《1》 — ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠎ᠠ
ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠦᠨᠳᠦᠰᠦᠨ ᠪᠠᠲᠤᠯᠠᠭ᠎ᠠ ᠬᠠᠩᠭᠠᠬᠤ ᠬᠡᠷᠡᠭ᠌ᠲᠡᠢ᠃
ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠳᠤᠷᠢᠳᠭᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ᠎ᠶᠢ ᠶᠡᠭᠡᠪᠡᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠡᠯ᠎ᠡ ᠲᠠᠯ᠎ᠠ᠎ᠶ᠋ᠢ ᠳᠠᠭᠠᠭᠤᠯᠤᠨ ᠨᠢᠭ᠍ᠲᠠᠷᠠᠭᠤᠯᠵᠤ ᠬᠠᠮᠲᠤ᠎ᠪᠠᠷ ᠲᠡᠮᠡᠴᠡᠬᠦ᠌ ᠬᠡᠷᠡᠭ᠌ᠲᠡᠢ᠃
《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃
ᠱᠢᠨᠵᠢᠯᠡᠬᠦ᠌ ᠤᠬᠠᠭᠠᠨᠴᠢ᠎ᠪᠠᠷ ᠰᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭ᠍ᠲᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ 《ᠬᠡᠨᠡᠨ ᠪᠠᠯᠠᠢ ᠪᠡᠷ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠦᠩᠭᠡ᠎ᠶᠢᠨ ᠳᠡᠳᠦᠢ ᠤᠪᠤᠷ᠎ᠢᠶᠠᠨ ᠢᠯᠡᠳᠭᠡᠬᠦ᠂ ᠬᠠᠷᠢᠭᠤᠴᠠᠯᠭ᠎ᠠ ᠲᠦᠯᠬᠢᠵᠦ ᠪᠤᠯᠲᠠᠨ ᠵᠠᠢᠳᠠᠬᠤ》 ᠦᠵᠡᠭ᠌ᠳᠡᠯ᠎ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠲᠡᠢ᠃ 《ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ》 ᠪᠠᠢᠬᠤ ᠰᠠᠨᠠᠭ᠎ᠠ ᠠᠬᠤᠢ ᠪᠣᠯᠤᠨ 《ᠠᠮᠵᠢᠯᠲᠠ ᠭᠠᠷᠭᠠᠬᠤ᠎ᠳᠤ ᠪᠢ ᠯᠠᠪᠲᠠᠢ ᠪᠠᠢᠬᠤ》 ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠳᠠᠲᠤ ᠶᠠᠪᠤᠳᠠᠯ ᠰᠠᠢ᠌ᠨ ᠶᠠᠪᠤᠳᠠᠯ᠎ᠢ ᠢᠯᠡᠭᠦᠬᠡᠨ ᠬᠢᠵᠦ᠍᠂ 《ᠱᠢᠨ᠎ᠡ ᠳᠠᠷᠤᠭ᠎ᠠ ᠬᠠᠭᠤᠴᠢᠨ ᠲᠠᠩᠰᠠ᠎ᠶ᠋ᠢ ᠦᠯᠦ᠍ ᠬᠠᠮᠢᠶᠠᠷᠬᠤ》 ᠪᠣᠯᠤᠨ 《ᠲᠦᠷᠢ ᠲᠥᠷᠬᠦ᠌᠎ᠶ᠋ᠢᠨ ᠢᠨᠵᠧᠨᠧᠷᠢᠩ》᠂ 《ᠵᠠᠰᠠᠭ᠎ᠤᠨ ᠠᠮᠵᠢᠯᠲᠠ᠎ᠶ᠋ᠢᠨ ᠢᠨᠵᠧᠨᠧᠷᠢᠩ》᠎ᠢ᠋ ᠡᠷᠡᠰ ᠬᠣᠷᠢᠭ᠍ᠯᠠᠬᠤ ᠬᠡᠷᠡᠭ᠌ᠲᠡᠢ᠃
ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠭᠤᠯ ᠲᠠᠢ ᠪᠠᠢᠬᠤ᠎ᠶᠢ ᠢᠮᠠᠭ᠍ᠲᠠ ᠪᠠᠷᠢᠮᠲᠠᠯᠠᠵᠤ᠂ ᠲᠥᠪ᠎ᠦᠨ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠵᠦ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶᠢ ᠠᠬᠢᠭᠤᠯᠬᠤ ᠬᠡᠷᠡᠭᠲᠡᠢ᠃
ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ᠎ᠢᠶᠡᠷ ᠰᠡᠵᠢᠭ᠌ᠯᠡᠭ᠌ᠳᠡᠭ᠌ᠰᠡᠨ ᠭᠡᠷᠡᠭ ᠵᠡᠷᠭᠡ᠎ᠡᠴᠡ ᠭᠦᠨᠵᠡᠭᠡᠢ ᠰᠤᠷᠭᠠᠮᠵᠢ ᠠᠪᠴᠤ᠌᠂ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠲᠥᠪᠯᠡᠷᠡᠭ᠌ᠰᠡᠨ᠂ ᠡᠬᠢ ᠪᠠᠶᠠᠯᠢᠭ ᠲᠥᠪᠯᠡᠷᠡᠭ᠌ᠰᠡᠨ ᠬᠦᠷᠢᠶᠡᠨ᠎ᠦ ᠢᠯᠵᠢᠷᠡᠯ᠎ᠢ ᠴᠡᠭ᠌ᠴᠡᠯᠡᠨ ᠵᠠᠰᠠᠬᠤ᠎ᠪᠠᠨ ᠭᠦᠨᠵᠡᠭᠡᠢᠷᠡᠭᠦᠯᠵᠦ᠍᠂ ᠰᠤᠷᠲᠠᠯ ᠪᠠ ᠢᠯᠵᠢᠷᠡᠯ᠎ᠢ ᠬᠠᠮᠲᠤ᠎ᠳᠤ ᠨᠢ ᠪᠠᠢᠴᠠᠭᠠᠵᠤ ᠵᠡᠷᠭᠡ᠎ᠳᠦ ᠨᠢ ᠵᠠᠰᠠᠬᠤ ᠠᠵᠢᠯ᠎ᠢ ᠴᠢᠩᠭᠠᠳᠭᠠᠵᠤ᠂ ᠢᠯᠵᠢᠷᠡᠯ᠎ᠢ ᠵᠠᠰᠠᠬᠤ ᠶᠡᠷᠦᠩᠬᠡᠢᠯᠡᠭ᠌ᠰᠡᠨ ᠦᠷ᠎ᠡ ᠪᠦᠲᠦᠮᠵᠢ᠎ᠪᠡᠨ ᠲᠠᠰᠤᠷᠠᠯᠳᠠ ᠦᠭᠡᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠰᠠᠢ᠌ᠨ ᠰᠠᠢᠬᠠᠨ ᠴᠢᠳᠠᠪᠤᠷᠢᠲᠠᠨ᠎ᠤ ᠣᠷᠴᠢᠨ ᠨᠦᠬᠦᠴᠡᠯ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠬᠦᠴᠡᠯ᠂ ᠶᠠᠷᠢᠶ᠎ᠠ ᠬᠡᠯᠡᠯᠴᠡᠭᠡᠨ᠎ᠦ ᠣᠷᠴᠢᠨ ᠨᠦᠬᠦᠴᠡᠯ᠎ᠢ ᠪᠦᠷᠢᠯᠳᠦᠭᠦᠯᠬᠦ᠌ ᠬᠡᠷᠡᠭ᠌ᠲᠡᠢ᠃
— 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯᠳᠤᠭᠠᠨ᠎ᠤ ᠠᠯᠪᠠᠨ ᠮᠡᠳᠡᠭᠡ》᠎ᠠᠴᠠ ᠡᠮᠬᠢᠳᠬᠡᠪᠡ