ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠡᠷᠬᠢᠯᠡᠭ᠌ᠴᠢᠳ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2026-01-08

1 ᠰᠠᠷ᠎ᠠ᠎ᠶ᠋ᠢᠨ 7᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠂ ᠡᠷᠬᠢᠯᠡᠭ᠌ᠴᠢᠳ᠎ᠦᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠨᠤᠤᠷᠠᠭ᠎ᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ 2026 ᠣᠨ᠎ᠤ ᠠᠵᠢᠯ᠎ᠤᠨ ᠭᠤᠤᠯᠳᠠᠯᠭ᠎ᠠ ᠪᠣᠯᠤᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠎ᠶ᠋ᠢᠨ ᠠᠵᠢᠯ᠎ᠤᠨ ᠲᠥᠯᠥᠪᠯᠡᠭᠡ᠎ᠶ᠋ᠢ ᠬᠢᠨᠠᠨ ᠵᠥᠪᠯᠡᠵᠦ᠍᠂ 2025 ᠣᠨ᠎ᠤ ᠬᠠᠤᠯᠢ ᠲᠣᠭ᠍ᠲᠠᠭᠠᠬᠤ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠪᠣᠯᠤᠨ 2026 ᠣᠨ᠎ᠤ ᠬᠠᠤᠯᠢ ᠲᠣᠭ᠍ᠲᠠᠭᠠᠬᠤ ᠲᠥᠯᠥᠪᠯᠡᠭᠡ (ᠲᠥᠰᠦᠯ᠎ᠶᠢ) ᠲᠣᠭ᠍ᠲᠠᠭᠠᠭ᠍ᠰᠠᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠣᠬᠢᠷᠠᠭᠤᠯᠤᠯᠲᠠ ᠪᠣᠯᠤᠨ ᠪᠡᠯᠡᠳᠭᠡᠯ ᠠᠵᠢᠯ᠎ᠤᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠂ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ 2026 ᠣᠨ᠎ᠤ ᠠᠵᠢᠯ᠎ᠤᠨ ᠭᠤᠤᠯᠳᠠᠯᠭ᠎ᠠ ᠪᠣᠯᠤᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠎ᠶ᠋ᠢᠨ ᠠᠵᠢᠯ᠎ᠤᠨ ᠲᠥᠯᠥᠪᠯᠡᠭᠡ᠎ᠶ᠋ᠢ ᠵᠠᠷᠴᠢᠮ ᠳᠡᠭᠡᠷ᠎ᠡ᠎ᠪᠡᠨ ᠪᠠᠲᠤᠯᠠᠪᠠ᠃

ᠬᠤᠷᠠᠯ᠎ᠠᠴᠠ᠂ ᠥᠩᠭᠡᠷᠡᠭ᠌ᠰᠡᠨ ᠨᠢᠭᠡ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠪᠥᠬᠥ᠌ ᠣᠷᠣᠨ᠎ᠤ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠳᠤ ᠬᠣᠯᠪᠣᠭ᠍ᠳᠠᠬᠤ ᠶᠡᠬᠡ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠴᠢᠳᠠᠪᠬᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠰᠠᠭᠤᠷᠢ ᠴᠢᠨᠠᠷᠳᠠᠢ ᠪᠦᠭᠡᠳ ᠠᠯᠤᠰ ᠢᠷᠡᠭᠡᠳᠦᠶ᠎ᠳᠦ ᠠᠱᠢᠭ᠍ᠲᠠᠶ᠂ ᠣᠨᠴᠠᠯᠢᠭ᠎ᠲᠠᠶ ᠪᠥᠭᠡᠳ ᠪᠣᠳᠠᠲᠤ ᠦᠷ᠎ᠡ ᠪᠦᠲᠦᠮᠵᠢᠲᠡᠶ ᠶᠡᠬᠡ ᠬᠡᠮᠵᠢᠶᠡᠨ᠎ᠦ ᠠᠵᠢᠯ᠎ᠢ ᠬᠢᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠱᠢᠨ᠎ᠡ ᠨᠢᠭᠡᠨ ᠵᠢᠯ᠎ᠳᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠬᠠᠷᠢᠭᠤᠴᠠᠯᠭ᠎ᠠ᠎ᠶᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠭᠤᠤᠯᠳᠠᠯᠭ᠎ᠠ᠎ᠶᠢᠨ ᠳᠤᠭᠤᠷᠢᠨ᠎ᠳᠦ ᠶᠡᠬᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠤᠨ ᠬᠦᠴᠦᠯᠡᠬᠦ᠌ ᠴᠡᠭ᠎ᠢᠶᠡᠨ ᠣᠨᠣᠪᠴᠢᠲᠠᠶ ᠣᠯᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠠᠪᠤᠳᠤᠭᠠᠷ ᠳᠠᠪᠤᠨ ᠵᠢᠯ》᠎ᠢ ᠰᠠᠢᠳᠤᠷ ᠡᠬᠢᠯᠡᠬᠦᠯᠬᠦ᠎ᠳᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶᠢ ᠬᠠᠮᠤᠭ᠎ᠤᠨ ᠳᠡᠭᠡᠳᠦ ᠤᠯᠤᠰ ᠲᠦᠷᠦ᠍᠎ᠶᠢᠨ ᠵᠠᠷᠴᠢᠮ ᠪᠠ ᠦᠨᠳᠦᠰᠦᠨ ᠤᠯᠤᠰ ᠲᠦᠷᠦ᠍᠎ᠶᠢᠨ ᠪᠠᠲᠤᠯᠠᠭ᠎ᠠ ᠪᠣᠯᠭᠠᠬᠤ᠎ᠶᠢ ᠪᠠᠷᠢᠮᠲᠠᠯᠠᠵᠤ ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠨᠢᠭᠡᠳᠤᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠱᠢᠵᠢᠮ᠎ᠢ ᠲᠤᠭᠤᠱᠢᠯᠠᠭᠤᠯᠬᠤ᠂ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠠᠬᠢᠭᠤᠯᠬᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠠᠯ᠎ᠠ᠎ᠪᠠᠷ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ᠃ 《ᠳᠥᠷᠪᠡᠨ ᠪᠠᠢᠭᠤᠯᠭ᠎ᠠ》᠎ᠶᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠰᠤᠷᠤᠯᠴᠠᠯᠭ᠎ᠠ᠎ᠶᠢ ᠶᠡᠬᠡ᠎ᠪᠡᠷ ᠡᠷᠬᠢᠮᠯᠡᠵᠦ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠲᠥᠪ ᠭᠤᠤᠯᠴᠢ ᠠᠷᠢᠭᠤᠨ ᠴᠢᠬᠡᠴᠢ ᠪᠠᠢᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ