ᠲᠥᠪ᠎ᠦᠨ ᠤᠬᠠᠭᠤᠯᠬᠤ ᠬᠡᠯᠲᠡᠰ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠤᠯᠤᠰ ᠲᠥᠷᠥ᠎ᠶᠢᠨ ᠠᠵᠢᠯ᠎ᠤᠨ ᠬᠡᠯᠲᠡᠰ᠎ᠦᠨ 2025 ᠣᠨ᠎ᠤ 12 ᠰᠠᠷ᠎ᠠ᠎ᠶᠢᠨ 27᠎ᠤ ᠡᠳᠦᠷ ᠨᠡᠢᠲᠡᠯᠡᠭᠰᠡᠨ 《ᠬᠠᠮᠤᠭ᠎ᠤᠨ ᠭᠣᠶᠣ᠌ ᠴᠡᠷᠢᠭ᠎ᠦᠨ ᠠᠯᠪᠠ᠎ᠠᠴᠠ ᠬᠠᠯᠠᠭᠳᠠᠭᠰᠠᠳ》᠎ᠤᠨ ᠨᠡᠷᠡᠰ᠎ᠲᠦ᠂ ᠥᠪᠥᠷ ᠮᠣᠩᠭᠣᠯ᠎ᠤᠨ ᠴᠡᠷᠢᠭ᠎ᠦᠨ ᠠᠯᠪᠠ᠎ᠠᠴᠠ ᠬᠠᠯᠠᠭᠳᠠᠭᠰᠠᠨ ᠪᠠᠭᠠᠲᠤᠷ ᠰᠣᠩᠭᠣᠭᠳᠠᠵᠠᠢ᠃
ᠬᠥᠬᠡᠬᠣᠲᠠ᠎ᠶᠢᠨ ᠢᠦᠢᠴᠢᠤᠸᠠᠨ ᠲᠣᠭᠣᠷᠢᠭ᠋᠎ᠤᠨ ᠡᠮᠦᠨ᠎ᠡ ᠬᠣᠶᠠᠳᠤᠭᠠᠷ ᠲᠣᠭᠣᠷᠢᠯ ᠵᠠᠮ᠎ᠤᠨ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ᠎ᠶᠢᠨ ᠳᠠᠷᠤᠭ᠎ᠠ ᠪᠠᠭᠠᠲᠤᠷ 18 ᠵᠢᠯ᠎ᠦᠨ ᠲᠤᠷᠰᠢ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠡᠮᠦᠨ᠎ᠡ ᠹᠷᠣᠨᠲ᠎ᠳᠤ ᠡᠷᠡᠯᠬᠡᠭᠯᠡᠨ ᠲᠡᠮᠡᠴᠡᠵᠦ᠂ ᠰᠢᠩᠭᠡᠨ ᠰᠢᠪᠲᠦᠷ ᠭᠣᠭᠣᠵᠢᠬᠤ᠂ ᠳᠦᠷᠡᠯᠵᠡᠭᠰᠡᠨ ᠭᠠᠯ᠎ᠢ ᠤᠨᠲᠠᠷᠠᠭᠠᠬᠤ᠂ ᠦᠶᠡᠷ ᠤᠰᠤᠳᠤᠯ᠎ᠢ ᠬᠣᠷᠢᠭᠯᠠᠬᠤ ᠵᠡᠷᠭᠡ ᠴᠢᠬᠤᠯᠠ ᠶᠡᠬᠡ ᠠᠪᠤᠷᠠᠨ ᠲᠤᠰᠠᠯᠠᠬᠤ ᠠᠵᠢᠯ᠎ᠳᠤ ᠨᠡᠢᠲᠡ 4800 ᠭᠠᠷᠤᠢ ᠤᠳᠠᠭ᠎ᠠ ᠣᠷᠣᠯᠴᠠᠪᠠ᠃ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠦᠴᠢᠷ ᠠᠰᠠᠭᠤᠳᠠᠯ᠎ᠳᠤ ᠴᠢᠭᠯᠡᠭᠦᠯᠦᠨ᠂ 8 ᠶᠡᠬᠡ ᠲᠥᠷᠥᠯ᠂ 27 ᠪᠠᠭ᠎ᠠ ᠲᠥᠷᠥᠯ᠎ᠦᠨ ᠠᠶᠤᠯ ᠭᠠᠮᠰᠢᠭ᠋᠎ᠠᠴᠠ ᠠᠪᠤᠷᠠᠬᠤ ᠡᠨᠳᠡᠯ᠎ᠢ ᠰᠢᠢᠳᠪᠦᠷᠢᠯᠡᠨ ᠠᠷᠭᠠᠴᠠᠭᠠᠬᠤ ᠠᠷᠭ᠎ᠠ ᠪᠣᠳᠣᠯᠭ᠎ᠠ᠎ᠶᠢ ᠳ᠋ᠦᠩᠨᠡᠵᠦ᠂ ᠬᠠᠷᠢᠶ᠎ᠠ ᠣᠷᠣᠨ᠎ᠤ ᠵᠡᠭᠡᠯᠢ ᠭᠤᠳᠤᠮᠵᠢ᠂ ᠭᠠᠯ ᠤᠨᠲᠠᠷᠠᠭᠠᠬᠤ ᠤᠰᠤᠨ ᠰᠤᠷᠪᠤᠯᠵᠢ ᠪᠠ ᠭᠣᠣᠯᠳᠠᠯᠭ᠎ᠠ ᠲᠠᠢ ᠨᠢᠭᠡᠴᠢ᠎ᠳᠦ ᠴᠢᠭᠯᠡᠭᠦᠯᠦᠨ ᠭᠠᠷᠭᠠᠭᠰᠠᠨ ᠲᠣᠭᠠᠴᠢᠯᠠᠭᠰᠠᠨ ᠪᠡᠯᠡᠳᠬᠡᠯ ᠲᠥᠰᠥᠯ ᠨᠢ ᠲᠤᠬᠠᠢ᠎ᠶᠢᠨ ᠲᠠᠯᠠᠪᠤᠷ᠎ᠤᠨ ᠵᠢᠯᠣᠭᠣᠳᠬᠤ ᠰᠠᠨᠠᠭᠠᠴᠢᠯᠠᠭᠠᠲᠤ ᠴᠢᠨᠠᠷ ᠪᠠ ᠪᠠᠢᠯᠳᠤᠬᠤ ᠠᠷᠭ᠎ᠠ᠎ᠶᠢᠨ ᠬᠡᠷᠡᠭᠯᠡᠯᠲᠡ᠎ᠶᠢᠨ ᠣᠨᠣᠪᠴᠢᠲᠠᠢ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠪᠡ᠃ ᠪᠠᠭᠠᠲᠤᠷ ᠪᠠᠰᠠ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠲᠦᠷᠦᠭᠦᠯᠡᠨ ᠪᠠᠢᠭᠤᠯᠵᠤ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠢ ᠵᠣᠬᠢᠶᠠᠨ ᠪᠠᠢᠭᠤᠯᠵᠤ ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠨ ᠲᠡᠳᠬᠦᠵᠦ᠂ 《ᠬᠢᠯᠢ ᠬᠢᠵᠠᠭᠠᠷ᠂ ᠪᠣᠢᠳᠠ ᠪᠥᠭᠯᠡᠭᠦᠦ᠂ ᠲᠠᠷᠠᠬᠠᠢ ᠪᠤᠲᠠᠷᠬᠠᠢ》 ᠰᠠᠭᠤᠷᠢᠰᠢᠵᠤ ᠪᠠᠢᠭ᠎ᠠ ᠭᠠᠴᠠᠭ᠎ᠠ ᠲᠣᠰᠬᠤᠨ᠎ᠢᠶᠠᠷ ᠭᠦᠨᠵᠡᠭᠡᠢᠷᠡᠵᠦ᠂ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ᠂ ᠭᠠᠯ ᠰᠡᠷᠭᠡᠢᠯᠡᠨ ᠭᠠᠯ ᠤᠨᠲᠠᠷᠠᠭᠠᠬᠤ ᠳᠦᠷᠢᠮ ᠲᠣᠭᠲᠠᠭᠠᠯ᠎ᠢ ᠤᠬᠠᠭᠤᠯᠤᠨ ᠲᠠᠢᠯᠪᠤᠷᠢᠯᠠᠵᠠᠢ᠃