ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠳᠣᠲᠣᠭᠠᠳᠤ᠎ᠶᠢ ᠬᠠᠮᠠᠭᠠᠯᠠᠬᠤ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ 《1+6》 ᠵᠦᠢᠯ᠎ᠦᠨ ᠠᠷᠠᠳ᠎ᠲᠤ ᠳᠥᠭᠥᠮᠯᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠠᠳ ᠦᠷ᠎ᠡ ᠪᠦᠲᠦᠮᠵᠢ ᠣᠯᠪᠠ
ᠨᠡᠶ᠋ᠢᠲᠡᠯᠡᠭᠰᠡᠨ ᠴᠠᠭ᠄ 2026-01-08

《1》 ᠨᠢ ᠰᠢᠨ᠎ᠡ ᠮᠠᠰᠢᠨ ᠲᠡᠷᠭᠡᠨ᠎ᠳᠦ ᠫᠠᠢᠰᠠ ᠡᠯᠭᠦᠬᠦ 《ᠨᠢᠭᠡ ᠠᠵᠢᠯ ᠶᠠᠪᠤᠳᠠᠯ》᠎ᠤᠨ ᠦᠢᠯᠡᠴᠢᠯᠡᠭᠡ᠎ᠶᠢ ᠵᠢᠭᠠᠵᠤ ᠪᠣᠢ

《ᠵᠠᠮ ᠬᠠᠷᠢᠯᠴᠠᠭᠠᠨ᠎ᠤ ᠬᠠᠮᠢᠶᠠᠷᠤᠯᠲᠠ 12123》 App᠎ᠲᠤ ᠲᠦᠰᠢᠭᠯᠡᠨ ᠰᠦᠯᠵᠢᠶᠡᠨ ᠳᠡᠭᠡᠷ᠎ᠡ᠎ᠡᠴᠡ ᠮᠠᠰᠢᠨ ᠲᠡᠷᠭᠡ ᠰᠣᠩᠭᠣᠬᠤ ᠂ ᠳᠠᠭᠠᠳᠬᠠᠯ ᠬᠤᠳᠠᠯᠳᠤᠨ ᠠᠪᠬᠤ ᠂ ᠭᠠᠢᠯᠢ ᠲᠤᠰᠢᠶᠠᠬᠤ ᠂ ᠨᠣᠮᠧᠷ ᠰᠣᠩᠭᠣᠬᠤ ᠂ ᠫᠠᠢᠰᠠ ᠡᠯᠭᠦᠬᠦ ᠵᠡᠷᠭᠡ ᠪᠥᠬᠥ ᠶᠠᠪᠤᠴᠠ᠎ᠶᠢᠨ ᠲᠤᠬᠠᠢᠯᠠᠭᠰᠠᠨ ᠠᠵᠢᠯ᠎ᠢ ᠲᠥᠪᠯᠡᠷᠡᠭᠦᠯᠦᠨ ᠬᠢᠵᠦ ᠪᠣᠯᠣᠨ᠎ᠠ

《6》 ᠨᠢ ᠳᠣᠲᠣᠭᠠᠳᠤ᠎ᠶᠢ ᠬᠠᠮᠠᠭᠠᠯᠠᠬᠤ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ 《ᠨᠢᠭᠡ ᠰᠦᠯᠵᠢᠶ᠎ᠡ᠎ᠪᠡᠷ ᠨᠡᠢᠳᠡᠮ ᠭᠦᠢᠴᠡᠳᠬᠡᠬᠦ》 6 ᠵᠦᠢᠯ᠎ᠦᠨ ᠰᠢᠨ᠎ᠡ ᠠᠷᠭ᠎ᠠ ᠬᠡᠮᠵᠢᠶ᠎ᠡ᠎ᠶᠢ ᠵᠢᠭᠠᠵᠤ ᠪᠣᠶ

ᠰᠦᠯᠵᠢᠶᠡᠨ ᠳᠡᠭᠡᠷ᠎ᠡ ᠪᠡᠷᠢᠴᠠᠭᠠᠨ᠎ᠤ ᠳᠠᠩᠰᠠᠯᠠᠯᠲᠠ ᠴᠤᠴᠠᠯᠬᠤ ᠂ ᠳᠠᠩᠰᠠᠯᠠᠯᠲᠠ᠎ᠶᠢᠨ ᠦᠨᠡᠮᠯᠡᠯ ᠨᠥᠬᠥᠵᠦ ᠠᠪᠬᠤ ᠪᠠ ᠰᠣᠯᠢᠵᠤ ᠠᠪᠬᠤ ᠂ ᠮᠠᠰᠢᠨᠲᠤ ᠲᠡᠷᠭᠡᠨ᠎ᠦ ᠬᠠᠷᠢᠶ᠎ᠠ ᠳᠠᠩᠰᠠ᠎ᠶᠢ ᠰᠦᠯᠵᠢᠶ᠎ᠡ᠎ᠪᠡᠷ ᠰᠢᠯᠵᠢᠭᠦᠯᠵᠦ ᠳᠠᠮᠵᠢᠭᠤᠯᠬᠤ ᠂ ᠵᠢᠯᠣᠭᠣᠴᠢ᠎ᠶᠢᠨ ᠰᠢᠯᠭᠠᠯᠲᠠ᠎ᠶᠢᠨ ᠲᠤᠬᠠᠢᠯᠠᠭᠰᠠᠨ ᠠᠵᠢᠯ᠎ᠢ ᠳᠥᠭᠥᠮᠯᠡᠵᠦ ᠭᠦᠢᠴᠡᠳᠬᠡᠬᠦ ᠂ ᠰᠦᠯᠵᠢᠶᠡᠨ ᠳᠡᠭᠡᠷ᠎ᠡ ᠰᠤᠷᠭᠠᠭᠤᠯᠢ᠎ᠶᠢᠨ ᠮᠠᠰᠢᠨ ᠲᠡᠷᠭᠡᠨ᠎ᠦ ᠵᠢᠯᠣᠭᠣᠴᠢ᠎ᠶᠢᠨ ᠬᠢᠷᠢ ᠬᠡᠮ ᠭᠤᠶᠤᠴᠢᠯᠠᠨ ᠠᠪᠬᠤ ᠵᠢᠴᠢ ᠰᠦᠯᠵᠢᠶᠡᠨ ᠳᠡᠭᠡᠷ᠎ᠡ ᠲᠣᠮᠣ᠌ ᠠᠴᠢᠶ᠎ᠠ ᠲᠡᠭᠡᠭᠡᠪᠦᠷᠢᠯᠡᠬᠦ ᠲᠡᠷᠭᠡ ᠬᠥᠰᠬᠡ᠎ᠶᠢᠨ ᠲᠦᠷ ᠴᠠᠭ᠎ᠤᠨ ᠨᠣᠮᠧᠷ ᠠᠪᠬᠤ ᠵᠦᠢᠯᠡᠰ᠎ᠢ ᠪᠠᠭᠲᠠᠭᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ