ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠢᠲᠡᠭᠡᠯ ᠵᠣᠷᠢᠭ᠎ᠢᠶᠠᠨ ᠪᠠᠲᠤᠳᠭᠠᠵᠤ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭᠰᠢᠯᠠᠵᠤ ᠬᠠᠷᠠᠯᠲᠠ᠎ᠡᠭᠦᠷᠭᠡ ᠪᠠᠨ ᠲᠤᠳᠤᠷᠬᠠᠢ ᠲᠤᠬᠲᠠᠭᠠᠵᠤ ᠢᠳᠡᠷᠬᠡᠭ ᠠᠯᠬᠤᠭ᠎ᠠ ᠪᠡᠷ ᠤᠷᠤᠭ᠍ᠰᠢᠯᠠᠨ᠎ᠠ
ᠨᠡᠶ᠋ᠢᠲᠡᠯᠡᠭᠰᠡᠨ ᠴᠠᠭ᠄ 2026-01-05

— 2026 ᠣᠨ᠎ᠤ ᠠᠩᠬᠠᠨ᠎ᠤ ᠠᠵᠢᠯᠯᠠᠬᠤ ᠡᠳᠦᠷ᠎ᠲᠡᠬᠢ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠮᠦᠨ᠎ᠡ ᠹᠷᠣᠨᠲ᠎ᠤᠨ ᠭᠢᠯᠠᠰ ᠬᠤᠷᠤᠮ

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ 1 ᠰᠠᠷ᠎ᠠ᠎ᠶ᠋ᠢᠨ 4 ᠎ᠤ ᠱᠢᠨ᠎ᠡ ᠤᠨ᠎ᠤ ᠠᠩᠬᠠᠨ᠎ᠤ ᠠᠵᠢᠯᠯᠠᠬᠤ ᠡᠳᠦᠷ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠮᠦᠨ᠎ᠡ ᠹᠷᠣᠨᠲ᠎ᠤ᠋ᠨ ᠭᠠᠵᠠᠷ ᠪᠤᠯᠭᠠᠨ᠎ᠳᠤ ᠬᠦᠷ ᠬᠦᠭᠵᠢᠶᠡᠨ ᠪᠢᠯᠬᠠᠨ᠎ᠠ᠃

ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠺᠠᠳ᠋ᠷ ᠤᠯᠠᠨ ᠲᠦᠮᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠷᠠᠯᠲᠠ᠎ᠪᠠᠨ ᠪᠠᠲᠤ ᠡᠵᠡᠮᠳᠡᠵᠦ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃

0 ᠴᠠᠭ᠎ᠲᠤ᠂ ᠳ᠋ᠦᠩ ᠶᠠᠩ᠎ᠭᠤᠸᠠᠩ ᠤᠯᠠᠭᠠᠨᠴᠠᠪ᠎ᠤᠨ ᠰᠠᠭᠤᠷᠢᠨ᠎ᠳᠤ 

5 ᠵᠢᠯ ᠳᠠᠷᠠᠭᠠᠯᠠᠨ 70%᠎ᠶ᠋ᠢᠨ ᠨᠡᠢᠯᠡᠮᠡᠯ ᠨᠡᠮᠡᠭ᠌ᠳᠡᠯ᠎ᠢ ᠪᠠᠲᠤᠯᠠᠪᠠ

1 ᠰᠠᠷ᠎ᠠ᠎ᠶ᠋ᠢᠨ 4 ᠎ᠤ᠋ ᠡᠳᠦᠷ᠎ᠦᠨ 0 ᠴᠠᠭ᠎ᠲᠤ᠂ ᠳ᠋ᠦᠩ ᠶᠠᠩ᠎ᠭᠤᠸᠠᠩ ᠤᠯᠠᠭᠠᠨᠴᠠᠪ᠎ᠤᠨ ᠰᠠᠭᠤᠷᠢᠨ᠎ᠤ ᠬᠢᠮᠢ᠎ᠶᠢᠨ ᠬᠢᠮᠡᠯ ᠢᠯᠲᠠᠰᠤ᠎ᠶᠢᠨ ᠦᠶ᠋ᠯᠡᠳᠪᠦᠷᠢᠯᠡᠯ᠎ᠦᠨ ᠲᠠᠰᠤᠭ᠎ᠲᠤ᠂ ᠮᠠᠰᠢᠨ ᠮᠧᠬᠠᠨᠢᠭ᠎ᠦᠨᠳᠦᠷ ᠬᠤᠷᠳᠤᠴᠠ᠎ᠪᠠᠷ ᠠᠵᠢᠯᠯᠠᠵᠤ᠂ ᠣᠶᠤᠨᠴᠢ ᠦᠶ᠋ᠯᠡᠳᠪᠦᠷᠢᠯᠡᠯ᠎ᠦᠨ ᠱᠤᠭᠤᠮ᠎ᠤᠳ ᠨᠢ ᠲᠡᠷᠢ ᠲᠡᠭ᠌ᠰᠢ ᠵᠢᠭᠰᠠᠵᠤ᠂ ᠮᠥᠩᠭᠥᠨ ᠥᠩᠭᠡ᠎ᠲᠠᠢ ᠬᠢᠮᠢ᠎ᠶᠢᠨ ᠬᠢᠮᠡᠯ ᠢᠯᠲᠠᠰᠤ᠎ᠶᠢ ᠬᠥᠮᠥᠷᠭᠡ᠎ᠲᠡᠢᠰᠢ ᠬᠦᠷᠭᠡᠨ᠎ᠠ ᠁

《ᠪᠢᠳᠡ ᠭᠤᠤᠯᠳᠠᠭᠤ ᠬᠢᠮᠢ᠎ᠶᠢᠨ ᠬᠢᠮᠡᠯ ᠢᠯᠲᠠᠰᠤ᠎ᠶᠢ ᠰᠤᠳᠤᠯᠤᠨ ᠨᠡᠭᠡᠭᠡᠵᠦ᠍ ᠪᠣᠷᠣᠯᠠᠭᠤᠯᠵᠤ ᠪᠠᠢᠨ᠎ᠠ᠂ ᠲᠣᠰ ᠦᠶ᠋ᠯᠡᠳᠬᠦᠨ ᠪᠣᠯ ᠱᠢᠨ᠎ᠡ ᠬᠡᠯᠪᠡᠷᠢ᠎ᠶ᠋ᠢᠨ ᠡᠯᠧᠺᠲ᠋ᠷᠣᠨ ᠴᠢᠳᠠᠮᠵᠢ᠎ᠶ᠋ᠢᠨ ᠲᠤᠰᠭᠠᠶ ᠬᠡᠷᠡᠭ᠌ᠯᠡᠬᠦ᠌ ᠮᠠᠲ᠋ᠧᠷᠢᠶᠠᠯ ᠪᠣᠯᠤᠨ᠎ᠠ》 ᠭᠡᠵᠦ ᠲᠣᠰ ᠰᠠᠭᠤᠷᠢᠨ᠎ᠤ ᠠᠯᠪᠠᠨ ᠬᠡᠷ᠎ᠦᠨ ᠬᠠᠷᠢᠭᠤᠴᠠᠯᠭᠠᠲᠠᠨ ᠵᠠᠩ ᠢᠦᠶ ᠬᠡᠯᠡᠪᠠ᠃

2 ᠴᠠᠭ᠎ᠲᠤ᠂ ᠤᠷᠳᠤᠰ ᠬᠤᠳᠠ᠎ᠶ᠋ᠢᠨ ᠲᠠᠯᠠᠳ ᠬᠣᠱᠢᠭᠤᠨ᠎ᠤ ᠥᠪᠥᠷ ᠮᠣᠩᠭᠣᠯ᠎ᠤᠨ ᠮᠸᠩ ᠲᠠᠢ ᠪᠦᠯᠦᠭ᠌ᠯᠡᠯ ᠬᠢᠵᠠᠭᠠᠷᠲᠤ ᠺᠣᠮᠫᠠᠨᠢ ᠳ᠋ᠤ

ᠢᠯᠴᠢ᠎ᠶ᠋ᠢᠨ ᠴᠠᠬᠢᠯᠭᠠᠨ ᠪᠣᠯᠤᠨ ᠱᠢᠨ᠎ᠡ ᠡᠨᠧᠷᠭᠢ 《ᠬᠠᠮᠲᠤ ᠣᠷᠣᠱᠢᠵᠤ ᠬᠠᠮᠲᠤ ᠬᠦᠭᠵᠢᠨ᠎ᠡ》

ᠥᠷ᠎ᠦᠨ 2 ᠴᠠᠭ᠎ᠲᠤ᠂ ᠥᠪᠥᠷ ᠮᠣᠩᠭᠣᠯ᠎ᠤᠨ ᠮᠧᠩ᠎ᠲᠠᠢ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠢᠯᠴᠢ᠎ᠶ᠋ᠢᠨ ᠴᠠᠬᠢᠯᠭᠠᠨ᠎ᠢ ᠠᠮᠢᠳᠤᠯᠢᠭ᠎ᠢᠶᠡᠷ ᠥᠭᠡᠷᠡᠴᠢᠯᠡᠵᠤ ᠰᠢᠩᠭᠡᠭᠡᠨ ᠠᠪᠬᠤ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠦᠶ᠋ᠯᠡᠳᠪᠦᠷᠢ᠎ᠶ᠋ᠢᠨ ᠲᠣᠭᠣᠷᠢᠭ᠎ᠲᠤ᠂ ᠠᠵᠢᠯᠲᠠᠳ᠎ᠠᠴᠠ ᠶᠠᠭ 68 ᠰᠠᠯᠬᠢᠨ ᠬᠦᠴᠦᠨ᠎ᠢᠶᠡᠷ ᠴᠠᠬᠢᠯᠭᠠᠨ᠎ᠭᠠᠷᠭᠠᠬᠤ ᠮᠠᠱᠢᠨ ᠴᠣᠭ᠍ᠴᠠᠯᠠᠪᠤᠷᠢ᠂ 220kv ᠳᠠᠷᠤᠯᠲᠠ ᠳᠡᠭᠡᠭ᠌ᠰᠢᠯᠡᠭᠦᠯᠬᠦ᠌ ᠥᠷᠲᠡᠭᠡ ᠵᠡᠷᠭᠡ ᠭᠤᠤᠯ ᠲᠥᠬᠥᠭᠡᠷᠦᠮᠵᠢ᠎ᠶ᠋ᠢ ᠲᠣᠭᠣᠷᠢᠨ ᠪᠠᠢᠴᠠᠭᠠᠵᠤ ᠪᠠᠢᠯ᠎ᠠ᠃ 

《2024 ᠣᠨ᠎ᠤ 6 ᠰᠠᠷ᠎ᠠ᠎ᠳᠤ ᠵᠦᠪᠰᠢᠶᠡᠷᠡᠯ ᠤᠯᠤᠭᠰᠠᠨ᠎ᠠᠴᠠ 2025 ᠣᠨ᠎ᠤ 12 ᠰᠠᠷ᠎ᠠ᠎ᠳᠤ ᠠᠱᠢᠭ᠍ᠯᠠᠯᠲᠠ᠎ᠳᠤ ᠤᠷᠤᠭᠰᠠᠨ ᠬᠦᠷᠲᠡᠯ᠎ᠡ᠂ ᠪᠢᠳᠡ ᠮᠠᠰᠢ ᠤᠯᠠᠨ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠪᠡ》 ᠭᠡᠵᠦ ᠲᠣᠰ ᠺᠣᠮᠫᠠᠨᠢ᠎ᠶ᠋ᠢᠨ ᠴᠠᠬᠢᠯᠭᠠᠨ ᠭᠠᠷᠭᠠᠬᠤ ᠠᠵᠢᠯᠯᠠᠭᠠᠨ᠎ᠤ ᠬᠡᠯᠲᠡᠰ᠎ᠦᠨ ᠳᠠᠭᠠᠭᠠᠮᠠᠯ ᠸᠠᠩ ᠷᠦᠢ ᠹᠸᠩ ᠲᠠᠨᠢᠯᠴᠠᠭᠤᠯᠪᠠ᠃

4 ᠴᠠᠭ᠎ᠲᠤ᠂ ᠪᠤᠭᠤᠲᠤ ᠬᠣᠲᠠ᠎ᠶᠢᠨ ᠪᠥᠸᠧ ᠬᠠᠨ ᠰᠢᠨ᠎ᠡ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠲᠥᠷᠥᠯ ᠵᠦᠢᠯ᠎ᠦᠨ ᠲᠤᠬᠠᠢ᠎ᠶᠢᠨ ᠲᠠᠯᠠᠪᠠᠶ ᠳ᠋ᠤ

《ᠲᠣᠮᠣ᠌ ᠬᠡᠯᠪᠡᠷᠢ᠎ᠶᠢᠨ ᠴᠡᠨᠡᠭ ᠬᠠᠳᠠᠭᠠᠯᠠᠭᠴᠢ》 ᠠᠵᠤ ᠠᠬᠤᠢᠯᠠᠯ᠎ᠤᠨ ᠦᠢᠯᠡᠳᠪᠦᠷᠢᠯᠡᠯ ᠪᠠ ᠰᠠᠭᠤᠭᠠᠯᠢ ᠠᠷᠠᠳ᠎ᠤᠨ ᠬᠡᠷᠡᠭᠯᠡᠬᠦ ᠴᠠᠬᠢᠯᠭᠠᠨ᠎ᠳᠦ ᠲᠤᠰᠠᠯᠠᠨ᠎ᠠ

ᠦᠷ᠎ᠤᠨ 4 ᠴᠠᠭ᠎ᠲᠤ᠂ ᠪᠤᠭᠤᠲᠤ ᠬᠤᠳᠠ᠎ᠶᠢᠨ ᠪᠥᠸᠧ ᠬᠠᠨ ᠰᠢᠨ᠎ᠡ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ 40 ᠲᠦᠮᠡᠨ ᠺᠢᠯᠣᠸᠠᠲ / 240 ᠲᠦᠮᠡᠨ ᠺᠢᠯᠣᠸᠠᠲ ᠴᠠᠭ᠎ᠤᠨ ᠴᠠᠬᠢᠯᠭᠠᠨ ᠲᠣᠣᠷ᠎ᠤᠨ ᠬᠠᠵᠠᠭᠤ᠎ᠶᠢᠨ ᠲᠤᠰᠠᠭᠠᠷ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ᠂ ᠲᠥᠬᠦᠭᠡᠷᠦᠮᠵᠢ᠎ᠶᠢᠨ ᠠᠵᠢᠯᠯᠠᠭᠠᠨ᠎ᠤ ᠲᠠᠰᠤᠭ᠎ᠲᠤ ᠵᠢᠭᠠᠯᠲᠠ᠎ᠶᠢᠨ ᠳ᠋ᠧᠩ ᠭᠢᠯᠠᠯᠵᠠᠵᠤ᠂ ᠳᠡᠯᠭᠡᠴᠡ ᠳᠡᠭᠡᠷ᠎ᠡ ᠴᠠᠬᠢᠯᠭᠠᠨ ᠲᠣᠣᠷ᠎ᠤᠨ ᠠᠴᠢᠶᠠᠯᠠᠯ᠎ᠤᠨ ᠮᠤᠷᠤᠢ ᠱᠤᠭᠤᠮ ᠲᠣᠭᠲᠠᠭᠤᠨ᠎ᠢᠶᠠᠷ ᠳᠡᠭᠡᠭᠰᠢᠯᠡᠨ᠎ᠡ᠃

ᠠᠵᠢᠯᠲᠠᠨ ᠵᠣᠣ ᠬᠣᠶ ᠵᠢᠶᠦ᠋ᠨ ᠨᠢᠭᠡ ᠲᠠᠯ᠎ᠠ᠎ᠪᠠᠷ ᠬᠢᠨᠠᠨ ᠡᠵᠡᠮᠳᠡᠯ᠎ᠤᠨ ᠳᠡᠯᠭᠡᠴᠡ᠎ᠶᠢ ᠨᠢᠮᠪᠠᠢ ᠬᠠᠷᠠᠵᠤ᠂ ᠨᠥᠭᠥᠭᠡ ᠲᠠᠯ᠎ᠠ᠎ᠪᠠᠷ ᠲᠣᠬᠢᠷᠠᠭᠤᠯᠭ᠎ᠠ ᠡᠵᠡᠮᠳᠡᠯ᠎ᠦᠨ ᠠᠵᠢᠯ᠎ᠢ ᠦᠳᠲᠡᠷ ᠲᠦᠷᠭᠡᠨ ᠡᠬᠢᠯᠡᠭᠦᠯᠪᠡ᠃ ᠵᠣᠣ ᠬᠣᠶ ᠵᠢᠶᠦ᠋ᠨ᠄ 《ᠮᠠᠨ᠎ᠤ ᠡᠨᠡ ᠬᠦ᠌ ᠰᠢᠰᠲᠧᠮ ᠪᠣᠯ ᠶᠠᠭ ᠨᠢᠭᠡᠨ 〈ᠲᠣᠮᠣ᠌ ᠬᠡᠯᠪᠡᠷᠢ᠎ᠶᠢᠨ ᠴᠡᠨᠡᠭ ᠬᠠᠳᠠᠭᠠᠯᠠᠭᠴᠢ〉 ᠰᠢᠬ ᠪᠠᠢᠵᠤ᠂ ᠵᠠᠩᠭᠢᠯᠠᠭ᠎ᠠ᠎ᠶᠢᠨ ᠦᠶ᠎ᠡ᠎ᠳᠦ ᠴᠠᠬᠢᠯᠭᠠᠨ᠎ᠦ ᠳᠤᠲᠠᠭᠳᠠᠯ᠎ᠢ ᠨᠥᠬᠥᠪᠦᠷᠢᠯᠡᠵᠦ᠂ ᠠᠵᠤ ᠠᠬᠤᠢᠯᠠᠯ᠎ᠤᠨ ᠦᠢᠯᠡᠳᠪᠦᠷᠢᠯᠡᠯ ᠪᠠ ᠰᠠᠭᠤᠭᠠᠯᠢ ᠠᠷᠠᠳ᠎ᠤᠨ ᠬᠡᠷᠡᠭᠯᠡᠬᠦ ᠴᠠᠬᠢᠯᠭᠠᠨ᠎ᠢ ᠲᠠᠰᠤᠯᠳᠠᠭᠤᠯᠬᠤ ᠦᠭᠡᠢ ᠪᠠᠢᠬᠤ᠎ᠶᠢ ᠪᠠᠲᠤᠯᠠᠵᠤ ᠴᠢᠳᠠᠨ᠎ᠠ》 ᠭᠡᠪᠡ᠃

6 ᠴᠠᠭ᠎ᠲᠤ᠂ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠥᠪᠥᠷ ᠮᠣᠩᠭᠣᠯ᠎ᠤᠨ ᠯᠢᠩ ᠱᠧᠩ ᠥᠨᠳᠡᠭᠡᠨ ᠰᠢᠪᠲᠦᠷᠲᠦ ᠬᠦᠴᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ ᠳ᠋ᠤ

ᠪᠦᠬᠦ ᠲᠠᠯ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠬᠢᠴᠠ 90%᠎ᠳᠦ ᠬᠦᠷᠪᠡ

ᠥᠷ᠎ᠤᠨ 6 ᠴᠠᠭ᠎ᠲᠤ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠠᠯᠠᠱᠠ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠤ ᠪᠠᠢᠭ᠎ᠠ ᠥᠪᠥᠷ ᠮᠣᠩᠭᠣᠯ᠎ᠤᠨ ᠯᠢᠩ ᠱᠧᠩ ᠥᠨᠳᠡᠭᠡᠨ ᠰᠢᠪᠲᠦᠷᠲᠦ ᠬᠦᠴᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠵᠢᠯ᠎ᠳᠦ 20 ᠲᠦᠮᠡᠨ ᠲᠣᠨ ᠥᠨᠳᠡᠭᠡᠨ ᠰᠢᠪᠲᠦᠷᠲᠦ ᠬᠦᠴᠢᠯ ᠦᠢᠯᠡᠳᠪᠦᠷᠢᠯᠡᠬᠦ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ᠎ᠳᠤ ᠬᠦᠷᠬᠦ᠎ᠳᠦ᠂ ᠠᠵᠢᠯᠴᠢᠳ ᠶᠠᠭ ᠰᠠᠢᠬᠠᠨ ᠦᠢᠯᠡᠳᠭᠦᠨ᠎ᠦ ᠬᠥᠮᠥᠷᠭᠡ᠎ᠶᠢᠨ ᠭᠣᠣᠯ ᠴᠣᠭᠴᠠ᠎ᠶᠢᠨ ᠪᠦᠲᠦᠴᠡ᠎ᠶᠢ ᠴᠢᠳᠬᠤᠬᠤ᠂ ᠲᠤᠨᠤᠭ ᠲᠥᠬᠦᠭᠡᠷᠦᠮᠵᠢ᠎ᠶᠢ ᠤᠭᠰᠠᠷᠠᠨ ᠲᠤᠷᠰᠢᠬᠤ ᠵᠡᠷᠭᠡ ᠠᠵᠢᠯ᠎ᠢ ᠡᠮᠬᠢ ᠵᠢᠷᠤᠮ᠎ᠲᠠᠢ᠎ᠪᠠᠷ ᠬᠢᠵᠦ ᠪᠠᠢᠯ᠎ᠠ᠃

《ᠲᠦᠷᠦᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 40 ᠳ᠋ᠦᠩᠰᠢᠭᠤᠷ ᠲᠥᠭᠥᠷᠢᠭ᠎ᠲᠦ ᠬᠦᠷᠴᠦ᠂ ᠣᠳᠣᠬᠠᠨ᠎ᠳᠤ ᠪᠦᠬᠦᠯᠢ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢᠨ ᠠᠬᠢᠴᠠ ᠨᠢᠭᠡᠨᠲᠡ 90% ᠎ᠳᠦ ᠬᠦᠷᠴᠡᠢ》 ᠭᠡᠵᠦ ᠲᠤᠰ ᠺᠣᠮᠫᠠᠨᠢ᠎ᠶᠢᠨ ᠲᠦᠷᠦᠯ ᠵᠦᠢᠯ᠎ᠦᠨ ᠬᠠᠷᠢᠭᠤᠴᠠᠯᠭᠠᠲᠠᠨ ᠯᠢᠨ ᠭᠦᠸᠧ ᠲᠤᠤ ᠢᠯᠡᠳᠬᠡᠪᠡ᠃

9 ᠴᠠᠭ᠎ᠲᠤ᠂ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠶᠡᠬᠡ ᠰᠦᠮ᠎ᠡ ᠪᠠᠯᠭᠠᠰᠤᠨ᠎ᠤ ᠬᠥᠩ ᠵᠦ᠍ ᠯᠢᠩ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋ ᠲᠸ᠋

ᠲᠤᠷᠰᠢᠯᠭ᠎ᠠ᠎ᠳᠤ ᠲᠦᠰᠢᠭᠯᠡᠵᠦ ᠪᠠᠢᠭᠰᠠᠨ᠎ᠠᠴᠠ ᠪᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠳᠦ ᠲᠦᠰᠢᠭᠯᠡᠬᠦ ᠪᠤᠯᠵᠠᠢ 

9 ᠴᠠᠭ ᠪᠣᠯᠬᠤ᠎ᠠᠴᠠ ᠡᠮᠦᠨ᠎ᠡ᠂ ᠤᠯᠠᠭᠠᠨᠬᠠᠳᠠ ᠬᠤᠳᠠ᠎ᠶᠢᠨ ᠰᠦᠩᠱᠠᠨ ᠲᠣᠭᠣᠷᠢᠭ᠋᠎ᠤᠨ ᠶᠡᠬᠡ ᠰᠦᠮ᠎ᠡ ᠪᠠᠯᠭᠠᠰᠤ᠎ᠶᠢᠨ ᠬᠠᠨ ᠵᠢᠶᠠ ᠶᠢᠩᠽᠢ ᠲᠣᠰᠬᠣᠨ᠎ᠤ ᠲᠠᠷᠢᠮᠠᠯ᠎ᠤᠨ ᠡᠷᠦᠭᠡ ᠵᠠᠩ ᠴᠢᠩ ᠱᠧᠩ ᠭᠠᠷ ᠤᠲᠠᠰᠤ᠎ᠪᠠᠷ᠎ᠢᠶᠠᠨ ᠳᠡᠭᠡᠷᠡᠬᠢ ᠡᠪᠬᠡᠮᠡᠯ ᠣᠷᠬᠢᠭᠤᠯ᠎ᠢᠶᠠᠨ ᠰᠡᠬᠦᠯ᠎ᠡ᠃ ᠲᠥᠪᠡᠳ ᠬᠠᠰᠢ ᠵᠡᠯ᠎ᠡ ᠳᠦᠭᠦᠷᠡᠩ ᠰᠠᠭᠤᠵᠦ᠂ ᠵᠠᠩ ᠴᠢᠩ ᠱᠧᠩ ᠲᠥᠪᠡᠳ ᠬᠠᠰᠢ᠎ᠶᠢᠨ ᠴᠡᠴᠡᠭ᠎ᠲᠦ ᠲᠣᠭᠣᠰᠣ᠌ ᠬᠦᠷᠲᠡᠭᠡᠨ᠎ᠡ᠃

ᠵᠠᠩ ᠴᠢᠩ ᠱᠧᠩ᠄ 《ᠣᠶᠤᠨᠲᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠮᠠᠰᠢᠨ ᠨᠢ ᠲᠠᠷᠢᠮᠠᠯ᠎ᠤᠨ ᠬᠡᠷᠡᠭᠴᠡᠭᠡ᠎ᠶᠢ ᠦᠨᠳᠦᠰᠦᠯᠡᠨ᠎ᠨᠠᠷᠢᠯᠢᠭ᠋ ᠣᠨᠣᠴᠠᠲᠠᠢ᠎ᠠᠵᠢᠯᠯᠠᠵᠤ᠂ ᠴᠢᠬᠢ᠎ᠶᠢᠨ ᠤᠷᠭᠤᠯᠲᠠ ᠨᠢ ᠵᠢᠭᠳᠡ᠂ ᠡᠪᠡᠳᠴᠢᠨ᠎ᠤ ᠬᠣᠣᠷ ᠬᠥᠨᠥᠭᠡᠯ ᠪᠠᠭ᠎ᠠ ᠪᠠᠢᠳᠠᠭ᠃ ᠬᠦᠭᠰᠢᠨ ᠪᠢᠳᠡ ᠬᠣᠶᠠᠭᠤᠯᠠ 3 ᠬᠦᠯᠡᠮᠵᠢ᠎ᠶᠢ ᠲᠦᠪᠡᠭ ᠦᠭᠡᠢ ᠠᠷᠠᠴᠢᠯᠠᠵᠤ᠂ 1 ᠬᠦᠯᠡᠮᠵᠢ᠎ᠠᠴᠠ ᠵᠢᠯ᠎ᠳᠦ 7 ᠲᠦᠮᠡᠨ ᠲᠥᠭᠥᠷᠢᠭ᠎ᠤᠨ ᠤᠷᠤᠯᠭ᠎ᠠ ᠤᠯᠵᠤ ᠪᠠᠢᠨ᠎ᠠ》 ᠭᠡᠪᠡ᠃

10 ᠴᠠᠭ᠎ᠲᠤ᠂ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠪᠠᠶᠠᠨᠮᠣᠳᠣ᠌ ᠰᠤᠮᠤᠨ ᠳ᠋ᠤ

ᠠᠰᠢᠭ ᠤᠷᠤᠯᠭ᠎ᠠ ᠵᠢᠯ᠎ᠠᠴᠠ ᠵᠢᠯ ᠨᠡᠮᠡᠭᠳᠡᠨ᠎ᠡ

2026 ᠣᠨ᠎ᠤ ᠠᠵᠢᠯ ᠡᠬᠢᠯᠡᠮᠡᠭᠴᠡ᠂ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠪᠠᠶᠠᠨᠮᠤᠳᠤ ᠰᠤᠮᠤ ᠨᠢᠭᠡᠨ ᠰᠠᠢᠨ ᠴᠢᠮᠡᠭᠡ ᠳᠤᠰᠴᠠᠢ — ᠨᠢᠳᠤᠨᠤᠨ ᠬᠠᠪᠤᠷ 1100 ᠮᠥ᠍ 《ᠬᠠᠭᠤᠷᠠᠶ ᠳᠠᠷᠢᠶ᠎ᠠ᠎ᠶᠢ ᠤᠰᠤᠨ ᠳᠠᠷᠢᠶ᠎ᠠ ᠪᠣᠯᠭᠠᠨ ᠥᠭᠡᠷᠡᠴᠢᠯᠡᠬᠰᠡᠨ》 ᠲᠠᠷᠢᠶᠠᠨ ᠭᠠᠵᠠᠷ᠎ᠤᠨ ᠤᠰᠤᠨ ᠲᠤᠲᠤᠷᠭ᠎ᠠ᠎ᠶᠢᠨ ᠤᠨᠠᠯᠳᠠ ᠨᠢ ᠮᠥ᠍ ᠪᠦᠷᠢ᠎ᠳᠡᠭᠡᠨ 1200 ᠵᠢᠩ᠎ᠳᠦ ᠭᠦᠷᠦᠭ᠌ᠰᠡᠨ᠎ᠢᠶᠡᠷ ᠪᠠᠷᠠᠬᠤ ᠥᠬᠡᠶ ᠪᠠᠰᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ ᠵᠠᠬᠢᠶᠠᠯᠠᠭ᠎ᠠ᠎ᠪᠠᠷ ᠳᠡᠮᠵᠢᠨ 2 ᠲᠦᠮᠡᠨ ᠵᠢᠩ ᠠᠮᠢ ᠠᠬᠤᠶ᠎ᠶ᠋ᠢᠨ ᠲᠤᠲᠤᠷᠭ᠎ᠠ᠎ᠶ᠋ᠢ ᠪᠡᠭᠡᠵᠢᠩ ᠳ᠋ᠦ ᠬᠤᠳᠠᠯᠳᠤᠵᠤ᠂ ᠵᠢᠩ᠎ᠳᠡᠭᠡᠨ 6.5 ᠲᠥᠭᠥᠷᠢᠭ ᠬᠦᠷᠴᠡᠶ!

《ᠮᠠᠨ᠎ᠤ ᠰᠤᠮᠤᠨ᠎ᠤ ᠰᠠᠢ᠌ᠨ ᠴᠢᠮᠡᠭᠡ ᠡᠭᠦᠨ᠎ᠢᠶᠡᠷ ᠵᠣᠭ᠍ᠰᠣᠬᠤ ᠦᠭᠡᠢ ᠰᠢᠦ᠂ ᠲᠠ ᠡᠨᠡ ᠬᠤᠵᠢᠷᠯᠢᠭ ᠲᠤᠭᠤᠷᠢᠮ᠎ᠳᠡᠬᠢ ᠠᠯᠠᠭᠠᠨ᠎ᠠ ᠵᠢᠭᠠᠰᠤ᠎ᠶ᠋ᠢ ᠦᠵᠡᠬᠡᠷᠡᠢ!》 ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠳᠤ ᠳᠦᠷ ᠴᠠᠭ ᠳᠡᠳ᠋ ᠬᠤᠰᠢᠭᠤᠨ ᠳᠠᠷᠤᠭ᠎ᠠ᠎ᠶᠢᠨ ᠲᠤᠱᠢᠶᠠᠯ ᠡᠭᠦᠷᠭᠡᠯᠡᠵᠦ᠍ ᠪᠠᠢᠭ᠎ᠠ ᠲᠤᠤ ᠵᠧᠩ ᠯᠢᠶᠠᠩ᠄ 《ᠡᠨᠡ ᠵᠢᠯ᠎ᠦᠨ 9 ᠰᠠᠷ᠎ᠠ᠎ᠳᠦ᠂ ᠮᠥ᠍ ᠪᠦᠷᠢ᠎ᠶᠢᠨ ᠥᠷᠲᠡᠭ ᠪᠠᠷᠤᠭ 2 ᠲᠦᠮᠡᠨ ᠲᠥᠭᠥᠷᠢᠭ᠎ᠢ ᠳᠠᠪᠠᠬᠤ ᠪᠣᠯᠤᠨ᠎ᠠ!》 ᠭᠡᠪᠡ᠃

12 ᠴᠠᠭ᠎ᠲᠤ᠂ ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠤᠨ ᠮᠦᠰᠦ ᠴᠠᠰᠤᠨ᠎ᠤ ᠴᠡᠩᠭᠡᠯ᠎ᠤᠨ ᠬᠦᠷᠢᠶᠡᠯᠡᠩ᠎ᠳᠦ

ᠭᠣᠣᠯ ᠰᠡᠳᠦᠪᠲᠦ ᠮᠥᠰᠥ᠍ ᠴᠠᠰᠤᠨ᠎ᠤ ᠴᠡᠩᠭᠡᠯ᠎ᠦᠨ ᠬᠦᠷᠢᠶᠡᠯᠡᠩ ᠲᠠ ᠨᠠᠷ᠎ᠢ ᠪᠠᠶᠠᠷᠯᠠᠨ ᠤᠭᠳᠤᠨ᠎ᠠ

12 ᠴᠠᠭ᠎ᠲᠤ᠂ ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠲᠤ ᠨᠠᠷᠠ ᠳᠤᠯᠠᠢᠵᠤ᠂ ᠴᠠᠰᠤᠳᠤ ᠶᠢᠷᠳᠢᠨᠴᠤ᠎ᠶᠢᠨ ᠭᠣᠣᠯ ᠰᠡᠳᠦᠪᠲᠦ ᠮᠥᠰᠥ᠍ ᠴᠠᠰᠤᠨ᠎ᠤ ᠴᠡᠩᠭᠡᠯ᠎ᠦᠨ ᠬᠦᠷᠢᠶᠡᠯᠡᠩ᠎ᠳᠦ ᠵᠢᠭᠤᠯᠴᠢᠯᠠᠭᠰᠡᠳ ᠴᠤᠪᠤᠷᠠᠵᠤ᠂ ᠠᠵᠢᠯᠲᠠᠳ ᠮᠠᠰᠢ ᠶᠠᠭᠠᠷᠠᠯᠳᠠᠢ ᠪᠠᠢᠯ᠎ᠠ᠃

ᠬᠠᠢᠯᠠᠷ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠳ᠋ᠧᠩ ᠬᠤᠤ ᠹᠠᠨ᠂ ᠣᠲᠣ ᠪᠣᠯ ᠶᠠᠭ ᠪᠠᠶᠠᠷ ᠳᠤᠷᠠᠰᠭᠠᠯ + ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠬᠠᠮᠤᠭ᠎ᠤᠨ ᠬᠥᠭ᠌ᠵᠢᠶᠡᠨᠲᠡᠶ ᠦᠶ᠎ᠡ ᠮᠥᠨ᠂ ᠴᠡᠩᠬᠡᠯ᠎ᠤᠨ ᠬᠦᠷᠢᠶᠡᠯᠡᠩ ᠨᠠᠶ᠋ᠮᠠᠨ ᠵᠦᠭ᠎ᠠᠴᠠ ᠢᠷᠡᠭ᠌ᠰᠡᠨ ᠵᠣᠴᠢᠳ᠎ᠢ ᠬᠠᠯᠠᠭᠤᠨ᠎ᠢᠶᠠᠷ ᠤᠭ᠍ᠲᠤᠵᠤ ᠪᠠᠢᠨ᠎ᠠ ᠭᠡᠵᠡᠶ᠃

14 ᠴᠠᠭ᠎ᠲᠤ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ᠎ᠲᠠᠶ ᠶᠠᠩ ᠭᠸᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ᠎ᠦ ᠲᠥᠷᠥᠯ ᠵᠦᠶ᠋ᠯ᠎ᠦᠨ ᠠᠬᠤᠶ ᠲᠠᠯᠠᠪᠠᠶ ᠳ᠋ᠤ

ᠬᠠᠮᠢᠶᠠᠷᠤᠯᠲᠠ᠎ᠶ᠋ᠢᠨ ᠠᠵᠢᠯᠲᠠᠳ ᠦᠷᠭᠦᠯᠵᠢᠯᠡᠨ ᠠᠵᠢᠯᠯᠠᠵᠠᠭᠠᠨ᠎ᠠ

ᠤᠯᠤᠰ᠎ᠤᠨ 《ᠤᠰᠤ ᠲᠠᠲᠠᠵᠤ ᠡᠨᠧᠷᠭᠢ ᠬᠠᠳᠠᠭᠠᠯᠠᠬᠤ ᠳᠤᠮᠳᠠ ᠣᠷᠳᠣ ᠬᠤᠭᠤᠴᠠᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ (2021–2035 ᠣᠨ) 》᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》᠎ᠳ᠋ᠤ᠌ ᠭᠤᠤᠯᠳᠠᠯᠭ᠎ᠠ᠎ᠲᠠᠶ ᠬᠡᠷᠡᠭ᠌ᠵᠢᠭᠦᠯᠬᠦ᠌ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠣᠰ ᠴᠠᠬᠢᠯᠭᠠᠨ ᠥᠷᠲᠡᠭᠡ᠎ᠶᠢᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ ᠨᠢ 120 ᠲᠦᠮᠡᠨ ᠺᠢᠯᠦᠸᠠᠲ ᠪᠠᠢᠵᠤ᠂ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ ᠨᠢ ᠵᠢᠱ᠌ᠢᠯᠳᠡ ᠪᠡᠷ 24.12 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠭᠤᠤᠯᠳᠠᠭᠤ ᠴᠠᠬᠢᠯᠭᠠᠨ ᠲᠤᠤᠷ᠎ᠤᠨ ᠣᠷᠭᠢᠯ᠎ᠢ ᠲᠣᠬᠢᠷᠠᠭᠤᠯᠬᠤ᠂ ᠳᠤᠳᠠᠭᠰᠠᠨ ᠬᠡᠮᠵᠢᠶ᠎ᠡ᠎ᠶᠢ ᠨᠦᠬᠦᠪᠦᠷᠢᠯᠡᠬᠦ᠂ ᠡᠨᠧᠷᠭᠢ ᠨᠦᠬᠡᠴᠡᠯᠡᠬᠦ᠂ ᠳᠠᠪᠲᠠᠮᠵᠢ ᠲᠣᠬᠢᠷᠠᠭᠤᠯᠬᠤ᠂ ᠪᠠᠴᠢᠮ ᠡᠨᠳᠡᠯ᠎ᠳᠦ ᠪᠡᠯᠡᠳᠭᠡᠯ ᠬᠠᠩᠭᠠᠬᠤ ᠵᠡᠷᠭᠡ ᠡᠭᠦᠷᠭᠡ᠎ᠶ᠋ᠢ ᠡᠭᠦᠷᠭᠡᠯᠡᠨ᠎ᠡ᠃

16 ᠴᠠᠭ᠎ᠲᠤ᠂ ᠬᠥᠬᠡᠬᠣᠲᠠ᠎ᠶ᠋ᠢᠨ ᠬᠢᠲᠠᠳ ᠮᠤᠩᠭᠤᠯ ᠡᠮᠨᠡᠯᠭᠡ᠎ᠶ᠋ᠢᠨ ᠬᠣᠷᠢᠶ᠎ᠠ ᠳ᠋ᠤ

ᠡᠮᠴᠢᠯᠡᠬᠦ ᠰᠤᠪᠢᠯᠠᠬᠤ ᠠᠵᠢᠯ ᠡᠮᠬᠢ ᠵᠢᠷᠤᠮ ᠲᠠᠢ ᠶᠠᠪᠤᠭᠳᠠᠨ᠎ᠠ

16 ᠴᠠᠭ᠎ᠤᠨ ᠦᠶ᠎ᠡ᠎ᠪᠡᠷ᠂ ᠬᠥᠬᠡᠬᠣᠲᠠ᠎ᠶ᠋ᠢᠨ ᠬᠢᠲᠠᠳ ᠮᠤᠩᠭᠤᠯ ᠡᠮᠨᠡᠯᠭᠡ᠎ᠶ᠋ᠢᠨ ᠬᠤᠷᠢᠶ᠎ᠠ᠎ᠶᠢᠨ ᠡᠮᠴᠢᠯᠡᠭᠡ ᠰᠤᠪᠢᠯᠠᠯᠳᠠ᠎ᠶᠢᠨ ᠲᠦᠪ᠎ᠤᠨ ᠵᠡᠭᠦᠦ ᠳᠦᠭᠡᠨᠡᠯᠭᠡ ᠢᠯᠢᠵᠦ ᠪᠠᠷᠢᠬᠤ ᠰᠠᠯᠠᠭ᠎ᠠ᠎ᠳᠤ ᠰᠤᠷᠪᠤᠯᠵᠢᠯᠠᠭ᠍ᠴᠢ ᠴᠥᠭᠡᠨ ᠪᠤᠰᠤ ᠬᠤᠳᠠ᠎ᠶ᠋ᠢᠨ ᠠᠷᠠᠳ ᠨᠢᠷᠤᠭᠤ ᠰᠡᠭᠡᠷ᠂ ᠬᠦᠵᠦᠭᠦᠦ ᠰᠡᠭᠡᠷ᠎ᠦᠨ ᠡᠪᠡᠳᠴᠢᠨ᠎ᠢᠶᠡᠨ ᠵᠠᠰᠠᠭᠤᠯᠬᠤ ᠪᠡᠷ ᠬᠦᠷᠦᠯᠴᠡᠨ ᠢᠷᠡᠭᠰᠡᠨ᠎ᠢ ᠣᠯᠵᠤ ᠬᠠᠷᠠᠪᠠ᠃

《ᠡᠮᠴᠢᠯᠡᠭᠡ ᠰᠤᠪᠢᠯᠠᠯᠲᠠ᠎ᠶᠢᠨ ᠲᠥᠪ᠎ᠲᠦ ᠡᠮᠴᠢᠯᠡᠭᠡᠨ᠎ᠦ ᠲᠣᠭᠣᠷᠢᠭ᠋ ᠪᠣᠯᠣᠨ ᠨᠠᠰᠤᠵᠢᠯ᠎ᠤᠨ ᠠᠰᠠᠷᠠᠮᠵᠢ᠎ᠶᠢᠨ ᠲᠣᠭᠣᠷᠢᠭ᠋ ᠭᠠᠷᠭᠠᠵᠤ᠂ ᠡᠮᠴᠢᠯᠡᠭᠡᠨ᠎ᠦ ᠲᠣᠭᠣᠷᠢᠭ᠋᠎ᠲᠤ ᠲᠡᠷᠢᠭᠦᠨ᠎ᠦ ᠡᠮᠴᠢᠯᠡᠭᠡᠨ᠎ᠦ ᠲᠥᠬᠦᠭᠡᠷᠦᠮᠵᠢ ᠲᠣᠬᠢᠷᠠᠭᠤᠯᠵᠤ᠂ ᠨᠠᠰᠤᠵᠢᠯ᠎ᠤᠨ ᠠᠰᠠᠷᠠᠮᠵᠢ᠎ᠶᠢᠨ ᠲᠣᠭᠣᠷᠢᠭ᠋ ᠨᠢ ᠥᠨᠳᠥᠷ ᠶᠠᠰᠤ ᠴᠢᠨᠠᠷ ᠪᠦᠬᠦᠢ ᠠᠮᠢᠳᠤᠷᠠᠯ᠎ᠤᠨ ᠬᠠᠷᠠᠭᠠᠯᠵᠠᠯ᠎ᠳᠤ ᠠᠩᠬᠠᠷᠤᠯ᠎ᠢᠶᠠᠨ ᠲᠥᠪᠯᠡᠷᠡᠭᠦᠯᠳᠡᠭ》 ᠭᠡᠵᠦ ᠲᠤᠰ ᠡᠮᠨᠡᠯᠭᠡ᠎ᠶᠢᠨ ᠬᠣᠷᠢᠶ᠎ᠡ᠎ᠶᠢᠨ ᠨᠠᠮ᠎ᠤᠨ ᠬᠣᠷᠢᠶ᠎ᠡ᠎ᠶᠢᠨ ᠳᠡᠳ᠋ ᠱᠦᠵᠢ ᠬᠤᠤ ᠯᠢᠩ ᠹᠠᠩ ᠲᠠᠨᠢᠯᠴᠠᠭᠤᠯᠪᠠ᠃

18 ᠴᠠᠭ᠎ᠲᠤ᠂ ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ᠎ᠤ ᠰᠢᠨ ᠮᠸᠩ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠲᠥᠷᠥᠯ ᠵᠦᠢᠯ᠎ᠦᠨ ᠲᠤᠬᠠᠢ᠎ᠶᠢᠨ ᠲᠠᠯᠠᠪᠠᠶ ᠳ᠋ᠤ

ᠲᠥᠰᠥᠯ᠎ᠦᠨ ᠠᠬᠢᠴᠠ ᠤᠷᠤᠭᠰᠢᠲᠠᠢ ᠪᠠᠢᠵᠤ ᠤᠳᠠᠯ ᠦᠭᠡᠢ ᠠᠰᠢᠭ᠍ᠯᠠᠯᠲᠠ᠎ᠳᠤ ᠣᠷᠣᠨ᠎ᠡ

16 ᠴᠠᠭ᠎ᠲᠤ᠂ ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ᠎ᠤ ᠰᠢᠨ ᠮᠸᠩ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ᠂ ᠪᠠᠷᠢᠯᠭ᠎ᠠ᠎ᠶᠢᠨ ᠠᠵᠢᠯᠲᠠᠳ ᠪᠣᠯᠣᠨ ᠮᠡᠷᠭᠡᠵᠢᠯ᠎ᠦᠨ ᠪᠦᠯᠬᠦᠮ᠎ᠦᠨ ᠬᠢᠨ ᠡᠴᠦᠰ᠎ᠦᠨ ᠰᠢᠪᠲᠤᠯᠤᠯᠲᠠ ᠬᠢᠵᠦ ᠪᠠᠢᠯ᠎ᠠ᠃

ᠲᠥᠷᠥᠯ ᠵᠦᠢᠯ᠎ᠦᠨ ᠵᠠᠰᠠᠭ ᠵᠠᠬᠢᠷᠭᠠᠨ᠎ᠤ ᠶᠡᠷᠦᠩᠬᠡᠢ ᠬᠢᠨᠠᠭ᠍ᠴᠢ ᠰᠢᠶᠦᠢ᠍ᠩ ᠵᠢᠨ᠄ 《ᠣᠳᠣᠬᠠᠨ᠎ᠳᠤ ᠶᠠᠭ ᠲᠣᠨᠣᠭ ᠲᠥᠬᠦᠭᠡᠷᠦᠮᠵᠢ᠎ᠶᠢ ᠬᠣᠯᠪᠣᠯᠳᠤᠭᠤᠯᠤᠨ ᠲᠤᠷᠰᠢᠨ ᠲᠣᠬᠢᠷᠠᠭᠤᠯᠬᠤ᠂ ᠳᠠᠮᠵᠢᠭᠤᠯᠬᠤ ᠬᠣᠭᠣᠯᠠᠢ᠎ᠶᠢᠨ ᠵᠠᠯᠭᠠᠯᠲᠠ᠎ᠶᠢᠨ ᠤᠨᠤᠪᠴᠢ᠎ᠶᠢᠨ ᠬᠡᠮᠵᠢᠶ᠎ᠡ ᠵᠡᠷᠭᠡ ᠪᠡᠷᠬᠡ ᠠᠰᠠᠭᠤᠳᠠᠯ᠎ᠢ ᠰᠢᠢᠳᠪᠦᠷᠢᠯᠡᠵᠦ ᠪᠠᠢᠨ᠎ᠠ᠂ ᠪᠢᠳᠡ ᠲᠣᠭᠲᠠᠭᠰᠠᠨ ᠬᠤᠭᠤᠴᠠᠭᠠᠨ᠎ᠳᠠᠭᠠᠨ ᠠᠰᠢᠭ᠍ᠯᠠᠯᠲᠠ᠎ᠳᠤ ᠣᠷᠣᠭᠤᠯᠬᠤ᠎ᠳᠤ ᠢᠲᠡᠭᠡᠯ᠎ᠲᠠᠢ ᠪᠠᠢᠨ᠎ᠠ》 ᠭᠡᠪᠡ᠃

20 ᠴᠠᠭ᠎ᠲᠤ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠦᠬᠠᠢ᠎ᠶᠢᠨ ᠡᠨᠧᠷᠭᠢ᠎ᠶᠢᠨ ᠺᠣᠮᠫᠠᠨᠢ᠎ᠶᠢᠨ ᠬᠤᠸᠠᠩ ᠪᠠᠢ ᠼᠢ ᠨᠡᠭᠦᠷᠡᠰᠦᠨ ᠠᠭᠤᠷᠬᠠᠢ ᠳ᠋ᠤ

ᠰᠢᠨ᠎ᠡ ᠵᠢᠯ᠎ᠦᠨ ᠦᠢᠯᠡᠳᠪᠦᠷᠢᠯᠡᠯ ᠰᠠᠢᠨ ᠡᠬᠢᠯᠡᠯᠲᠡ ᠲᠠᠢ ᠪᠤᠯᠪᠠ

20 ᠴᠠᠭ ᠲᠦ᠍᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠦᠬᠠᠢ᠎ᠶᠢᠨ ᠡᠨᠧᠷᠭᠢ᠎ᠶᠢᠨ ᠺᠣᠮᠫᠠᠨᠢ᠎ᠶᠢᠨ ᠬᠤᠸᠠᠩ ᠪᠠᠢ ᠼᠢ ᠨᠡᠭᠦᠷᠡᠰᠦᠨ ᠠᠭᠤᠷᠬᠠᠢ᠎ᠶᠢᠨ ᠭᠦᠨ᠎ᠳᠦ ᠣᠶᠤᠨᠴᠢᠯᠠᠭᠰᠠᠨ ᠶᠡᠷᠦᠩᠬᠡᠢᠯᠡᠭᠰᠡᠨ ᠮᠠᠯᠲᠠᠬᠤ ᠠᠵᠢᠯ ᠡᠮᠬᠢ ᠵᠢᠷᠤᠮ ᠲᠠᠢ ᠶᠠᠪᠤᠭᠳᠠᠭᠰᠠᠭᠠᠷ ᠪᠠᠢᠯ᠎ᠠ᠃ ᠰᠢᠩᠭᠡᠨ ᠳᠠᠷᠤᠴᠠ᠎ᠶᠢᠨ ᠲᠤᠯᠬᠤ ᠵᠢᠶᠠᠰᠠ᠎ᠶᠢ ᠲᠡᠷᠢ ᠲᠡᠭᠰᠢ ᠵᠢᠭ᠍ᠰᠠᠭᠠᠵᠤ᠂ ᠨᠡᠭᠦᠷᠡᠰᠦ ᠮᠠᠯᠲᠠᠬᠤ ᠮᠠᠰᠢᠨ ᠦᠪᠡᠷ᠎ᠢᠶᠡᠨ ᠠᠵᠢᠯᠯᠠᠵᠤ᠂ ᠡᠯ᠎ᠡ ᠵᠦᠢᠯ᠎ᠦᠨ ᠲᠤᠬᠢᠶ᠎ᠡ ᠳᠠᠮᠵᠢᠭᠤᠯᠤᠭᠴᠢ ᠨᠡᠭᠦᠷᠡᠰᠦᠨ ᠳᠠᠪᠬᠤᠷᠭ᠎ᠠ᠎ᠶᠢᠨ ᠬᠤᠪᠢᠷᠠᠯᠲᠠ᠎ᠶᠢ ᠨᠠᠷᠢᠯᠢᠭ᠋ ᠣᠨᠣᠴᠠᠲᠠᠢ᠎ᠪᠠᠷ ᠰᠡᠷᠡᠵᠦ ᠮᠡᠳᠡᠨ᠎ᠠ᠃

《ᠤᠳᠤ ᠨᠡᠭᠦᠷᠡᠰᠦ ᠮᠠᠯᠲᠠᠬᠤ᠎ᠳᠦ ᠤᠤᠯ᠎ᠤᠨ ᠬᠢ ᠰᠢᠭ᠋ ᠶᠡᠬᠡ ᠬᠡᠮᠵᠢᠶᠡᠨ᠎ᠤ ᠬᠦᠮᠦᠨ᠎ᠤ᠋ ᠬᠦᠴᠦᠨ᠎ᠳᠦ ᠲᠦᠰᠢᠭᠯᠡᠬᠦ ᠪᠢᠰᠢ ᠬᠠᠷᠢᠨ ᠤᠶᠤᠨᠴᠢᠯᠠᠬ᠍ᠰᠠᠨ ᠱᠢᠰᠲ᠋ᠧᠮ᠎ᠢ ᠠᠰᠢᠬᠯᠠᠬᠤ ᠪᠣᠯᠵᠠᠢ》 ᠭᠡᠵᠦ᠍ ᠵᠢᠯᠣᠭᠣᠳᠭᠤ ᠲᠥᠪ᠎ᠤᠨ ᠬᠢᠨᠠᠨ ᠡᠵᠡᠮᠳᠡᠬᠦ ᠠᠵᠢᠯᠴᠢᠨ ᠶᠠᠷᠢᠪᠠ᠃

22 ᠴᠠᠭ᠎ᠲᠤ᠂ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ ᠳ᠋ᠤ

ᠬᠦᠴᠦ ᠪᠠᠨ ᠰᠢᠪᠬᠠᠨ ᠬᠠᠪᠤᠷ᠎ᠤᠨ ᠲᠠᠷᠢᠶᠠᠯᠠᠭ᠎ᠠ᠎ᠶ᠋ᠢ ᠪᠠᠲᠤᠯᠠᠨ᠎ᠠ

22 ᠴᠠᠭ᠎ᠲᠤ᠂ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠣᠷᠣᠨ᠎ᠳᠡᠬᠢ ᠬᠢᠩᠭᠠᠨ ᠠᠢᠮᠠᠭ᠎ᠤᠨ ᠪᠥᠸᠧ ᠶᠤᠸᠠᠨ ᠬᠢᠮᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠱᠢᠭᠡᠰᠦᠯᠢᠭ ᠡᠳ᠋ ᠪᠣᠭᠣᠳᠠᠯᠯᠠᠬᠤ ᠦᠶ᠋ᠯᠡᠳᠪᠦᠷᠢ᠎ᠶ᠋ᠢᠨ ᠲᠠᠰᠤᠭ᠎ᠲᠦ ᠠᠵᠢᠯᠴᠢᠳ ᠦᠢᠯᠡᠳᠬᠦᠨ᠎ᠢ ᠲᠡᠷᠭᠡᠨ᠎ᠳᠦ ᠠᠴᠢᠶᠠᠯᠠᠵᠤ ᠪᠠᠢᠯ᠎ᠠ᠃

ᠣᠳᠣᠬᠠᠨ᠎ᠳᠤ᠂ ᠺᠣᠮᠫᠠᠨᠢ ᠶᠠᠭ ᠠᠶᠤᠯᠭᠦᠶ ᠦᠶ᠋ᠯᠡᠳᠪᠦᠷᠢᠯᠡᠯ᠎ᠦᠨ ᠪᠠᠢᠴᠠᠭᠠᠯᠲᠠ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍ ᠪᠠᠢᠬᠤ ᠪᠥᠭᠡᠳ ᠪᠠᠶᠠᠷ᠎ᠤᠨ ᠡᠳᠦᠷ ᠠᠵᠢᠯ᠎ᠢᠶᠡᠨ ᠵᠣᠭ᠍ᠰᠣᠬᠰᠠᠨ ᠥᠬᠡᠶ ᠬᠦᠴᠦ ᠪᠠᠨ ᠰᠢᠪᠬᠠᠨ ᠦᠢᠯᠡᠳᠪᠦᠷᠢᠯᠡᠵᠦ᠂ ᠬᠠᠪᠤᠷ᠎ᠤᠨ ᠲᠠᠷᠢᠶᠠᠯᠠᠭ᠎ᠠ᠎ᠳᠤ ᠬᠡᠷᠡᠭ᠌ᠯᠡᠬᠦ᠌ ᠪᠣᠷᠲᠣᠭᠣᠷ᠎ᠢ ᠴᠠᠭ ᠲᠤᠬᠠᠶ᠎ᠳᠤᠨᠢ ᠲᠠᠷᠢᠶᠠᠨ ᠭᠠᠵᠠᠷ᠎ᠲᠤ ᠬᠦᠢᠴᠡᠳ ᠬᠦᠷᠭᠡᠵᠦ᠍᠂ ᠱᠢᠨ᠎ᠡ ᠨᠢᠭᠡ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠯᠲᠠ ᠤᠯᠬᠤ᠎ᠳᠤ ᠪᠠᠲᠤ ᠰᠠᠭᠤᠷᠢ ᠲᠠᠯᠪᠢᠵᠤ ᠪᠠᠢᠨ᠎ᠠ᠃

ᠲᠣᠰ ᠺᠣᠮᠫᠠᠨᠢ ᠰᠠᠶᠢᠬᠠᠨ 《ᠳᠤᠮᠳᠠᠳᠤ ᠤᠯᠤᠰ᠎ᠤᠨ ᠤᠰᠤ ᠠᠷᠪᠢᠯᠠᠬᠤ ᠱᠠᠩᠨᠠᠯ᠎ᠤᠨ ᠲᠡᠷᠢᠭᠦᠨ᠎ᠦ ᠬᠠᠮᠲᠤ》 ᠪᠠᠷ ᠦᠨᠡᠯᠡᠭ᠌ᠳᠡᠵᠦ᠍᠂ ᠪᠥᠬᠥ᠌ ᠣᠷᠣᠨ᠎ᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠲᠥᠷᠥᠯ᠎ᠦᠨ ᠪᠣᠬᠢᠷᠲᠤᠯ ᠥᠬᠡᠶ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠡᠪ ᠳᠠᠭᠤᠷᠢᠶᠠᠯ ᠦᠵᠡᠭᠦᠯᠪᠡ᠃

ᠢᠷᠡᠯᠲᠡ᠄    