ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠦᠵᠡᠯ ᠰᠠᠨᠠᠭᠠᠨ ᠤ᠋ ᠵᠠᠯᠠᠭᠤᠷ ᠢ᠋ ᠪᠠᠳᠤ ᠡᠵᠡᠮᠳᠡᠨ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠦᠨ ᠴᠢᠳᠠᠯ᠎ᠢᠶᠠᠨ ᠨᠡᠮᠡᠷᠢᠯᠡᠨ᠎ᠠ
ᠨᠡᠶ᠋ᠢᠲᠡᠯᠡᠭᠰᠡᠨ ᠴᠠᠭ᠄ 2026-01-29

— ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ 2025 ᠣᠨ᠎ᠤ ᠠᠵᠢᠯ᠎ᠤᠨ ᠡᠷᠭᠢᠴᠡᠭᠦᠯᠦᠯ (ᠨᠢᠭᠡ)

  ᠲᠦᠮᠡᠨ ᠠᠭᠤᠯᠠ ᠰᠦᠨᠳᠡᠷᠯᠡᠬᠦᠶ᠎ᠠ ᠯᠠᠪᠳᠠᠢ ᠨᠤᠶᠠᠨ ᠤᠷᠬᠢᠯ ᠪᠠᠢᠳᠠᠬ᠃

  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠢᠮᠠᠭ᠍ᠲᠠ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠪᠠᠷ ᠦᠨᠳᠦᠰᠦᠨ ᠤᠯᠤᠰ ᠲᠥᠷᠥ᠎ᠶ᠋ᠢᠨ ᠵᠠᠷᠴᠢᠮ ᠪᠣᠯᠭᠠᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠶᠡᠷᠦᠩᠬᠡᠢᠯᠡᠨ ᠵᠢᠯᠣᠭᠤᠳᠤᠭᠤᠯᠬᠤ ᠶᠡᠷᠦᠩᠬᠡᠶ ᠬᠥᠲᠥᠯᠪᠦᠷᠢ ᠪᠣᠯᠭᠠᠵᠤ᠂ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠦᠨ ᠤᠯᠤᠰ ᠲᠥᠷᠥ᠎ᠶ᠋ᠢᠨ ᠲᠠᠯ᠎ᠠ᠎ᠪᠠᠷ ᠪᠦᠯᠬᠦᠮᠳᠡᠨ ᠬᠠᠮᠲᠤᠷᠠᠯᠴᠠᠬᠤ᠂ ᠦᠵᠡᠯ ᠰᠠᠨᠠᠭᠠᠨ᠎ᠤ ᠲᠠᠯ᠎ᠠ ᠪᠠᠷ ᠬᠠᠮᠲᠤ᠎ᠪᠠᠷ ᠳᠠᠪᠱᠢᠬᠤ᠂ ᠠᠵᠢᠯᠯᠠᠭ᠎ᠠ᠎ᠶ᠋ᠢᠨ ᠲᠠᠯ᠎ᠠ ᠪᠠᠷ ᠠᠯᠬᠤᠮ ᠨᠢᠭᠡᠲᠡᠶ ᠪᠠᠢᠬᠤ᠎ᠶ᠋ᠢ ᠠᠬᠢᠭᠤᠯᠪᠠ᠃

  ᠰᠡᠳᠭᠢᠯ᠎ᠢ ᠨᠢᠭ᠍ᠲᠠᠷᠠᠭᠤᠯᠵᠤ ᠰᠦᠭ ᠰᠦᠨᠡᠰᠦ᠎ᠶ᠋ᠢ ᠱᠤᠭᠤᠪᠠ᠄ ᠤᠨᠤᠯ᠎ᠤᠨ ᠬᠡᠷᠡᠯ ᠬᠢᠯᠪᠠᠭ᠎ᠠ ᠪᠡᠷ ᠤᠷᠤᠭ᠍ᠰᠢᠯᠠᠯᠳᠠ ᠵᠢᠨ ᠵᠠᠮ ᠢ᠋ ᠬᠦᠳᠤᠯᠤᠨ ᠲᠠᠭᠠᠭᠤᠯᠵᠠᠢ

  ᠦᠵᠡᠯ ᠰᠠᠨᠠᠭ᠎ᠠ ᠪᠣᠯ ᠠᠵᠢᠯᠯᠠᠭᠠᠨ᠎ᠤ ᠤᠳᠤᠷᠢᠳᠤᠮᠵᠢ ᠮᠥᠨ᠂ ᠤᠨᠤᠯ ᠪᠣᠯ ᠦᠢᠯᠡᠳᠦᠯᠭᠡ᠎ᠶ᠋ᠢᠨ ᠵᠦᠭ᠌ᠯᠡᠭᠦᠷ ᠮᠥᠨ᠃

  ᠣᠨᠣᠯ ᠴᠢᠩᠭ᠎ᠠ ᠪᠣᠯ ᠰᠠᠶᠢ ᠴᠢᠭ᠌ᠯᠡᠯ ᠲᠣᠳᠣᠷᠬᠠᠶ᠂ ᠰᠡᠳᠭᠢᠯ ᠨᠢᠭᠡᠳᠪᠡᠯ ᠰᠠᠶᠢ ᠢᠲᠡᠭᠡᠯ ᠲᠡᠭᠦᠯᠳᠡᠷ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠨᠠᠮ᠎ᠤᠨ ᠱᠢᠨ᠎ᠡ ᠡᠬᠦᠳᠤᠯᠳᠠ ᠵᠢᠨ ᠣᠨᠣᠯ᠎ᠢᠶᠠᠷ ᠰᠡᠳᠬᠢᠯ᠎ᠢ ᠨᠢᠬᠳᠠᠷᠠᠭᠤᠯᠵᠤ ᠰᠦᠭ ᠰᠦᠨᠡᠰᠤ ᠵᠢ ᠱᠤᠭᠤᠬᠤ ᠵᠢ ᠢᠮᠠᠭ᠍ᠲᠠ ᠪᠠᠷᠢᠮᠲᠠᠯᠠᠵᠤ᠂ ᠦᠵᠡᠯ ᠰᠠᠨᠠᠭ᠎ᠠ᠎ᠪᠠᠨ ᠨᠢᠭᠡᠳᠭᠡᠬᠦ᠌᠎ᠪᠡᠷ ᠡᠷᠡᠮᠡᠭᠡᠢᠯᠡᠨ ᠤᠷᠤᠭ᠍ᠰᠢᠯᠠᠬᠤ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠢᠮᠠᠭ᠍ᠲᠠ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢᠶᠡᠷ ᠲᠠᠰᠤᠷᠠᠯᠲᠠ ᠥᠬᠡᠶ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃

  《ᠲᠤᠰᠢᠶᠠᠯ ᠬᠠᠷᠢᠭᠤᠴᠠᠯᠭ᠎ᠠ ᠪᠡᠨ ᠭᠦᠢᠴᠡᠳᠭᠡᠬᠦ᠌ ᠲᠡᠶ ᠨᠢᠭ᠍ᠲᠠ ᠤᠶᠠᠯᠳᠤᠭᠤᠯᠵᠤ᠂ ᠭᠣᠣᠯᠳᠠᠯᠭ᠎ᠠ᠎ᠶ᠋ᠢᠨ ᠲᠣᠭᠣᠷᠢᠨ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠲᠥᠯᠥᠪᠵᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠮᠠᠨ᠎ᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠭᠣᠣᠯᠳᠠᠯᠭ᠎ᠠ᠎ᠲᠠᠶ ᠡᠭᠦᠷᠭᠡ᠎ᠯᠤᠭᠡ ᠤᠶᠠᠯᠳᠤᠭᠤᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠠ᠎ᠵᠢ ᠨᠠᠷᠢᠨ ᠬᠢᠨᠠᠮᠠᠭᠠᠢ ᠰᠤᠳᠤᠯᠤᠨ ᠰᠦᠪᠡᠭ᠌ᠴᠢᠯᠡᠵᠦ᠍᠂ ᠳᠤᠮᠳᠠᠳᠤ ᠤᠯᠤᠰ᠎ᠤᠨ ᠮᠠᠶᠢᠭ᠎ᠤ᠋ᠨ ᠣᠳᠣᠬᠢᠴᠢᠯᠠᠯᠳᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠨᠡᠮᠡᠷᠢᠯᠡᠬᠦ᠌ ᠬᠡᠷᠡᠭ᠌ᠲᠡᠢ》᠃ 2025 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ ᠦᠳᠲᠡᠷ ᠲᠦᠷᠭᠡᠨ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠪᠠ᠃

  《ᠨᠢᠭᠡᠳᠦᠭᠡᠷ ᠵᠥᠪᠯᠡᠬᠦ᠌ ᠵᠦᠢᠯ》᠎ᠢ᠋ ᠪᠠᠷᠢᠮᠲᠠᠯᠠᠨ ᠰᠤᠷᠤᠯᠴᠠᠯᠭ᠎ᠠ᠎ᠶ᠋ᠢ ᠠᠳᠭᠤᠬᠤ ᠨᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠬᠤᠪᠢᠷᠠᠰᠢ ᠦᠭᠡᠢ ᠤᠯᠤᠰ ᠲᠦᠷᠦ᠍᠎ᠶ᠋ᠢᠨ ᠶᠣᠰᠣ ᠲᠦᠷᠢᠮ ᠪᠣᠯᠵᠠᠢ᠃ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠪᠦᠬᠦ᠌ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠭ᠎ᠠ᠎ᠶ᠋ᠢᠨ ᠺᠠᠳ᠋ᠷᠴᠤᠳ᠎ᠢ ᠪᠦᠷᠬᠦᠭ᠌ᠰᠡᠨ ᠤᠯᠠᠨ ᠲᠡᠰ ᠳᠠᠪᠬᠤᠷᠭ᠎ᠠ᠎ᠶ᠋ᠢᠨ᠂ ᠪᠠᠢ᠌ᠩᠭᠤᠵᠢᠭ᠍ᠰᠠᠨ ᠰᠤᠷᠤᠯᠴᠠᠯᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠠᠶᠠᠯᠠᠯ ᠤ᠋ᠨ ᠴᠠᠮᠬᠠᠬ ᠰᠢᠬ᠎ᠵᠢᠡᠷ ᠴᠢᠭᠯᠡᠯ᠎ᠢ᠋ ᠡᠵᠡᠮᠳᠡᠵᠦ᠂ ᠤᠷᠢᠬᠠᠨ ᠰᠠᠯᠬᠢ ᠱᠢᠭ᠋᠎ᠵᠢᠡᠷ ᠰᠡᠳᠭᠢᠯ᠎ᠢ ᠤᠮᠳᠠᠯᠠᠪᠠ᠃

  ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠂ ᠲᠡᠷᠢᠭᠦᠯᠡᠭ᠌ᠴᠢᠳ᠎ᠦᠨ ᠬᠤᠷᠠᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ᠎ᠵᠢᠨ᠎ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠢ ᠴᠠᠭ ᠲᠤᠬᠠᠶ᠎ᠳᠤᠨᠢ ᠲᠠᠭᠠᠵᠤ ᠰᠤᠷᠤᠯᠴᠠᠨ ᠲᠤᠭᠤᠱᠢᠯᠠᠭᠤᠯᠵᠤ᠂ ᠪᠥᠬᠥ᠌ ᠵᠢᠯ᠎ᠳᠦ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢ 50 ᠤᠳᠠᠭ᠎ᠠ᠂ ᠲᠡᠷᠢᠭᠦᠯᠡᠭ᠌ᠴᠢᠳ᠎ᠦᠨ ᠬᠤᠷᠠᠯ᠎ᠢ 24 ᠤᠳᠠᠭ᠎ᠠ ᠬᠤᠷᠠᠯᠳᠤᠭᠤᠯᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢ 14 ᠤᠳᠠᠭ᠎ᠠ ᠬᠢᠵᠦ᠍᠂ ᠤᠳᠠᠭ᠎ᠠ ᠪᠦᠷᠢ᠎ᠶ᠋ᠢᠨ ᠰᠤᠷᠤᠯᠴᠠᠯᠭ᠎ᠠ᠎ᠨᠢ ᠴᠥᠮ ᠦᠵᠡᠯ ᠰᠠᠨᠠᠭ᠎ᠠ ᠵᠢ ᠳᠠᠬᠢᠨᠳᠠ ᠳᠡᠭᠡᠭ᠌ᠰᠢᠯᠡᠬᠦᠯᠵᠤ᠂ ᠤᠳᠠᠭ᠎ᠠ ᠪᠦᠷᠢ᠎ᠶ᠋ᠢᠨ ᠰᠤᠳᠤᠯᠤᠨ ᠶᠠᠷᠢᠯᠴᠠᠭ᠎ᠠ ᠨᠢ ᠴᠥᠮ ᠬᠠᠮᠲᠤ᠎ᠶ᠋ᠢᠨ ᠲᠠᠨᠢᠯᠲᠠ᠎ᠶ᠋ᠢ ᠳᠠᠬᠢᠨᠲᠠ ᠨᠢᠭ᠍ᠲᠠᠷᠠᠭᠤᠯᠪᠠ᠃

  ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠶᠠᠷᠢᠯᠴᠠᠬᠤ ᠳᠤᠭᠤᠢᠯᠠᠩ 29 ᠤᠳᠠᠭ᠎ᠠ᠎ᠶᠢᠨ ᠤᠯᠠᠨ ᠶᠠᠩᠵᠤ ᠬᠡᠯᠪᠡᠷᠢ᠎ᠶ᠋ᠢᠨ ᠰᠤᠷᠤᠯᠴᠠᠨ ᠦᠢᠯᠡᠳᠦᠯᠭᠡᠵᠢᠭᠦᠯᠬᠦ᠌ ᠠᠵᠢᠯᠯᠠᠭ᠎ᠠ ᠥᠷᠨᠢᠭᠦᠯᠵᠦ᠍᠂ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠬᠤ᠎ᠡᠴᠡ ᠲᠤᠰᠭᠠᠢ ᠮᠡᠷᠭᠡᠵᠢᠯᠲᠡᠨ ᠵᠢᠭᠠᠨ ᠵᠢᠯᠣᠭᠣᠳᠴᠤ᠌ ᠬᠢᠴᠢᠶᠡᠯᠯᠡᠵᠦ᠍ ᠤᠨᠤᠯ᠎ᠤᠨ ᠤᠬᠢ ᠱᠦᠯᠲᠦ᠎ᠶ᠋ᠢ ᠵᠠᠳᠠᠯᠬᠤ ᠬᠦᠷᠲᠡᠯ᠎ᠡ︔ ᠲᠤᠰᠭᠠᠶ ᠰᠡᠳᠦᠪᠲᠦ ᠪᠣᠯᠪᠠᠰᠤᠷᠠᠯ᠎ᠤᠨ ᠱᠢᠰᠲ᠋ᠧᠮ᠎ᠦᠨ᠎ᠬᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠭ᠌ᠰᠡᠨ᠎ᠡᠴᠡ ᠴᠠᠭ ᠦᠶ᠎ᠡ᠎ᠶ᠋ᠢᠨ ᠠᠸ᠋ᠭ᠎ᠠ ᠬᠦᠴᠦᠨ᠎ᠢ ᠲᠤᠬᠠᠶ᠎ᠶ᠋ᠢᠨ ᠭᠠᠵᠠᠷ᠎ᠲᠤᠨᠢ ᠦᠵᠡᠭᠦᠯᠦᠨ ᠤᠬᠠᠭᠤᠯᠤᠭ᠍ᠰᠠᠨ ᠬᠦᠷᠲᠡᠯ᠎ᠡ᠂ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠎ᠶ᠋ᠢᠨ ᠺᠠᠳ᠋ᠷ ᠦᠷᠭᠦᠯᠵᠢᠯᠡᠨ ᠭᠦᠨᠵᠡᠭᠡᠶ ᠰᠤᠷᠤᠯᠴᠠᠬᠤ ᠳᠤᠮᠳᠠ᠂ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》᠎ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠪᠡ᠃

  ᠲᠦᠷᠢᠮ᠎ᠦᠨ ᠰᠠᠭᠤᠷᠢ᠎ᠶ᠋ᠢ ᠪᠡᠬᠢᠵᠢᠭᠦᠯᠪᠠ᠄ ᠨᠠᠮ᠎ᠤᠨ ᠤᠳᠤᠷᠢᠳᠤᠯᠭ᠎ᠠ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠵᠠᠢ

  《ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠠᠵᠢᠯ᠎ᠢ ᠬᠠᠮᠢᠭ᠎ᠠ ᠬᠦᠷᠲᠡᠯ᠎ᠡ ᠠᠬᠢᠭᠤᠯᠪᠠᠯ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠲᠡᠨᠳᠡ ᠬᠦᠷᠲᠡᠯ᠎ᠡ ᠭᠦᠢᠴᠡᠳᠭᠡᠨ᠎ᠡ》᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠮᠤᠭ᠎ᠤᠨ ᠤᠬᠠᠮᠰᠠᠷᠲᠤ ᠠᠵᠢᠯᠯᠠᠭ᠎ᠠ᠂ ᠬᠠᠮᠤᠭ᠎ᠤᠨ ᠴᠢᠩᠭ᠎ᠠ ᠬᠦᠴᠦᠲᠡᠢ ᠳᠠᠭᠤᠨ ᠪᠣᠯᠤᠨ᠎ᠠ᠃

  ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ ᠤᠬᠠᠮᠰᠠᠷ᠎ᠡᠴᠡ᠎ᠪᠠᠨ ᠡᠯ᠎ᠡ ᠵᠦᠢᠯ᠎ᠦᠨ ᠠᠵᠢᠯ᠎ᠢᠶᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠲᠠᠯᠪᠢᠵᠤ᠂ ᠢᠮᠠᠭ᠍ᠲᠠ ᠶᠡᠬᠡ ᠲᠠᠯ᠎ᠠ᠎ᠡᠴᠡ ᠪᠣᠳᠣᠯᠬᠢᠯᠠᠵᠤ᠂ ᠶᠡᠬᠡ ᠲᠠᠯ᠎ᠠ᠎ᠡᠴᠡ ᠲᠥᠯᠥᠪᠵᠢᠭᠦᠯᠵᠦ᠍᠂ ᠶᠡᠬᠡ ᠲᠠᠯ᠎ᠠ᠎ᠡᠴᠡ ᠬᠥᠳᠡᠯᠦᠯᠴᠡᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠢᠮᠠᠭ᠍ᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠦᠵᠡᠯ ᠰᠠᠨᠠᠭ᠎ᠠ᠎ᠲᠠᠶ ᠰᠡᠳᠭᠢᠯ ᠨᠢᠭᠡᠳᠴᠦ᠍᠂ ᠬᠠᠷᠠᠯᠲᠠ ᠴᠢᠭᠯᠡᠯ ᠨᠡᠢᠯᠡᠵᠦ᠂ ᠠᠵᠢᠯᠯᠠᠭ᠎ᠠ ᠢᠵᠢᠯᠢ ᠠᠯᠬᠤᠮ᠎ᠲᠠᠶ ᠪᠠᠢᠬᠤ᠎ᠶ᠋ᠢ ᠦᠨᠡᠨ᠎ᠬᠦ ᠪᠠᠲᠤᠯᠠᠪᠠ᠃

  ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠤᠬᠠᠮᠰᠠᠷ᠎ᠡᠴᠡ᠎ᠪᠠᠨ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠡᠯ᠎ᠡ ᠲᠠᠯ᠎ᠠ ᠪᠥᠬᠥ᠌ ᠶᠠᠪᠤᠴᠠ᠎ᠳᠤ ᠲᠤᠭᠤᠱᠢᠯᠠᠭᠤᠯᠪᠠ᠃ ᠨᠠᠮ᠎ᠤᠨ ᠭᠣᠣᠯ ᠡᠭᠦᠷᠭᠡ᠎ᠲᠡᠶ ᠨᠢᠭ᠍ᠲᠠ ᠤᠶᠠᠯᠳᠤᠭᠤᠯᠤᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠵᠢ ᠨᠢᠬᠡᠳᠬᠡᠨ᠂ ᠦᠭᠡᠷᠡᠴᠢᠯᠡᠯᠲᠡ᠎ᠵᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠤ ᠦᠢᠯᠡᠴᠢᠯᠡᠬᠦ ᠶᠠᠪᠤᠳᠠᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ ᠭᠣᠣᠯ ᠡᠭᠦᠷᠭᠡ ᠪᠣᠯᠭᠠᠵᠤ᠂ ᠨᠠᠮ᠎ᠤᠨ ᠬᠣᠷᠢᠶ᠎ᠠ᠎ᠶᠢᠨ ᠠᠵᠢᠯ᠎ᠢ ᠬᠠᠮᠢᠭ᠎ᠠ ᠬᠦᠷᠲᠡᠯ᠎ᠡ ᠪᠠᠢᠷᠢᠯᠠᠭᠤᠯᠪᠠᠯ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠲᠡᠨᠳᠡ ᠬᠦᠷᠲᠡᠯ᠎ᠡ ᠭᠦᠢᠴᠡᠳᠭᠡᠪᠡ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 34 ᠵᠦᠶ᠋ᠯ᠎ᠦᠨ ᠰᠡᠳᠦᠪ᠎ᠦᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠵᠦ᠍᠂ ᠪᠣᠶ ᠪᠣᠯᠤᠭ᠍ᠰᠠᠨ 27 ᠬᠤᠪᠢ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠨᠢ ᠴᠥᠮ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠤᠳᠤᠷᠢᠳᠤᠯᠭ᠎ᠠ᠎ᠶ᠋ᠢᠨ ᠴᠣᠬᠣᠯᠠᠪᠤᠷᠢ᠎ᠶ᠋ᠢ ᠣᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠣᠶᠤᠨ ᠤᠬᠠᠭᠠᠨ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠭ᠍ᠰᠠᠨ ᠠᠮᠢᠳᠤᠯᠢᠭ ᠦᠶ᠋ᠯᠡᠳᠦᠯᠭᠡ᠎ᠶ᠋ᠢ ᠢᠯᠡᠷᠡᠭᠦᠯᠵᠦ᠍᠂ ᠠᠮᠵᠢᠯᠳᠠ ᠲᠦᠬᠦᠷᠡᠩ 《ᠤᠯᠤᠰ ᠲᠥᠷᠥ᠎ᠶ᠋ᠢᠨ ᠵᠥᠪᠯᠡᠯᠭᠡᠨ᠎ᠦ ᠬᠠᠷᠢᠭᠤᠯᠲᠠ ᠵᠢᠨ ᠬᠠᠭᠤᠳᠠᠰᠤ》᠎ᠵᠢ ᠲᠤᠱᠢᠶᠠᠭ᠍ᠰᠠᠨ ᠪᠠᠢᠨ᠎ᠠ᠃

  ᠵᠢᠭᠠᠪᠤᠷᠢ ᠠᠪᠴᠤ᠌ ᠮᠡᠳᠡᠭᠦᠯᠬᠦ᠌ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠴᠢᠬᠤᠯᠠ ᠠᠵᠢᠯ᠂ ᠴᠢᠬᠤᠯᠠ ᠠᠵᠢᠯᠯᠠᠭ᠎ᠠ᠂ ᠴᠢᠬᠤᠯᠠ ᠪᠢᠴᠢᠭ ᠮᠠᠲ᠋ᠧᠷᠢᠶᠠᠯ ᠵᠡᠷᠭᠡ᠎ᠶ᠋ᠢᠨ ᠲᠤᠬᠠᠢ ᠴᠠᠭ ᠲᠤᠬᠠᠢ᠎ᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠵᠢᠭᠠᠪᠤᠷᠢ ᠠᠪᠴᠤ᠌᠂ ᠠᠯᠢᠪᠠ ᠠᠵᠢᠯ᠎ᠢ ᠤᠯᠤᠰ ᠲᠦᠷᠦ᠍᠎ᠶ᠋ᠢᠨ ᠲᠠᠯ᠎ᠠ᠎ᠡᠴᠡ ᠪᠣᠳᠣᠯᠬᠢᠯᠠᠵᠤ᠂ ᠠᠯᠢᠪᠠ ᠲᠤᠱᠢᠶᠠᠯ ᠬᠠᠷᠢᠭᠤᠴᠠᠯᠭ᠎ᠠ᠎ᠪᠠᠨ ᠶᠡᠬᠡ ᠲᠠᠯ᠎ᠠ᠎ᠵᠢᠨ ᠲᠤᠤᠷ᠎ᠡ ᠭᠦᠢᠴᠡᠳᠭᠡᠬᠦ᠌᠎ᠵᠢ ᠪᠡᠶᠡᠯᠡᠭᠦᠯᠪᠡ᠃

  ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠲᠣᠭ᠍ᠲᠠᠭᠠᠯ᠎ᠡᠴᠡ ᠵᠥᠷᠢᠴᠡᠨ ᠢᠳᠡᠵᠦ᠍ ᠤᠤᠭᠤᠬᠤ᠂ ᠲᠣᠭ᠍ᠲᠠᠭᠠᠯ᠎ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠭᠥᠯᠢᠶᠡᠨ ᠠᠪᠬᠤ᠎ᠶ᠋ᠢ ᠲᠤᠰᠭᠠᠶ ᠴᠡᠭ᠌ᠴᠡᠯᠡᠨ ᠵᠠᠰᠠᠬᠤ᠎ᠲᠠᠶ ᠤᠶᠠᠯᠳᠤᠭᠤᠯᠤᠨ᠂ ᠰᠤᠷᠤᠯᠴᠠᠵᠤ ᠪᠠᠢᠴᠠᠭᠠᠨ ᠵᠠᠯᠠᠷᠠᠭᠤᠯᠵᠤ ᠴᠡᠭᠴᠡᠯᠡᠨ ᠨᠠᠢᠳᠠᠪᠤᠷᠢᠵᠢᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ 《ᠴᠠᠭᠠᠰᠤᠨ ᠳᠡᠭᠡᠷ᠎ᠡ ᠪᠢᠴᠢᠭ᠌ᠡᠰᠦᠳᠡᠢ ᠶᠣᠰᠣ ᠲᠦᠷᠢᠮ》᠎ᠢ᠋ 《ᠰᠡᠳᠭᠢᠯ᠎ᠳᠡᠭᠡᠨ ᠬᠠᠳᠠᠩᠱᠢᠭᠤᠯᠤᠭ᠍ᠰᠠᠨ ᠪᠢᠱᠢᠷᠡᠨ ᠵᠢᠷᠦᠬᠡᠱᠢᠶᠡᠯ》᠎ᠪᠣᠯᠭᠠᠨ ᠬᠤᠪᠢᠷᠠᠭᠤᠯᠪᠠ᠃

  ᠲᠦᠷᠢᠮ᠎ᠦᠨ ᠪᠠᠢᠭᠤᠯᠤᠯᠲᠠ᠎ᠡᠴᠡ ᠰᠤᠷᠤᠯᠴᠠᠨ ᠦᠢᠯᠡᠳᠦᠯᠭᠡᠵᠢᠭᠦᠯᠬᠦ᠌ ᠬᠦᠷᠲᠡᠯ᠎ᠡ᠂ ᠵᠣᠬᠢᠶᠠᠨ ᠪᠠᠢᠭᠤᠯᠵᠤ ᠬᠦᠳᠦᠯᠥᠨ ᠳᠠᠭᠠᠭᠤᠯᠬᠤ᠎ᠡᠴᠡ ᠦᠵᠡᠯ ᠰᠠᠨᠠᠭ᠎ᠠ᠎ᠶ᠋ᠢ ᠨᠢᠭ᠍ᠲᠠᠷᠠᠭᠤᠯᠬᠤ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢᠨ ᠪᠠᠢᠭᠤᠯᠤᠯ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠢᠲᠡᠭᠡᠯ ᠪᠢᠱᠢᠷᠡᠯ᠎ᠦᠨ ᠰᠠᠭᠤᠷᠢ᠎ᠶ᠋ᠢ ᠰᠤᠷᠤᠯᠴᠠᠬᠤ ᠰᠡᠳᠭᠢᠬᠦ᠌ ᠦᠢᠯᠡᠳᠦᠯᠭᠡᠵᠢᠭᠦᠯᠬᠦ᠌ ᠣᠢᠯᠠᠭᠠᠬᠤ ᠳᠤᠮᠳᠠ ᠤᠯᠠᠮ ᠪᠠᠲᠤᠳᠭᠠᠪᠠ᠃

  ᠨᠠᠮ᠎ᠤᠨ ᠪᠠᠢᠭᠤᠯᠤᠯᠲᠠ᠎ᠪᠠᠷ ᠬᠦᠳᠦᠯᠥᠨ ᠳᠠᠭᠠᠭᠤᠯᠪᠠ᠄ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢᠶᠡᠷ ᠲᠡᠮᠡᠴᠡᠯ᠎ᠦᠨ ᠵᠣᠷᠢᠭ᠎ᠢ ᠨᠢᠭ᠍ᠲᠠᠷᠠᠭᠤᠯᠵᠠᠢ

  ᠤᠯᠤᠰ ᠲᠦᠷᠦ᠍᠎ᠶ᠋ᠢᠨ ᠵᠥᠪᠯᠡᠯᠭᠡᠨ ᠨᠢ ᠨᠠᠮ᠎ᠤᠨ ᠤᠳᠤᠷᠢᠳᠤᠯᠭ᠎ᠠ ᠳᠣᠣᠷᠠᠬᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠤ ᠬᠤᠪᠢ᠎ᠳᠤ᠂ ᠭᠠᠭ᠍ᠴᠠ ᠬᠦ᠌ ᠨᠠᠮ᠎ᠤᠨ ᠪᠠᠢᠭᠤᠯᠤᠯᠲᠠ ᠬᠦᠴᠦᠷᠬᠡᠭ᠌ᠵᠢᠪᠡᠯ ᠰᠠᠶᠢ ᠰᠤᠷᠲᠠᠯ ᠴᠢᠩᠭ᠎ᠠ ᠪᠠᠢᠵᠤ ᠴᠢᠳᠠᠨ᠎ᠠ᠂ ᠭᠠᠭ᠍ᠴᠠ ᠬᠦ᠌ ᠰᠤᠷᠲᠠᠯ ᠴᠢᠩᠭ᠎ᠠ ᠪᠠᠢᠪᠠᠯ ᠰᠠᠶᠢ ᠬᠥᠮᠦᠨ᠎ᠢ ᠨᠥᠯᠥᠭᠡᠯᠡᠵᠦ᠍᠂ ᠬᠥᠮᠦᠨ᠎ᠢ ᠨᠢᠭ᠍ᠲᠠᠷᠠᠭᠤᠯᠵᠤ᠂ ᠬᠥᠮᠦᠨ᠎ᠢ ᠪᠦᠯᠬᠦᠮᠳᠡᠭᠦᠯᠵᠦ᠍ ᠴᠢᠳᠠᠨ᠎ᠠ᠃

  《ᠨᠠᠮ᠎ᠤᠨ ᠪᠠᠢᠭᠤᠯᠤᠯᠲᠠ᠎ᠶ᠋ᠢ ᠰᠠᠢᠲᠤᠷ ᠠᠳᠭᠤᠬᠤ ᠪᠣᠯ ᠬᠠᠮᠤᠭ᠎ᠤᠨ ᠶᠡᠬᠡ ᠠᠵᠢᠯ᠎ᠤᠨ ᠪᠦᠲᠦᠮᠵᠢ ᠮᠥᠨ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠤᠯᠤᠰ ᠲᠥᠷᠥ᠎ᠶ᠋ᠢᠨ ᠵᠥᠪᠯᠡᠯᠭᠡᠨ᠎ᠦ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠯᠦᠭᠡ ᠵᠡᠷᠭᠡ᠎ᠪᠡᠷ ᠲᠥᠯᠥᠪᠵᠢᠭᠦᠯᠬᠦ᠌᠂ ᠵᠡᠷᠭᠡ᠎ᠪᠡᠷ ᠪᠠᠢᠷᠢᠯᠠᠭᠤᠯᠬᠤ᠂ ᠵᠡᠷᠭᠡ᠎ᠪᠡᠷ ᠠᠬᠢᠭᠤᠯᠬᠤ᠎ᠶ᠋ᠢ ᠪᠠᠷᠢᠮᠲᠠᠯᠠᠵᠤ᠂ ᠭᠦᠨᠵᠡᠭᠡᠶ ᠠᠭᠤᠰᠤᠯᠴᠠᠭᠤᠯᠬᠤ᠂ ᠬᠠᠷᠢᠯᠴᠠᠨ ᠠᠬᠢᠭᠤᠯᠬᠤ᠎ᠶ᠋ᠢ ᠪᠡᠶᠡᠯᠡᠭᠦᠯᠪᠡ᠃

  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠨᠢ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠡᠴᠡ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠂ ᠡᠯ᠎ᠡ ᠲᠤᠰᠭᠠᠶ ᠵᠦᠪᠯᠡᠯ᠎ᠤᠨ ᠨᠠᠮ᠎ᠤᠨ ᠬᠤᠪᠢᠶᠠᠷᠢ ᠤᠳᠤᠷᠢᠳᠭᠤ ᠳᠤᠭᠤᠢᠯᠠᠩ ᠬᠦᠷᠲᠡᠯ᠎ᠡ᠂ ᠳᠠᠬᠢᠭᠠᠳ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ ᠪᠣᠯᠤᠨ ᠡᠯ᠎ᠡ ᠨᠠᠮ᠎ᠤᠨ ᠡᠭᠦᠷ᠎ᠦᠨ ᠵᠣᠬᠢᠶᠠᠨ ᠪᠠᠢᠭᠤᠯᠤᠯᠲᠠ᠎ᠶ᠋ᠢᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠳᠡᠭᠡᠷ᠎ᠠ ᠳᠤᠤᠷ᠎ᠠ ᠱᠠᠲᠤ ᠨᠡᠪᠲᠡᠷᠡᠯᠴᠡᠭ᠌ᠰᠡᠨ᠂ ᠬᠡᠷᠡᠭ᠌ᠵᠢᠭᠦᠯᠦᠯᠲᠡ ᠬᠦᠴᠦᠲᠡᠶ᠂ ᠠᠵᠢᠯᠯᠠᠭ᠎ᠠ ᠤᠷᠤᠭ᠍ᠰᠢᠲᠠᠶ ᠨᠢᠭ᠍ᠲᠠ ᠴᠢᠩᠭ᠎ᠠ ᠱᠢᠰᠲ᠋ᠧᠮ᠎ᠢ ᠪᠦᠷᠢᠯᠳᠦᠭᠦᠯᠵᠡᠶ᠃ ᠡᠯ᠎ᠡ ᠲᠤᠰᠭᠠᠶ ᠵᠦᠪᠯᠡᠯ᠎ᠤᠨ ᠨᠠᠮ᠎ᠤᠨ ᠬᠤᠪᠢᠶᠠᠷᠢ ᠤᠳᠤᠷᠢᠳᠭᠤ ᠳᠤᠭᠤᠢᠯᠠᠩ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠦᠶ᠋ᠯᠡᠳᠦᠯᠭᠡ᠎ᠶ᠋ᠢᠨ ᠳᠤᠮᠳᠠᠬᠢ ᠤᠯᠤᠰ ᠲᠥᠷᠥ᠎ᠶ᠋ᠢᠨ ᠬᠥᠲᠥᠯᠥᠨ ᠳᠠᠭᠠᠭᠤᠯᠬᠤ ᠪᠠ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢᠶᠡᠨ ᠦᠨᠡᠨ ᠬᠦ᠌ ᠪᠠᠳᠠᠷᠠᠭᠤᠯᠬᠤ᠎ᠶ᠋ᠢ ᠠᠬᠢᠭᠤᠯᠵᠤ᠂ ᠪᠠᠢᠴᠠᠭᠠᠨ ᠦᠵᠡᠵᠦ᠍ ᠱᠢᠨᠵᠢᠯᠡᠨ ᠪᠠᠢᠴᠠᠭᠠᠬᠤ᠂ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠬᠢᠬᠦ᠌᠂ ᠲᠥᠪᠯᠡᠷᠡᠭᠦᠯᠦᠨ ᠰᠤᠷᠤᠯᠴᠠᠬᠤ ᠵᠡᠷᠭᠡ ᠠᠵᠢᠯᠯᠠᠭ᠎ᠠ ᠳᠤᠮᠳᠠ᠂ ᠲᠦᠷ ᠴᠠᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠠᠮᠢᠳᠤᠯᠢᠭ᠎ᠢᠶᠠᠷ ᠪᠠᠢᠭᠤᠯᠵᠤ᠂ ᠨᠠᠮ᠎ᠤᠨ ᠲᠣᠭ᠎ᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠵᠤ᠂ 《ᠭᠡᠱᠢᠭᠦᠨ ᠬᠠᠮᠢᠭ᠎ᠠ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠪᠡᠯ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠡᠨᠳᠡ ᠬᠦᠷᠲᠡᠯ᠎ᠡ ᠪᠠᠢᠭᠤᠯᠵᠤ᠂ ᠨᠠᠮ᠎ᠤᠨ ᠠᠵᠢᠯ᠎ᠢ ᠲᠡᠨᠳᠡ ᠬᠦᠷᠲᠡᠯ᠎ᠡ ᠥᠷᠨᠢᠭᠦᠯᠬᠦ》᠎ᠵᠢ ᠪᠡᠶᠡᠯᠡᠭᠦᠯᠪᠡ᠃

  ᠨᠠᠮ᠎ᠤᠨ ᠭᠡᠱᠢᠭᠦᠨ ᠪᠣᠯ ᠨᠠᠮ᠎ᠤᠨ ᠪᠡᠶ᠎ᠡ ᠴᠣᠭ᠍ᠴᠠ᠎ᠶ᠋ᠢᠨ ᠡᠰ ᠮᠥᠨ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠨᠠᠮ᠎ᠤᠨ ᠭᠡᠱᠢᠭᠦᠨ ᠪᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ᠎ᠤ 《ᠳᠠᠪᠬᠤᠷ ᠬᠠᠮᠢᠶᠠᠷᠤᠯᠲᠠ》᠎ᠶ᠋ᠢ ᠴᠢᠩᠭᠠᠳᠭᠠᠵᠤ᠂ ᠨᠠᠮ᠎ᠤᠨ ᠭᠡᠱᠢᠭᠦᠨ ᠡᠯᠰᠡᠬᠦ᠌ ᠪᠣᠭᠣᠮᠲᠠ᠎ᠶ᠋ᠢ ᠴᠢᠩᠭ᠎ᠠ ᠰᠠᠬᠢᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠪᠥᠬᠥ᠌ ᠵᠢᠯ᠎ᠳᠦ ᠡᠯ᠎ᠡ ᠨᠠᠮ᠎ᠤᠨ ᠡᠭᠦᠷ ᠡᠯ᠎ᠡ ᠲᠥᠷᠥᠯ᠎ᠦᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ 600 ᠭᠠᠷᠤᠶ ᠤᠳᠠᠭ᠎ᠠ ᠥᠷᠨᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠳᠠᠢᠴᠢᠨ ᠴᠢᠨᠠᠷ᠎ᠢ ᠲᠠᠰᠤᠷᠠᠯᠲᠠ ᠥᠬᠡᠶ ᠴᠢᠩᠭᠠᠳᠭᠠᠵᠤ᠂ ᠪᠥᠬᠥ᠌ ᠨᠠᠮ᠎ᠤᠨ ᠭᠡᠱᠢᠭᠦᠨ᠎ᠦ ᠬᠠᠷᠢᠶᠠᠯᠠᠭ᠍ᠳᠠᠬᠤ ᠰᠡᠳᠭᠢᠯᠭᠡ᠂ ᠢᠷᠠᠭᠤ ᠠᠯᠳᠠᠷᠲᠤ ᠰᠡᠳᠭᠢᠯᠭᠡ ᠪᠠ ᠡᠭᠦᠷᠭᠡᠲᠦ ᠰᠡᠳᠭᠢᠯᠭᠡ᠎ᠶ᠋ᠢ ᠬᠥᠭ᠌ᠵᠢᠭᠡᠵᠦ᠍᠂ ᠬᠣᠱᠢᠭᠤᠴᠢ ᠵᠢᠱ᠌ᠢᠶᠡᠴᠢ ᠦᠶ᠋ᠯᠡᠳᠦᠯ᠎ᠢ ᠥᠪᠡᠷ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠭᠢᠯᠠᠯᠵᠠᠭᠤᠯᠪᠠ᠃

  ᠦᠨᠭᠭᠡᠷᠡᠭᠰᠡᠨ ᠤᠨ ᠰᠠᠷ᠎ᠠ ᠳ᠋ᠤ ᠭᠡᠷᠡᠯ ᠰᠠᠴᠤᠷᠠᠨᠭᠭᠤᠢ ᠠᠮᠵᠢᠯᠲᠠ ᠵᠢ ᠪᠢᠴᠢᠭᠯᠡᠪᠡ᠂ ᠦᠷᠭᠦᠯᠵᠢᠯᠡᠨ ᠴᠢᠷᠮᠠᠢᠵᠤ ᠨᠡᠩ ᠦᠨᠳᠦᠷ ᠠᠮᠵᠢᠯᠳᠠ ᠭᠠᠷᠭᠠᠨ᠎ᠠ᠃

  ᠱᠢᠨ᠎ᠡ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠡᠭᠦᠷᠢᠳᠡ ᠦᠯᠦ᠍ ᠬᠤᠢᠷᠭᠤᠰᠢᠬᠤ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ᠎ᠳᠤ ᠨᠡᠩ ᠬᠡᠷᠡᠭ᠌ᠴᠡᠭᠡ᠎ᠲᠡᠶ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠳᠤ ᠨᠡᠩ ᠪᠦᠲᠦᠮᠵᠢᠲᠡᠢ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠳᠤ ᠨᠡᠩ ᠬᠦᠴᠦᠲᠡᠢ ᠪᠠᠢᠬᠤ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃

 

ᠢᠷᠡᠯᠲᠡ᠄    