ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
2025 ᠣᠨ᠎ᠳᠤ ᠥᠪᠥᠷ ᠮᠣᠩᠭᠤᠯ 3343 ᠴᠢᠬᠤᠯᠠ ᠶᠡᠭᠡ ᠲᠥᠷᠥᠯ ᠵᠦᠢ᠍ᠯ᠎ᠢ ᠬᠡᠷᠡᠭᠵᠢᠭᠦᠯᠪᠡ
ᠨᠡᠶ᠋ᠢᠲᠡᠯᠡᠭᠰᠡᠨ ᠴᠠᠭ᠄ 2026-01-08

1  ᠰᠠᠷ᠎ᠠ᠎ᠶᠢᠨ 7᠎ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠠᠴᠠ ᠣᠶ᠋ᠢᠯᠠᠭ᠋ᠠᠭᠰᠠᠨ᠎ᠢᠶᠡᠷ᠂ 2025 ᠣᠨ᠎ᠳᠤ ᠥᠪᠥᠷ ᠮᠣᠩᠭᠤᠯ 3343 ᠴᠢᠬᠤᠯᠠ ᠶᠡᠭᠡ ᠲᠥᠷᠥᠯ ᠵᠦᠢ᠍ᠯ᠎ᠢ ᠬᠡᠷᠡᠭᠵᠢᠭᠦᠯᠵᠦ᠂ 9800 ᠭᠠᠷᠤᠶ ᠳ᠋ᠦᠩᠰᠢᠭᠤᠷ ᠲᠥᠭᠦᠷᠢᠭ᠎ᠤᠨ ᠪᠥᠲᠥᠭᠡᠨ ᠪᠠᠶ᠋ᠢᠭᠤᠯᠤᠯᠲᠠ᠎ᠶᠢᠨ ᠪᠠᠯᠠ ᠣᠷᠣᠭᠤᠯᠤᠯᠲᠠ᠎ᠶᠢ ᠪᠡᠶᠡᠯᠡᠭᠦᠯᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠪᠠᠷᠤᠭ 7 %᠎ᠪᠠᠷ ᠨᠡᠮᠡᠭᠳᠡᠪᠡ᠃

ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠪᠣᠯ ᠠᠵᠤ ᠠᠬᠤᠶ᠎ᠶᠢᠨ ᠨᠡᠮᠡᠭᠳᠡᠯ᠎ᠢ ᠳᠠᠶ᠋ᠢᠴᠢᠯᠠᠬᠤ᠎ᠶᠢᠨ ᠬᠦᠴᠦᠷᠬᠡᠭ ᠶᠡᠬᠡ ᠬᠥᠳᠡᠯᠭᠡᠭᠦᠷ ᠪᠣᠯᠤᠨ᠎ᠠ᠃ 2025 ᠣᠨ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠭᠤᠤᠯᠳᠠᠯᠭ᠎ᠠ ᠪᠣᠯᠬᠣ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠎ᠪᠠᠷ ᠰᠢᠷᠢᠰ ᠪᠠᠶ᠋ᠢᠷᠢᠯᠠᠭᠤᠯᠤᠯᠲᠠ ᠬᠢᠪᠠ᠃ ᠦᠵᠥ ᠲᠥᠯᠥᠪᠯᠡᠭᠡ᠎ᠶᠢᠨ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠨᠢ ᠡᠯ᠎ᠡ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠬᠦᠴᠦᠨ ᠵᠤᠢ᠌ᠯ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ ᠯᠣᠭᠡ ᠬᠠᠮᠲᠤᠷᠠᠨ 《ᠬᠥᠨᠳᠡᠯᠡᠨ᠎ᠢᠶᠠᠷ ᠵᠠᠬ᠎ᠠ ᠬᠢᠵᠠᠭ᠋ᠠᠷ᠎ᠲᠤ ᠨᠢ ᠬᠦᠷᠬᠦ᠂ ᠭᠤᠯᠳᠤ᠎ᠪᠠᠷ ᠡᠴᠦᠰ᠎ᠲᠤ ᠨᠢ ᠲᠣᠯᠬᠣ》 ᠭᠤᠷᠪᠠᠨ ᠱᠠᠲᠤᠨ᠎ᠤ ᠬᠤᠯᠪᠣᠭ᠋ᠠᠯᠠᠨ ᠬᠥᠳᠡᠯᠦᠯᠴᠡᠬᠦ ᠴᠢᠬᠤᠯᠠ ᠶᠡᠭᠡ ᠲᠦᠷᠦᠯ ᠵᠦᠢ᠍ᠯ᠎ᠢ ᠣᠬᠠᠭ᠋ᠠᠯᠠᠨ ᠲᠥᠯᠥᠪᠯᠡᠬᠥ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ ᠪᠦᠷᠢᠨᠰᠢᠬᠦᠯᠪᠡ᠃ 2025 ᠣᠨ᠎ᠤ 2 ᠳ᠋ᠤᠭ᠋ᠠᠷ ᠰᠠᠷ᠎ᠠ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢ᠍ᠯ᠎ᠢ ᠣᠬᠠᠭ᠋ᠠᠯᠠᠨ ᠲᠥᠯᠥᠪᠯᠡᠬᠦ ᠠᠵᠢᠯᠯᠠᠭ᠋ᠠᠨ᠎ᠤ ᠵᠢᠨ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠶᠠᠪᠣᠭᠣᠯᠪᠠ᠃ ᠥᠪᠥᠷ ᠮᠣᠩᠭᠤᠯ᠎ᠤᠨ 22 ᠰᠠᠯᠠᠭ᠎ᠠ ᠮᠥᠴᠢᠷ᠂ 12 ᠠᠶ᠋ᠢᠮᠠᠭ ᠬᠤᠲᠠ 《ᠬᠡᠷᠡᠭᠵᠢᠭᠦᠯᠬᠦ ᠲᠥᠰᠦᠯ》᠎ᠢ ᠦᠨᠳᠦᠰᠦᠯᠡᠨ ᠲᠣᠰ ᠲᠣᠰ᠎ᠤᠨ ᠠᠵᠢᠯ᠎ᠤᠨ ᠲᠥᠰᠦᠯ᠎ᠢᠶᠠᠨ ᠳᠠᠷᠤᠮᠠᠯᠯᠠᠨ ᠶᠠᠪᠣᠭᠣᠯᠵᠣ᠂ ᠠᠵᠢᠯ᠎ᠤᠨ ᠡᠭᠦᠷᠭᠡ᠎ᠪᠠᠨ ᠨᠠᠷᠢᠯᠢᠬ᠍ᠵᠢᠭᠤᠯᠤᠨ᠂ ᠠᠵᠢᠯ᠎ᠤᠨ ᠬᠠᠷᠠᠯᠲᠠ᠎ᠪᠠᠨ ᠬᠡᠮᠵᠢᠶᠡᠵᠢᠭᠦᠯᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠤᠨ᠂ 《1 ᠬᠡᠷᠡᠭᠵᠢᠭᠦᠯᠬᠦ ᠲᠥᠰᠦᠯ + N ᠠᠵᠢᠯ᠎ᠤᠨ ᠲᠥᠰᠦᠯ 》᠎ᠢ ᠪᠣᠶ ᠪᠣᠯᠭ᠋ᠠᠪᠠ᠃

ᠥᠪᠥᠷ ᠮᠣᠩᠭᠤᠯ᠎ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠴᠢᠬᠤᠯᠠ ᠶᠡᠭᠡ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠮᠥᠷᠭᠡ᠎ᠳᠤ ᠲᠦᠰᠢᠭᠯᠡᠨ᠂ ᠪᠣᠶ ᠪᠥᠬᠦᠶ ᠲᠥᠷᠥᠯ ᠵᠦᠢ᠍ᠯ᠎ᠢ ᠬᠥᠮᠥᠷᠭᠡ᠎ᠳᠤ ᠣᠷᠣᠭᠤᠯᠵᠤ ᠬᠥᠳᠡᠯᠦᠩᠭᠦᠶ᠎ᠪᠠᠷ ᠬᠠᠮᠢᠶᠠᠷᠤᠨ᠂ ᠲᠤᠰᠬᠠᠶ ᠬᠥᠮᠦᠨ᠎ᠢᠶᠡᠷ ᠬᠠᠷᠢᠭᠤᠴᠠᠭᠤᠯᠵᠤ᠂ ᠨᠠᠷᠢᠯᠢᠭ ᠣᠨᠣᠴᠠᠲᠠᠶ᠎ᠪᠠᠷ ᠳᠣᠭᠢᠷᠠᠭᠤᠯᠤᠨ᠂ ᠵᠣᠬᠢᠴᠠᠭᠤᠯᠤᠨ ᠬᠣᠯᠪᠣᠭ᠋ᠠᠯᠠᠨ ᠬᠦᠳᠡᠯᠥᠯᠴᠡᠬᠦ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠎ᠶᠢ ᠪᠥᠬᠦ ᠲᠠᠯ᠎ᠠ᠎ᠪᠠᠷ ᠴᠢᠩᠭ᠋ᠠᠳᠬᠠᠵᠤ᠂ ᠲᠥᠷᠥᠯ ᠵᠦᠢ᠍ᠯ᠎ᠢ  ᠣᠬᠠᠭ᠋ᠠᠯᠠᠨ ᠲᠥᠯᠥᠪᠯᠡᠬᠦ᠂ ᠵᠠᠳᠠᠯᠤᠯᠲᠠ᠎ᠶᠢᠨ ᠰᠢᠰᠲ᠋ᠧᠮᠲᠦ ᠴᠢᠨᠠᠷ᠂ ᠬᠠᠨᠳᠤᠯᠭ᠋ᠠᠲᠤ ᠴᠢᠨᠠᠷ᠂ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠂ ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠶᠢᠨ 《ᠬᠤᠷᠳᠤᠴᠠ᠎ᠪᠡᠨ ᠲᠦᠷᠭᠡᠳᠭᠡᠬᠦ》᠎ᠶᠢ ᠠᠬᠢᠭᠤᠯᠪᠠ᠃

《ᠣᠳᠣᠬᠠᠨ᠎ᠳᠤ᠂ ᠪᠢᠳᠡ ᠶᠠᠭ 〈ᠡᠪᠦᠯ᠎ᠤᠨ ᠤᠯᠠᠷᠢᠯ᠎ᠳᠦ ᠬᠡᠷᠡᠭᠵᠢᠭᠦᠯᠬᠦ ᠢᠨᠵᠧᠨᠧᠷᠢᠩ 〉᠎ᠢ ᠬᠡᠷᠡᠭᠵᠢᠭᠦᠯᠵᠦ᠂ 〈ᠨᠢᠭᠡ ᠲᠥᠷᠥᠯ ᠵᠦᠢ᠍ᠯ᠎ᠳᠦ ᠨᠢᠭᠡ ᠲᠥᠰᠦᠯ ᠬᠡᠷᠡᠭᠵᠢᠭᠦᠯᠬᠦ〉᠎ᠶᠢ ᠪᠠᠷᠢᠮᠲᠠᠯᠠᠨ ᠲᠥᠷᠥᠯ ᠵᠦᠢ᠍ᠯ᠎ᠤᠨ ᠤᠷᠤᠭᠰᠢᠲᠠᠶ ᠪᠥᠲᠥᠭᠡᠨ ᠪᠠᠢ᠌ᠭᠣᠯᠬᠣ᠎ᠶᠢ ᠦᠨᠡᠨ ᠬᠦ᠌ ᠪᠠᠲᠣᠯᠠᠭ᠋ᠠᠳ᠂ 2026 ᠣᠨ᠎ᠤ ᠨᠢᠭᠡᠳᠦᠭᠡᠷ ᠤᠯᠠᠷᠢᠯ᠎ᠤᠨ 〈ᠣᠨ᠎ᠤ ᠡᠬᠢᠨ᠎ᠳᠦ ᠠᠮᠵᠢᠯᠲᠠ ᠣᠯᠬᠣ〉 ᠵᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠬᠦ᠎ᠳᠤ ᠲᠤᠯᠭ᠋ᠠᠭᠤᠷᠢᠯᠠᠯ ᠬᠠᠩᠭ᠋ᠠᠵᠤ ᠪᠠᠶ᠋ᠢᠨ᠎ᠠ᠃ ᠡᠭᠦᠨ᠎ᠤ ᠬᠠᠮᠲᠤ᠂ ᠪᠢᠳᠡ ᠭᠤᠷᠪᠠᠨ ᠱᠠᠲᠤᠨ᠎ᠤ ᠬᠠᠮᠲᠤᠷᠠᠨ ᠬᠢᠨᠠᠵᠤ ᠬᠠᠮᠲᠣᠷᠠᠨ ᠵᠥᠪᠰᠢᠶᠡᠷᠡᠬᠦ ᠲᠤᠰᠬᠠᠶ ᠵᠤᠢ᠌ᠯ᠎ᠤᠨ ᠠᠵᠢᠯ᠎ᠤᠨ ᠳᠤᠭᠤᠶ᠋ᠢᠯᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠡᠭᠡᠳᠦ ᠱᠠᠲᠤᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ 〈ᠢᠷᠡᠭᠰᠡᠨ ᠳᠠᠷᠣᠢ ᠎ᠳᠦ ᠨᠢ ᠰᠢᠯᠵᠢᠭᠦᠯᠬᠦ〉᠂ ᠲᠣᠰ ᠱᠠᠲᠤᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ 〈 ᠢᠷᠡᠭᠰᠡᠨ ᠳᠠᠷᠤᠢ᠎ᠳᠦ ᠨᠢ ᠰᠢᠢ᠍ᠳᠪᠤᠷᠢᠯᠡᠬᠦ〉᠎ᠶᠢ ᠭᠦᠢ᠍ᠴᠡᠳᠭᠡᠵᠦ ᠂ ᠵᠦᠶ ᠵᠣᠬᠢᠰ ᠥᠬᠡᠶ ᠬᠢᠨᠠᠨ ᠵᠥᠪᠰᠢᠶᠡᠷᠡᠬᠦ ᠲᠥᠷᠥ ᠵᠢᠨ ᠪᠣᠳᠣᠯᠭ᠎ᠠ ᠵᠢ ᠢᠯᠭ᠋ᠠᠷᠠᠭᠤᠯᠵᠤ᠂ ᠳᠣᠲᠣᠨᠠᠬᠢ ᠭᠠᠳᠠᠨᠠᠬᠢ ᠵᠢᠨ ᠠᠵᠢᠯ᠎ᠤᠨ ᠴᠣᠪᠣᠷᠠᠯ᠎ᠢ ᠰᠢᠯᠢᠳᠡᠭᠵᠢᠭᠦᠯᠦᠨ᠂ ᠴᠢᠬᠤᠯᠠ ᠪᠢᠴᠢᠭ ᠮᠠᠲ᠋ᠧᠷᠢᠶᠠᠯ᠎ᠢ ᠳᠥᠭᠦᠮᠴᠢᠯᠡᠵᠦ᠂ ᠵᠠᠰᠠᠭ᠎ᠢ ᠴᠣᠮᠬᠠᠳᠬᠠᠨ ᠡᠷᠬᠡ᠎ᠶᠢ ᠳᠣᠷᠣᠭᠰᠢ ᠪᠠᠭᠤᠯᠭ᠋ᠠᠬᠤ᠎ᠶᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠪᠥᠬᠦ ᠤᠯᠤᠰ᠎ᠤᠨ ᠲᠡᠷᠢᠭᠦᠨ᠎ᠤ ᠬᠢᠷᠢ ᠲᠦᠪᠰᠢᠨ᠎ᠳᠤ ᠬᠦᠷᠲᠡᠯ᠎ᠡ ᠪᠠᠭ᠋ᠠᠰᠬᠠᠬᠤ᠎ᠪᠡᠷ ᠴᠢᠷᠮᠠᠶ᠋ᠢᠨ᠎ᠠ》᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠡᠴᠡ᠂ 《ᠪᠢᠳᠡ ᠪᠠᠰᠠ ᠲᠥᠷᠥᠯ ᠵᠦᠢ᠍ᠯ᠎ᠤᠨ ᠨᠥᠭᠡᠴᠡ ᠪᠠ ᠳᠠᠷᠠᠭ᠋ᠠᠯᠠᠭᠣᠯᠣᠨ ᠦᠷᠭᠦᠯᠵᠢᠯᠡᠭᠦᠯᠬᠦ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 〈 ᠨᠢᠭᠡ ᠪᠥᠯᠥᠭ᠎ᠢ ᠬᠡᠷᠡᠭᠵᠢᠭᠦᠯᠪᠡᠯ ᠨᠢᠭᠡ ᠪᠥᠯᠥᠭ᠎ᠢ ᠡᠮᠥᠨᠡᠬᠢ ᠬᠣᠭᠣᠴᠠᠭ᠋ᠠᠨ᠎ᠳᠤ ᠣᠷᠣᠭᠣᠯᠵᠣ᠂  ᠨᠢᠭᠡ ᠪᠥᠯᠥᠭ᠎ᠢ ᠨᠦᠭᠡᠴᠡᠯᠡᠪᠡᠯ ᠨᠢᠭᠡ ᠪᠥᠯᠥᠭ᠎ᠢ ᠣᠬᠠᠭ᠋ᠠᠯᠠᠨ ᠲᠥᠯᠥᠪᠯᠡᠬᠦ〉 ᠠᠵᠢᠯ᠎ᠤᠨ ᠲᠥᠯᠥᠪ ᠪᠠᠢ᠌ᠳᠠᠯ᠎ᠢ ᠪᠦᠷᠢᠯᠳᠦᠭᠦᠯᠵᠦ᠂ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠲᠥᠯᠥᠪᠵᠢᠭᠦᠯᠭᠡ᠎ᠶᠢᠨ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠶᠢᠨ ᠪᠡᠯᠡ ᠣᠷᠣᠭᠤᠯᠤᠯᠲᠠ᠎ᠶᠢ 6 ᠲᠦᠮᠡᠨ ᠳ᠋ᠦᠩᠰᠢᠭᠤᠷ ᠲᠥᠭᠦᠷᠢᠭ᠎ᠲᠤ ᠬᠦᠷᠭᠡᠬᠦ᠎ᠪᠠᠷ ᠴᠢᠷᠮᠠᠶ᠋ᠢᠨ᠎ᠠ》 ᠭᠡᠵᠦ ᠲᠠᠨᠢᠯᠴᠠᠭᠣᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ