— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠲᠠᠪᠤᠨᠲᠠ ᠥᠭᠦᠯᠡᠬᠦ᠌ ᠨᠢ
ᠤᠴᠢᠷ ᠶᠤᠰᠤᠨ ᠨᠢ ᠮᠠᠰᠢ ᠤᠢᠯᠠᠭᠠᠮᠵᠢᠳᠠᠢ ᠪᠤᠯᠪᠠᠴᠤ ᠦᠨᠡᠨ ᠪᠤᠳᠠᠳᠠᠢ ᠬᠢᠬᠦ ᠨᠢ ᠴᠢᠬᠤᠯᠠ; ᠬᠠᠷᠠᠯᠲᠠ ᠪᠡᠨ ᠲᠣᠳᠣᠷᠬᠠᠶ ᠲᠤᠭᠳᠠᠭᠠᠪᠠ᠂ ᠵᠠᠩᠬᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠤᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠱᠢᠨ᠎ᠡ ᠭᠠᠷᠤᠭ᠎ᠠ᠎ᠳᠤ ᠰᠠᠭᠤᠷᠢᠯᠠᠵᠤ᠂ ᠱᠢᠨ᠎ᠡ ᠠᠤᠭ᠎ᠠ ᠵᠢᠷᠤᠭ ᠲᠥᠰᠦᠪ᠎ᠢ ᠵᠢᠷᠤᠭ᠍ᠯᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠳᠦ ᠭᠤᠤᠯ ᠱᠢᠪᠲᠤᠯᠤᠯᠲᠠ᠎ᠶ᠋ᠢᠨ ᠴᠢᠭ᠌ᠯᠡᠯ᠎ᠢ ᠲᠣᠳᠣᠷᠬᠠᠢᠯᠠᠵᠤ᠂ ᠦᠶ᠋ᠯᠡᠳᠦᠯᠭᠡ᠎ᠶ᠋ᠢᠨ ᠠᠷᠭ᠎ᠠ ᠵᠠᠮ᠎ᠢ ᠵᠢᠭᠠᠵᠡᠶ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠰᠡᠳᠭᠢᠯᠭᠡ᠎ᠪᠡᠷ ᠯᠠᠪᠳᠠᠭᠤᠨ ᠪᠠᠲᠤᠲᠠᠶ ᠠᠵᠢᠯᠯᠠᠵᠤ᠂ ᠦᠷᠭᠦᠯᠵᠢᠯᠡᠨ ᠬᠦᠴᠦᠯᠡᠵᠦ᠍᠂ ᠡᠯ᠎ᠡ ᠵᠦᠶ᠋ᠯ᠎ᠦᠨ ᠠᠵᠢᠯ᠎ᠢ ᠨᠠᠷᠢᠯᠢᠭ ᠪᠣᠳᠠᠲᠠᠶ ᠠᠳᠭᠤᠵᠤ᠂ ᠦᠷ᠎ᠡ ᠪᠦᠲᠦᠮᠵᠢ ᠭᠠᠷᠭᠠᠬᠤ ᠬᠡᠷᠡᠭ᠌ᠲᠡᠶ᠃
ᠲᠠᠨᠢᠯᠳᠠ ᠬᠡᠳᠦᠢ ᠲᠤᠳᠤᠷᠬᠠᠢ ᠪᠤᠯᠬᠤ ᠲᠤᠰᠤᠮ ᠠᠵᠢᠯᠯᠠᠭ᠎ᠠ ᠲᠡᠳᠦᠢ ᠰᠢᠭᠤᠳᠤᠮᠠᠭᠠᠢ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠨᠢ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠭᠦᠨᠵᠡᠭᠡᠢ ᠬᠤᠷᠢᠶᠠᠨᠭᠭᠤᠢᠯᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠠᠳᠤᠴᠢ ᠴᠢᠨᠠᠷᠲᠠᠢ ᠣᠨᠴᠠᠯᠢᠭ᠎ᠢ ᠭᠦᠨᠵᠡᠭᠡᠢ ᠳ᠋ᠦᠩᠨᠡᠵᠦ᠍᠂ ᠥᠪᠥᠷ ᠮᠣᠩᠭᠣᠯ᠎ᠤᠨ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠷᠭ᠎ᠠ ᠵᠠᠮ᠎ᠢ ᠨᠡᠩ ᠲᠣᠳᠣᠷᠬᠠᠢ ᠪᠣᠯᠭᠠᠵᠤ᠂ ᠭᠠᠷᠳᠠᠴᠠ᠎ᠶᠢ ᠨᠡᠩ ᠢᠯᠡ ᠲᠤᠳᠤ ᠪᠣᠯᠭᠠᠵᠠᠢ᠃ ᠨᠠᠢᠳᠠᠪᠤᠷᠢᠵᠢᠭᠤᠯᠤᠯᠲᠠ᠎ᠶ᠋ᠢ ᠲᠡᠷᠡ ᠶᠣᠰᠣᠭᠠᠷ ᠨᠢ ᠠᠳᠭᠤᠬᠤ᠎ᠳᠤ᠂ ᠡᠩ ᠲᠡᠷᠢᠭᠦᠨ᠎ᠳᠦ ᠭᠦᠨᠵᠡᠭᠡᠢ ᠰᠤᠷᠤᠯᠴᠠᠨ ᠣᠢᠯᠠᠭᠠᠬᠤ ᠳᠡᠭᠡᠷ᠎ᠡ ᠬᠦᠴᠦ᠍ ᠲᠠᠯᠪᠢᠵᠤ᠂ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠲᠡᠭᠦᠨ᠎ᠳᠦ ᠠᠭᠤᠯᠤᠭ᠍ᠳᠠᠵᠤ ᠪᠠᠢᠭ᠎ᠠ ᠴᠢᠬᠤᠯᠠ ᠶᠡᠬᠡ ᠤᠯᠤᠰ ᠲᠦᠷᠦ᠍᠎ᠶ᠋ᠢᠨ ᠠᠴᠢ ᠬᠣᠯᠪᠣᠭ᠍ᠳᠠᠯ᠂ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠢᠴᠡᠳ ᠲᠠᠨᠢᠵᠤ᠂ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠢᠯᠠᠭᠠᠵᠤ᠂ ᠵᠣᠷᠢᠭ ᠰᠠᠨᠠᠭ᠎ᠠ᠎ᠶ᠋ᠢ ᠨᠡᠪᠲᠡᠷᠬᠡᠢ ᠡᠵᠡᠮᠱᠢᠵᠦ᠍᠂ ᠪᠣᠳᠠᠲᠠᠢ ᠪᠠᠢᠳᠠᠯ᠎ᠢ ᠡᠵᠡᠮᠱᠢᠭ᠌ᠰᠡᠨᠦ ᠰᠠᠭᠤᠷᠢᠨ ᠳᠡᠭᠡᠷ᠎ᠡ᠂ ᠳᠣᠲᠣᠭᠠᠳᠤᠴᠢᠯᠠᠬᠤ᠂ ᠭᠦᠨᠵᠡᠭᠡᠢᠷᠡᠭᠦᠯᠬᠦ᠌ ᠪᠠ ᠤᠯᠠᠷᠢᠭᠤᠯᠬᠤ ᠠᠵᠢᠯ᠎ᠢ ᠰᠠᠢᠲᠤᠷ ᠬᠢᠵᠦ᠍᠂ ᠱᠢᠨ᠎ᠡ ᠠᠷᠭ᠎ᠠ ᠬᠡᠮᠵᠢᠶ᠎ᠡ᠎ᠶ᠋ᠢ ᠰᠠᠨᠠᠭᠠᠴᠢᠯᠠᠭ᠎ᠠ᠎ᠡᠴᠡ᠎ᠪᠠᠨ ᠬᠠᠢᠨ ᠰᠦᠪᠡᠭ᠌ᠴᠢᠯᠡᠵᠦ᠍᠂ ᠱᠢᠨ᠎ᠡ ᠵᠠᠮᠨᠡᠭᠡᠭᠡᠵᠦ᠍᠂ ᠱᠢᠨ᠎ᠡ ᠠᠮᠵᠢᠯᠲᠠ ᠪᠦᠲᠦᠮᠵᠢ ᠤᠯᠬᠤ ᠬᠡᠷᠡᠭ᠌ᠲᠡᠢ᠃
ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠨᠢ 《ᠡᠬᠢᠯᠡᠬᠦ᠌ ᠳᠠᠷᠤᠪᠴᠢ᠎ᠶ᠋ᠢ ᠳᠠᠷᠤᠴᠢᠬᠠᠭᠠᠳ ᠦᠷ᠎ᠡ ᠳ᠋ᠦᠩ ᠢ᠋ ᠬᠦᠯᠢᠶᠡᠬᠦ》 ᠲᠠᠢᠮᠤ ᠬᠢᠯᠪᠠᠷ ᠶᠠᠪᠤᠳᠠᠯ ᠪᠢᠰᠢ᠂ ᠪᠠᠰᠠ 《ᠲᠡᠷᠬᠡᠨ᠎ᠳᠤ ᠬᠦᠯᠦᠭᠰᠡᠨ ᠱᠠᠷᠮᠡᠲᠦ ᠬᠠᠷ᠎ᠠ ᠬᠦᠴᠦ᠍᠎ᠪᠡᠷ᠎ᠢᠶᠡᠨ ᠵᠢᠳᠬᠦᠭᠡᠳ》 ᠪᠠᠢᠵᠦ ᠪᠤᠯᠬᠤ ᠦᠭᠡᠢ᠂ ᠵᠠᠩᠭᠢᠯᠠᠭ᠎ᠠ ᠨᠢ ᠱᠢᠨᠵᠢᠯᠡᠬᠦ᠌ ᠤᠬᠠᠭᠠᠨᠴᠢ ᠠᠵᠢᠯ᠎ᠤᠨ ᠠᠷᠭ᠎ᠠ ᠪᠠᠷᠢᠯ᠎ᠳᠤ ᠲᠦᠱᠢᠭ᠌ᠯᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠬᠦᠴᠦᠨ᠎ᠢᠶᠡᠷ ᠨᠠᠢᠳᠠᠪᠤᠷᠢᠵᠢᠭᠤᠯᠬᠤ᠎ᠳᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠵᠤ᠂ ᠠᠵᠢᠯ᠎ᠤᠨ ᠬᠠᠮᠤᠭ᠎ᠤᠨ ᠲᠣᠪᠣᠢᠮ᠎ᠠ ᠪᠣᠭᠣᠮᠢ᠂ ᠬᠥᠭ᠌ᠵᠢᠯᠲᠡ᠎ᠶ᠋ᠢᠨ ᠬᠠᠮᠤᠭ᠎ᠤᠨ ᠬᠡᠪᠡᠷᠡᠭ ᠳᠤᠲᠠᠭᠤᠳᠠᠯ᠂ ᠣᠯᠠᠨ ᠲᠦᠮᠡᠨ᠎ᠦ ᠬᠠᠮᠤᠭ᠎ᠤᠨ ᠬᠦᠰᠡᠵᠦ᠍ ᠪᠠᠢᠭ᠎ᠠ ᠠᠱᠢᠭ ᠲᠤᠰᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠳᠠᠭᠤ ᠲᠠᠢ ᠨᠢ ᠬᠠᠯᠳᠠᠵᠦ ᠪᠣᠳᠠᠲᠠᠶ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ; ᠱᠢᠰᠲ᠋ᠧᠮᠲᠦ ᠰᠡᠳᠭᠢᠬᠦᠢ᠎ᠶ᠋ᠢ ᠪᠠᠷᠢᠮᠲᠠᠯᠠᠵᠤ᠂ ᠡᠯ᠎ᠡ ᠵᠦᠢᠯ᠎ᠦᠨ ᠠᠵᠢᠯ᠎ᠤᠨ ᠬᠣᠭᠣᠷᠣᠨᠳᠣᠬᠢ ᠳᠣᠲᠣᠭᠠᠳᠤ ᠬᠠᠷᠢᠯᠴᠠᠭ᠎ᠠ᠎ᠶ᠋ᠢ ᠭᠦᠨᠵᠡᠭᠡᠢ ᠡᠵᠡᠮᠳᠡᠵᠦ᠍᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭᠠᠳᠭᠠᠵᠤ᠂ ᠭᠠᠭ᠍ᠴᠠᠭᠠᠷ᠎ᠢᠶᠠᠨ ᠭᠡᠨᠡᠨ ᠵᠢᠡᠷ ᠲᠠᠭᠠᠷᠢᠯᠳᠠ ᠬᠢᠬᠦ᠌᠂ ᠨᠢᠭᠡ᠎ᠶ᠋ᠢ ᠨᠢ ᠠᠪᠤᠭᠠᠳ ᠨᠦᠬᠦᠭᠡ᠎ᠶ᠋ᠢ ᠨᠢ ᠠᠯᠳᠠᠬᠤ᠎ᠡᠴᠡ ᠰᠡᠷᠭᠡᠢᠯᠡᠬᠦ᠌ ᠬᠡᠷᠡᠭ᠌ᠲᠡᠢ; ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ᠂ ᠬᠠᠨᠳᠤᠰᠢᠳᠤᠨᠢ ᠲᠤᠬᠢᠷᠠᠭᠤᠯᠤᠨ ᠴᠢᠳᠠᠮᠠᠭᠠᠢ ᠵᠢᠯᠣᠭᠣᠳᠴᠤ᠌᠂ ᠶᠡᠬᠡ ᠲᠠᠯ᠎ᠠ᠎ᠶᠢᠨ ᠳᠤᠮᠳᠠ ᠠᠵᠢᠯᠯᠠᠵᠦ᠂ ᠵᠠᠩᠭᠢᠯᠠᠭ᠎ᠠ᠎ᠶ᠋ᠢᠨ ᠲᠠᠯ᠎ᠠ᠎ᠡᠴᠡ ᠬᠦᠴᠦᠯᠡᠵᠦ᠍᠂ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠬᠡᠮᠵᠢᠶ᠎ᠡ᠎ᠪᠡᠨ ᠤᠯᠠᠮ ᠨᠠᠷᠢᠯᠢᠬ᠍ᠵᠢᠭᠤᠯᠤᠨ᠂ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠵᠢᠪᠬᠤᠭ᠎ᠠ ᠲᠡᠭᠦᠯᠳᠡᠷ ᠣᠪᠣᠷ ᠪᠠᠢᠳᠠᠯ᠎ᠢᠶᠠᠷ ᠬᠥᠭ᠌ᠵᠢᠯᠲᠡ᠎ᠶ᠋ᠢᠨ ᠪᠤᠤᠬᠢᠶ᠎ᠠ ᠤᠷᠤᠯᠳᠤᠭᠠᠨ᠎ᠢ ᠰᠠᠢᠲᠤᠷ ᠭᠦᠶᠦᠵᠦ᠍᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ᠎ᠪᠠᠷ 《ᠠᠷᠪᠠᠨ ᠲᠠᠪᠤᠳᠤᠭᠠᠷ ᠲᠠᠪᠤᠨ ᠵᠢᠯ》᠎ᠤᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ᠃
ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠳᠤ ᠺᠠᠳ᠋ᠷ ᠪᠣᠯ ᠵᠠᠩᠭᠢᠯᠠᠭ᠎ᠠ ᠮᠥᠨ᠃ ᠥᠪᠥᠷ ᠮᠣᠩᠭᠣᠯ᠎ᠤᠨ ᠺᠠᠳ᠋ᠷ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠰᠡᠳᠭᠢᠯᠭᠡ᠎ᠲᠡᠶ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠴᠢᠬᠤᠯᠠ ᠶᠡᠬᠡ ᠠᠮᠵᠢᠯᠲᠠ ᠪᠦᠲᠦᠮᠵᠢ ᠣᠯᠤᠭ᠍ᠰᠠᠨ ᠨᠢ ᠥᠷᠭᠡᠨ ᠤᠯᠠᠨ ᠺᠠᠳ᠋ᠷ᠎ᠤᠨ ᠢᠳᠡᠪᠬᠢᠲᠡᠢ ᠵᠢᠳᠬᠦᠯ ᠴᠢᠷᠮᠠᠢᠯᠭ᠎ᠠ᠎ᠲᠠᠶ ᠨᠢᠭ᠍ᠲᠠ ᠬᠣᠯᠪᠣᠭ᠎ᠠ᠎ᠲᠠᠶ ᠶᠤᠮ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ᠂ ᠥᠷᠭᠡᠨ ᠣᠯᠠᠨ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠡᠨᠡ ᠬᠦ᠌ ᠶᠡᠷᠦᠩᠬᠡᠶ ᠭᠠᠷᠳᠠᠴᠠ᠎ᠵᠢ ᠴᠢᠩᠭ᠎ᠠ ᠠᠳᠭᠤᠵᠤ᠂ ᠪᠤᠳᠠᠳᠠᠢ ᠠᠵᠢᠯᠯᠠᠬᠤ᠎ᠶᠢ ᠲᠡᠷᠢᠬᠦᠨ᠎ᠳᠤ ᠲᠠᠯᠪᠢᠵᠦ᠂ ᠦᠷᠭᠦᠯᠵᠢᠯᠡᠨ ᠲᠡᠮᠡᠴᠡᠬᠦ᠌᠎ᠶ᠋ᠢ ᠨᠡᠩ ᠢᠯᠡᠭᠦᠦ ᠱᠠᠭᠠᠷᠳᠠᠵᠤ ᠪᠠᠢᠨ᠎ᠠ᠃ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠢᠮᠠᠭ᠍ᠲᠠ ᠪᠠᠲᠤᠯᠠᠵᠤ᠂ ᠢᠳᠡᠪᠬᠢᠲᠡᠢ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠵᠢᠯ᠎ᠤᠨ ᠪᠠᠢᠷᠢᠨ᠎ᠳᠠᠭᠠᠨ ᠪᠠᠢᠵᠤ᠂ ᠵᠠᠰᠠᠭ᠎ᠤᠨ ᠶᠠᠪᠤᠳᠠᠯ᠎ᠢ ᠲᠥᠯᠥᠪᠵᠢᠭᠦᠯᠦᠨ᠂ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠰᠡᠳᠭᠢᠮᠵᠢ᠎ᠪᠡᠨ ᠥᠷᠭᠡᠳᠭᠡᠨ᠂ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠠᠷᠰᠢ ᠰᠠᠭᠠᠳ᠎ᠢ ᠲᠠᠪᠠᠬᠤ ᠬᠡᠷᠡᠭ᠌ᠲᠡᠢ᠃ ᠵᠦᠪ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠵᠢᠮ᠎ᠡ ᠶᠣᠰᠣ᠎ᠶ᠋ᠢ ᠬᠦᠨᠳᠦᠳᠭᠡᠨ᠂ ᠡᠯ᠎ᠡ ᠵᠦᠶ᠋ᠯ᠎ᠦᠨ ᠠᠵᠢᠯ᠎ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠳᠦ ᠬᠠᠷᠢᠭᠤᠴᠠᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠪᠤᠶᠠᠨ ᠦᠶ᠋ᠯᠡᠳᠬᠦ᠌ ᠬᠡᠷᠡᠭ᠌ᠲᠡᠶ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠣᠳᠠᠲᠠᠢ᠎ᠶ᠋ᠢ ᠡᠷᠬᠢᠮᠯᠡᠬᠦ᠌᠂ ᠪᠣᠳᠠᠲᠠᠢ᠎ᠶ᠋ᠢ ᠬᠦᠭᠡᠭᠡᠴᠡᠯᠳᠦᠬᠦ᠌᠂ ᠯᠠᠪᠳᠠᠭᠤᠨ ᠪᠠᠲᠤᠲᠠᠢ ᠰᠤᠷᠲᠠᠯ᠎ᠢ ᠬᠦᠮᠦᠵᠢᠭᠦᠯᠵᠦ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠢ᠃
ᠱᠢᠨ᠎ᠡ ᠵᠢᠯ᠂ ᠱᠢᠨ᠎ᠡ ᠬᠠᠷᠠᠯᠲᠠ᠂ ᠱᠢᠨ᠎ᠡ ᠠᠵᠠ ᠲᠣᠬᠢᠶᠠᠯ᠂ ᠱᠢᠨ᠎ᠡ ᠱᠢᠯᠭᠠᠯᠲᠠ᠎ᠶ᠋ᠢᠨ ᠲᠠᠯᠠᠪᠠᠢ᠎ᠳᠤ ᠬᠡᠷᠬᠢᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠬᠤ ᠪᠤᠢ? ᠳᠠᠷᠤᠢ 《ᠠᠵᠢᠯᠯᠠᠬᠤ》 ᠪᠤᠯᠤᠨ᠎ᠠ᠂ ᠡᠨᠡ ᠨᠢ ᠠᠷᠭ᠎ᠠ ᠵᠠᠮ ᠪᠣᠯᠬᠤ ᠪᠥᠭᠡᠳ ᠠᠮᠠᠯᠠᠯᠲᠠ᠂ ᠨᠡᠩ ᠴᠤ᠌ ᠬᠠᠷᠢᠭᠤᠯᠲᠠ ᠮᠦᠨ᠃ ᠡᠷᠴᠢ ᠵᠣᠷᠢᠭ᠎ᠢᠶᠠᠨ ᠬᠥᠪᠴᠢᠯᠡᠨ᠂ ᠠᠮᠢᠵᠢᠷᠠᠯ᠎ᠤᠨ ᠬᠦᠴᠦᠨ᠎ᠵᠢᠡᠨ ᠬᠦᠭᠵᠢᠭᠡᠵᠦ᠂ 2026 ᠣᠨ᠎ᠤ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠵᠦ᠍᠂ ᠠᠩᠬᠠᠨ᠎ᠤ ᠠᠯᠬᠤᠮ᠎ᠢ ᠯᠠᠪᠳᠠᠭᠤᠨ ᠠᠯᠬᠤᠵᠦ᠂ ᠠᠤᠭ᠎ᠠ ᠵᠢᠷᠤᠭ ᠲᠥᠯᠥᠪᠯᠡᠭᠡ᠎ᠶ᠋ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠪᠠᠯ ᠪᠢᠳᠡ ᠯᠠᠪᠲᠠᠢ ᠰᠠᠢᠨ ᠦᠷ᠎ᠠ ᠪᠦᠳᠦᠮᠵᠢ ᠭᠠᠷᠭᠠᠵᠦ᠂ ᠦᠨᠳᠦᠷ ᠠᠮᠵᠢᠯᠲᠠ ᠣᠯᠵᠤ ᠴᠢᠳᠠᠨ᠎ᠠ᠃