᠷ᠎ᠢ ᠳᠡᠭᠡᠭ᠌ᠰᠢᠯᠡᠭᠦᠯᠵᠤ᠂ ᠠᠷᠠᠳ᠎ᠤᠨ ᠠᠮᠢᠳᠤᠷᠠᠯ᠎ᠤᠨ ᠰᠠᠭᠤᠷᠢ ᠦᠢᠯᠡᠴᠢᠯᠡᠭᠡ᠎ᠶ᠋ᠢᠨ ᠲᠦᠭᠡᠮᠡᠯ ᠬᠠᠷᠠᠭᠠᠯᠵᠠᠯᠳᠤ ᠴᠢᠨᠠᠷ᠎ᠢ ᠥᠷᠭᠡᠳᠭᠡᠵᠤ᠂ ᠣᠯᠠᠨ ᠶᠠᠩᠵᠤᠴᠢᠯᠠᠭ᠍ᠰᠠᠨ ᠨᠡᠢᠭᠡᠮ᠎ᠦᠨ ᠦᠶ᠋ᠯᠡᠴᠢᠯᠡᠭᠡᠨ᠎ᠦ ᠬᠦᠷᠦᠯᠴᠡᠬᠦᠢᠴᠡ ᠴᠢᠨᠠᠷ᠎ᠢ ᠳᠡᠭᠡᠭ᠌ᠰᠢᠯᠡᠭᠦᠯᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠡᠶᠡᠯᠡᠭᠦᠯᠬᠦ᠌ ᠬᠡᠷᠡᠭ᠌ᠲᠡᠶ᠃

ᠬᠣᠶᠠᠷ᠂ ᠲᠤᠰ ᠲᠣᠭ᠍ᠲᠠᠭᠠᠯ᠎ᠳᠠᠬᠢ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠭᠡᠳᠡᠭ ᠨᠢ᠄ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠢᠨᠵᠧᠨᠧᠷᠢᠩ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠡᠮᠴᠢᠯᠡᠭᠡ᠎ᠪᠡᠷ ᠰᠡᠷᠭᠡᠢᠯᠡᠨ ᠵᠠᠰᠠᠬᠤ ᠡᠷᠡᠭᠦᠯᠵᠢᠯ᠎ᠦᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠦ ᠢᠨᠵᠧᠨᠧᠷᠢᠩ᠂ ᠦᠨᠳᠦᠰᠦᠨ ᠨᠠᠰᠤᠵᠢᠯ᠎ᠤᠨ ᠦᠢᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠬᠦ᠌ ᠢᠨᠵᠧᠨᠧᠷᠢᠩ᠂ ᠦᠷᠡᠵᠢᠯ᠎ᠳᠦ ᠨᠥᠬᠥᠷᠰᠡᠭ ᠬᠡᠯᠪᠡᠷᠢ᠎ᠶ᠋ᠢᠨ ᠨᠡᠢᠭᠡᠮ᠎ᠦᠨ ᠪᠦᠳᠦᠭᠡᠨ ᠪᠠᠢᠭᠤᠯᠤᠯᠲᠠ᠎ᠶ᠋ᠢᠨ ᠢᠨᠵᠧᠨᠧᠷᠢᠩ᠂ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ᠌ ᠢᠨᠵᠧᠨᠧᠷᠢᠩ᠂ ᠵᠥᠷᠢᠴᠡᠯ ᠵᠠᠭᠤᠷᠠᠯᠳᠤᠭᠠᠨ᠎ᠢ ᠤᠯᠠᠨ ᠡᠱᠢᠵᠢᠭᠦᠯᠦᠨ ᠱᠢᠢᠳᠪᠦᠷᠢᠯᠡᠬᠦ᠌ ᠢᠨᠵᠧᠨᠧᠷᠢᠩ᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠢᠨᠵᠧᠨᠧᠷᠢᠩ᠂ ᠬᠤᠳᠠ ᠬᠥᠳᠡᠭᠡ᠎ᠶ᠋ᠢᠨ ᠬᠥᠮᠦᠰ᠎ᠦᠨ ᠣᠷᠣᠱᠢᠨ ᠰᠠᠭᠤᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠢᠨᠵᠧᠨᠧᠷᠢᠩ᠎ᠢ ᠵᠢᠭᠠᠵᠤ ᠪᠠᠢᠨ᠎ᠠ᠃

ᠭᠤᠷᠪᠠ᠂ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠠᠷᠠᠳ᠎ᠤᠨ ᠠᠮᠢᠳᠤᠷᠠᠯ᠎ᠤᠨ ᠦᠢᠯᠡᠰ᠎ᠢ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠭᠣᠣᠯ ᠭᠠᠷᠳᠠᠴᠠ ᠪᠣᠯᠭᠠᠬᠤ᠎ᠶ᠋ᠢ ᠪᠠᠷᠢᠮᠲᠠᠯᠠᠨ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠯ ᠪᠦᠷᠢ ᠨᠢᠭᠡ ᠪᠦᠯᠦᠭ ᠭᠣᠣᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠬᠡᠷᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ᠂ ᠠᠷᠠᠳ᠎ᠤᠨ ᠰᠠᠨᠠᠭ᠎ᠠ᠎ᠳᠤ ᠨᠡᠢᠴᠡᠭᠦᠯᠦᠨ ᠪᠣᠳᠠᠲᠤ ᠶᠠᠪᠤᠳᠠᠯ᠎ᠢ ᠡᠷᠬᠢᠮᠯᠡᠬᠦ᠌ ᠠᠷᠭ᠎ᠠ ᠬᠡᠮᠵᠢᠶ᠎ᠡ᠂ ᠵᠢᠵᠢᠭ ᠰᠠᠵᠢᠭ ᠵᠦᠢᠯ᠎ᠢᠶᠠᠷ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠪᠠᠢᠩᠭᠤᠵᠢᠭᠤᠯᠤᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠣᠷᠣᠱᠢᠵᠤ ᠪᠠᠢᠭ᠎ᠠ ᠲᠤᠳᠠᠭᠤᠳᠠᠯ ᠪᠠᠭᠤᠷᠠᠢ ᠲᠠᠯ᠎ᠠ᠎ᠶᠢ ᠰᠠᠢᠳᠤᠷ ᠰᠢᠢᠳᠪᠤᠷᠢᠯᠡᠵᠤ᠂ ᠠᠷᠠᠳ ᠲᠦᠮᠡᠨ᠎ᠳᠦ ᠪᠤᠳᠠᠳᠠᠢ ᠬᠦᠷᠳᠡᠮᠵᠢ᠎ᠶᠢᠨ ᠲᠦᠷᠦᠭᠳᠡᠯ ᠤᠯᠭᠤᠨ᠎ᠠ᠃

ᠳᠥᠷᠪᠡ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠪᠡᠨ ᠴᠢᠩᠭᠠᠳᠭᠠᠵᠤ᠂ ᠠᠵᠢᠯ᠎ᠤᠨ ᠲᠥᠰᠦᠯ᠎ᠢᠶᠡᠨ ᠬᠦᠷᠢᠶ᠎ᠡ ᠴᠠᠷᠠᠭ᠎ᠠ ᠬᠤᠪᠢᠶᠠᠨ ᠲᠣᠭ᠍ᠲᠠᠭᠠᠵᠤ᠂ ᠲᠦᠷᠦᠭᠦᠯᠡᠨ ᠬᠢᠬᠦ᠌ ᠰᠠᠯᠠᠭ᠎ᠠ ᠮᠥᠴᠢᠷ ᠪᠠ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠨ᠂ ᠨᠢᠭᠡᠳᠦᠯᠲᠡᠶ ᠲᠦᠯᠦᠪᠵᠢᠬᠦᠯᠤᠨ ᠵᠣᠬᠢᠴᠠᠭᠤᠯᠬᠤ ᠪᠠ ᠠᠬᠢᠭᠤᠯᠤᠨ ᠨᠠᠢᠳᠠᠪᠤᠷᠢᠵᠢᠭᠤᠯᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠠᠵᠢᠯ᠎ᠤᠨ ᠲᠣᠬᠢᠷᠠᠭᠤᠯᠤᠯᠲᠠ ᠪᠠ ᠬᠢᠨᠡᠨ ᠵᠢᠯᠣᠭᠣᠳᠭᠤ᠎ᠪᠠᠨ ᠴᠢᠩᠭᠠᠳᠭᠠᠨ᠂ ᠠᠬᠢᠭᠤᠯᠬᠤ ᠶᠠᠪᠤᠴᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠬᠡᠷᠡᠭ᠎ᠦᠨ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠶ᠋ᠢ ᠪᠠᠳᠤᠯᠡᠬᠤ ᠭᠡᠷᠡᠭᠲᠡᠢ᠃

ᠲᠠᠪᠤ᠂ ᠥᠪᠡᠷᠲᠡᠭᠡᠨ ᠵᠠᠰᠠᠬᠤ ᠣᠷᠤ᠋ᠨ᠎ᠤ ᠠᠷᠠᠳ᠎ᠤᠨ ᠵᠠᠰᠠᠭ᠎ᠤᠨ ᠤᠷᠳᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠦᠨ ᠪᠡᠯᠡ ᠮᠥᠩᠭᠥ᠎ᠶ᠋ᠢ ᠤᠨ᠎ᠤ ᠲᠥᠰᠦᠪ᠎ᠲᠡᠬᠡᠨ ᠣᠷᠣᠭᠤᠯᠵᠤ ᠡᠩ ᠲᠡᠷᠢᠭᠦᠨ᠎ᠳᠦ ᠪᠠᠲᠤᠯᠠᠬᠤ ᠭᠡᠷᠡᠭᠲᠡᠢ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠎ᠦᠳ ᠬᠠᠮᠵᠢᠯᠴᠠᠭ᠎ᠠ᠎ᠪᠠᠨ ᠴᠢᠩᠭᠠᠳᠭᠠᠨ᠂ ᠢᠵᠢ ᠲᠦᠬᠦᠷ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠲᠡᠭᠦᠯᠳᠡᠷᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠣᠯᠤᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠢ ᠴᠢᠩᠭᠠᠳᠬᠠᠬᠤ ᠭᠡᠷᠡᠭᠲᠡᠢ᠃

ᠵᠢᠷᠭᠤᠭ᠎ᠠ᠂ ᠠᠷᠠᠳ᠎ᠤᠨ ᠠᠮᠢᠳᠤᠷᠠᠯ᠎ᠤᠨ ᠪᠤᠳᠠᠳᠤ ᠶᠠᠪᠤᠳᠠᠯ᠎ᠤᠨ ᠲᠦᠷᠦᠯ ᠵᠦᠢᠯ᠎ᠢ ᠴᠤᠬᠯᠠᠭᠤᠯᠬᠤ᠎ᠳᠦ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠦᠢᠯᠡᠳᠤᠯᠭᠡᠵᠢᠬᠦᠯᠵᠤ᠂ ᠤᠯᠠᠨ ᠠᠷᠭ᠎ᠠ ᠵᠠᠮ᠎ᠢᠶᠠᠷ ᠠᠷᠠᠳ ᠲᠦᠮᠡᠨ᠎ᠶᠢᠨ ᠰᠠᠨᠠᠯ ᠪᠠ ᠰᠠᠨᠠᠭᠤᠯᠭ᠎ᠠ᠎ᠶᠢ ᠰᠤᠨᠤᠰᠴᠤ᠂ 《ᠬᠤᠶᠠᠷ ᠲᠦᠯᠦᠭᠡᠯᠡᠭᠴᠢ ᠨᠢᠭᠡ ᠭᠡᠰᠢᠬᠦᠨ》᠎ᠤ ᠦᠢᠯᠡᠳᠤᠯ᠎ᠢ ᠬᠦᠢᠴᠡᠳ ᠪᠠᠳᠠᠷᠠᠭᠤᠯᠵᠤ᠂ ᠦᠷᠭᠡᠨ ᠲᠡᠯᠭᠡᠷ᠎ᠢᠶᠠᠷ ᠠᠷᠠᠳ᠎ᠤᠨ ᠰᠠᠨᠠᠯ᠎ᠢ ᠰᠤᠨᠤᠰᠴᠤ᠂ ᠠᠷᠠᠳ᠎ᠤᠨ ᠤᠶᠤᠨ ᠤᠬᠠᠭᠠᠨ᠎ᠢ ᠬᠤᠷᠠᠮᠳᠤᠭᠤᠯᠬᠤ ᠭᠡᠷᠡᠭᠲᠡᠢ᠃

ᠳᠣᠯᠣᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠡᠭᠦᠷᠭᠡ ᠴᠢᠳᠠᠪᠤᠷᠢ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠦᠷᠭᠦᠯᠵᠢᠯᠡᠨ ᠯᠠᠪᠳᠠᠭᠤᠨ᠎ᠢᠶᠠᠷ ᠠᠬᠢᠭᠤᠯᠬᠤ᠎ᠶᠢ ᠳᠡᠮᠵᠢᠨ ᠪᠠᠲᠤᠯᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠠᠤᠯᠢ ᠲᠣᠭᠲᠠᠭᠠᠬᠤ᠂ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠢ ᠴᠢᠩᠭᠠᠳᠬᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠦᠨ ᠬᠡᠷᠡᠭᠵᠢᠭᠦᠯᠦᠯᠲᠡ᠎ᠳᠦ ᠮᠥᠷᠳᠡᠨ ᠬᠢᠨᠠᠯᠲᠠ ᠲᠠᠯᠪᠢᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠬᠡᠷᠡᠭᠵᠢᠭᠦᠯᠦᠭᠰᠡᠨ ᠪᠠᠢᠳᠠᠯ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠬᠦ᠎ᠶᠢᠨ ᠬᠠᠮᠲᠤ᠂ ᠬᠠᠨᠤᠮᠵᠢ᠎ᠶᠢᠨ ᠬᠡᠮᠵᠢᠶ᠎ᠡ᠎ᠶᠢ ᠬᠡᠮᠵᠢᠨ ᠲᠣᠭᠲᠠᠭᠠᠬᠤ᠎ᠶᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢ ᠳ᠋ᠤᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠰᠢᠯᠵᠢᠭᠦᠯᠦᠨ ᠲᠤᠰᠢᠶᠠᠵᠤ ᠰᠤᠳᠤᠯᠤᠨ ᠰᠢᠢᠳᠪᠦᠷᠢᠯᠡᠭᠦᠯᠬᠦ ᠬᠡᠷᠡᠭᠳᠡᠢ᠃

ᠨᠠᠢ᠍ᠮᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠪᠠᠢᠭᠤᠯᠭ᠎ᠠ᠂ ᠰᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ᠎ᠨᠤᠭᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠬᠡᠷᠡᠭᠵᠢᠭᠦᠯᠬᠦ᠎ᠳᠦ ᠬᠠᠤᠯᠢ᠎ᠪᠠᠷ ᠵᠠᠰᠠᠬᠤ ᠰᠠᠢᠨ ᠰᠠᠢᠬᠠᠨ ᠣᠷᠴᠢᠨ ᠨᠦᠭᠦᠴᠡᠯ᠎ᠢ ᠪᠣᠶ ᠪᠣᠯᠭᠠᠬᠤ ᠬᠡᠷᠡᠭᠲᠡᠢ᠃ ᠬᠢᠨᠠᠨ ᠪᠠᠢᠴᠠᠭᠠᠬᠤ ᠪᠠᠢᠭᠤᠯᠭ᠎ᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ᠎ᠪᠠᠨ ᠴᠢᠩᠭᠠᠳᠬᠠᠬᠤ ᠬᠡᠷᠡᠭᠲᠡᠢ᠃ ᠠᠷᠠᠳ᠎ᠤᠨ ᠰᠢᠭᠦᠬᠦ ᠬᠣᠷᠢᠶ᠎ᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠢ ᠰᠢᠭᠦᠨ ᠰᠢᠢᠳᠪᠦᠷᠢᠯᠡᠵᠦ᠂ ᠡᠯ᠎ᠡ ᠲᠦᠷᠦᠯ᠎ᠦᠨ ᠵᠥᠷᠢᠴᠡᠯ ᠵᠠᠭᠤᠷᠠᠯᠳᠤᠭᠠᠨ᠎ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠠᠷᠠᠳ᠎ᠤᠨ ᠪᠠᠢᠴᠠᠭᠠᠬᠤ ᠬᠣᠷᠢᠶ᠎ᠠ 《ᠲᠦᠷᠪᠡᠨ ᠶᠡᠬᠡ ᠪᠠᠢᠴᠠᠭᠠᠯᠲᠠ》᠎ᠶᠢᠨ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠠᠮᠢ ᠪᠡᠶ᠎ᠡ᠎ᠶᠢᠨ ᠠᠰᠢᠭ᠋ ᠲᠤᠰᠠ᠎ᠶᠢ ᠨᠥᠯᠥᠭᠡᠯᠡᠵᠦ ᠪᠠᠢᠭ᠎ᠠ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠬᠤ ᠬᠡᠷᠡᠭᠲᠡᠢ᠃

ᠶᠢᠰᠦ᠂ ᠪᠥᠬᠥ ᠨᠡᠢᠭᠡᠮ᠎ᠢᠶᠡᠷ᠎ᠢᠶᠡᠨ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠳᠦ ᠬᠠᠮᠲᠤ᠎ᠪᠡᠷ ᠣᠷᠣᠯᠴᠠᠬᠤ᠎ᠶᠢ ᠥᠷᠭᠡᠨ᠎ᠢᠶᠡᠷ ᠤᠬᠠᠭᠤᠯᠤᠨ ᠳᠠᠶ᠋ᠢᠴᠢᠯᠠᠵᠤ᠂ ᠵᠠᠬ᠎ᠠ ᠳᠡᠯᠭᠡᠭᠦᠷ ᠪᠠ ᠨᠡᠢᠭᠡᠮ᠎ᠦᠨ ᠬᠦᠴᠦᠨ᠎ᠦ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠨᠡᠮᠡᠭᠳᠡᠭᠦᠯᠬᠦ᠎ᠶᠢ ᠢᠳᠡᠪᠬᠢᠲᠡᠢ᠎ᠪᠡᠷ ᠵᠣᠷᠢᠭ᠍ᠵᠢᠭᠤᠯᠤᠨ ᠬᠥᠲᠥᠯᠥᠨ ᠵᠢᠯᠤᠭᠣᠳᠴᠤ᠂ ᠣᠯᠠᠨ ᠲᠠᠯ᠎ᠠ᠎ᠶᠢᠨ ᠬᠢᠨ ᠣᠷᠣᠯᠴᠠᠭᠰᠠᠨ᠂ ᠬᠠᠮᠵᠢᠯᠴᠠᠨ ᠠᠬᠢᠭᠤᠯᠤᠭᠰᠠᠨ ᠠᠵᠢᠯ᠎ᠤᠨ ᠪᠠᠢᠷᠢᠰᠢᠯ᠎ᠢ ᠪᠣᠶ ᠪᠣᠯᠭᠠᠬᠤ ᠬᠡᠷᠡᠭᠳᠡᠢ᠃ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠦᠨ ᠨᠡᠢᠲᠡᠯᠢᠭ ᠠᠷᠭ᠎ᠠ ᠬᠢᠳᠡᠯ ᠪᠠ ᠰᠢᠨ᠎ᠡ᠎ᠶᠢ ᠡᠭᠦᠳᠬᠦ ᠦᠢᠯᠡᠳᠦᠯᠭᠡ᠎ᠶᠢ ᠶᠡᠬᠡ᠎ᠪᠠᠷ ᠤᠬᠠᠭᠤᠯᠤᠨ ᠳᠡᠯᠭᠡᠷᠡᠭᠦᠯᠵᠦ᠂ ᠶᠠᠷᠢᠶ᠎ᠠ ᠬᠡᠯᠡᠯᠴᠡᠭᠡᠨ᠎ᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠳᠡᠢ᠃

ᠠᠷᠪᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠯ᠎ᠡ ᠠᠢᠮᠠᠭ᠎ᠤᠨ ᠠᠵᠢᠯ᠎ᠤᠨ ᠬᠣᠷᠢᠶ᠎ᠠ ᠪᠣᠯᠣᠨ ᠲᠣᠭᠣᠷᠢᠭ᠋᠎ᠪᠠᠢᠭᠤᠯᠤᠭᠰᠠᠨ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ᠎ᠲᠠᠢ᠎ᠪᠠᠨ ᠤᠶᠠᠯᠳᠤᠭᠤᠯᠤᠨ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠬᠡᠷᠡᠭᠵᠢᠭᠦᠯᠬᠦ᠎ᠶᠢ ᠠᠬᠢᠭᠤᠯᠬᠤ ᠬᠡᠷᠡᠭᠳᠡᠢ᠃

ᠲᠤᠰ ᠲᠣᠭᠲᠠᠭᠠᠯ᠎ᠢ ᠨᠡᠢᠲᠡᠯᠡᠭᠰᠡᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ