ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠰᠢᠨ᠎ᠡ ᠪᠠᠢ᠌ᠷᠢᠯᠠᠭᠣᠯᠣᠯᠲᠠ᠎ᠳᠤ ᠴᠢᠭᠯᠡᠭᠦᠯᠵᠦ ᠪᠣᠳᠠᠲᠠᠢ ᠠᠵᠢᠯᠯᠠᠵᠣ ᠰᠢᠨ᠎ᠡ ᠪᠠᠢ᠌ᠳᠠᠯ᠎ᠢ ᠡᠭᠦᠳᠦᠶ᠎ᠡ — ᠥᠭᠡᠷᠡᠴᠢᠯᠡᠯᠲᠡ ᠬᠢᠵᠦ ᠪᠣᠭᠣᠮᠲᠠ ᠰᠢᠪᠲᠤᠯᠬᠤ᠎ᠶᠢ ᠭᠦᠨᠵᠡᠭᠡᠢᠷᠡᠭᠦᠯᠵᠦ᠂ ᠨᠡᠶ᠋ᠢᠭᠡᠮ ᠵᠢᠷᠤᠮ᠎ᠤᠨ ᠦᠨᠳᠦᠷ ᠬᠢᠷᠢ ᠲᠦᠪᠰᠢᠨ ᠪᠦᠬᠦᠢ ᠵᠠᠬ᠎ᠠ ᠳᠡᠯᠭᠡᠭᠦᠷ᠎ᠤᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠤᠨ᠎ᠠ
ᠨᠡᠶ᠋ᠢᠲᠡᠯᠡᠭᠰᠡᠨ ᠴᠠᠭ᠄ 2026-01-09

ᠨᠡᠢᠭᠡᠮ ᠵᠢᠷᠤᠮ᠎ᠤᠨ ᠥᠨᠳᠥᠷ ᠬᠢᠷᠢ ᠲᠦᠪᠰᠢᠨ ᠪᠦᠬᠦᠢ ᠵᠠᠬ᠎ᠠ ᠳᠡᠯᠭᠡᠭᠦᠷ᠎ᠤᠨ ᠠᠵᠤ ᠠᠬᠤᠢ᠎ᠶᠢᠨ ᠪᠠᠢ᠌ᠭᠣᠯᠣᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠴᠢᠬᠤᠯᠠ ᠪᠠᠲᠤᠯᠠᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠨᠢ ᠨᠡᠶ᠋ᠢᠭᠡᠮ ᠵᠢᠷᠤᠮ᠎ᠤᠨ ᠥᠨᠳᠥᠷ ᠬᠢᠷᠢ ᠲᠦᠪᠰᠢᠨ ᠪᠦᠬᠦᠢ ᠵᠠᠬ᠎ᠠ ᠳᠡᠯᠭᠡᠭᠦᠷ᠎ᠤᠨ ᠠᠵᠤ ᠠᠬᠤᠶ᠎ᠶᠢᠨ ᠪᠠᠶ᠋ᠢᠭᠤᠯᠤᠯ᠎ᠢ ᠪᠠᠶ᠋ᠢᠭᠤᠯᠬᠤ᠎ᠪᠠᠷ ᠭᠤᠤᠯᠳᠠᠯᠭ᠎ᠠ ᠪᠣᠯᠬᠤ ᠠᠵᠢᠯ᠎ᠢᠶᠠᠨ ᠪᠣᠯᠭ᠋ᠠᠵᠤ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠶᠢ ᠠᠬᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠵᠡᠷᠭᠡ ᠪᠣᠳᠠᠲᠠᠶ᠎ᠶᠢ ᠡᠷᠬᠢᠮᠯᠡᠬᠦ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠶ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠯᠣᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠳᠤ᠂ ᠥᠭᠡᠷᠡᠴᠢᠯᠡᠯᠲᠡ ᠬᠢᠵᠦ ᠪᠣᠭᠣᠮᠲᠠ ᠰᠢᠪᠲᠤᠯᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠬᠤᠶᠠᠷ ᠥᠴᠦᠬᠡᠨ ᠴᠦ᠍ ᠭᠤᠶ᠋ᠢᠪᠢᠰᠢ ᠦᠭᠡᠢ》 ᠵᠢ ᠪᠠᠷᠢᠮᠲᠠᠯᠠᠨ ᠨᠠᠶ᠋ᠢᠳᠠᠪᠤᠷᠢᠵᠢᠭᠤᠯᠵᠤ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠶᠢ ᠬᠦᠴᠦᠲᠡᠢ ᠠᠬᠢᠭᠤᠯᠵᠤ᠂ ᠠᠷᠠᠳ᠎ᠡᠴᠡ ᠡᠵᠡᠩᠨᠡᠭᠰᠡᠨ ᠠᠵᠤ ᠠᠬᠤᠶ᠎ᠶᠢ ᠠᠬᠢᠭᠤᠯᠬᠤ ᠬᠠᠤᠯᠢ᠂ ᠠᠷᠠᠳ᠎ᠡᠴᠡ ᠡᠵᠡᠩᠨᠡᠭᠰᠡᠨ ᠠᠵᠤ ᠠᠬᠤᠶ᠎ᠶᠢᠨ ᠬᠥᠭᠵᠢᠯᠲᠡ᠎ᠶᠢ ᠠᠬᠢᠭᠤᠯᠬᠤ ᠲᠦᠷᠢᠮ᠎ᠢ ᠪᠥᠬᠦ ᠲᠠᠯ᠎ᠠ᠎ᠪᠠᠷ ᠨᠠᠢᠳᠠᠪᠤᠷᠢᠵᠢᠭᠤᠯᠤᠨ᠂ 《ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠣᠨ》᠎ᠤ ᠠᠵᠢᠯᠯᠠᠭᠠᠨ᠎ᠢ ᠥᠷᠨᠢᠭᠦᠯᠵᠦ᠂ ᠪᠠᠷᠢᠮᠵᠢᠶ᠎ᠠ᠎ᠶᠢ ᠳᠡᠭᠡᠭᠰᠢᠯᠡᠭᠦᠯᠦᠨ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠦ᠂ ᠲᠣᠭᠲᠠᠴᠠ᠎ᠶᠢ ᠪᠠᠶ᠋ᠢᠭᠤᠯᠤᠨ ᠦᠢ᠍ᠯᠡᠴᠢᠯᠡᠭᠡ᠎ᠶᠢ ᠰᠢᠯᠢᠳᠡᠭᠵᠢᠭᠦᠯᠵᠦ᠂ ᠬᠠᠤᠯᠢ᠎ᠪᠠᠷ ᠵᠠᠰᠠᠬᠤ᠎ᠶᠢ ᠴᠢᠩᠭ᠋ᠠᠳᠬᠠᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠮᠠᠯᠠᠯᠲᠠ᠎ᠪᠠᠨ ᠪᠡᠶᠡᠯᠡᠭᠦᠯᠵᠦ ᠵᠢᠱ᠌ᠢᠯᠲᠡ᠎ᠶᠢ ᠰᠢᠯᠢᠳᠡᠭᠵᠢᠭᠦᠯᠵᠦ᠂ ᠨᠡᠶ᠋ᠢᠭᠡᠮ ᠵᠢᠷᠤᠮ᠎ᠤᠨ ᠥᠨᠳᠥᠷ ᠬᠢᠷᠢ ᠲᠦᠪᠰᠢᠨ ᠪᠦᠬᠦᠢ ᠵᠠᠬ᠎ᠠ ᠳᠡᠯᠭᠡᠭᠦᠷ᠎ᠤᠨ ᠠᠵᠤ ᠠᠬᠤᠶ᠎ᠶᠢᠨ ᠪᠠᠶ᠋ᠢᠭᠤᠯᠤᠯ᠎ᠢ ᠪᠠᠶ᠋ᠢᠭᠤᠯᠤᠨ᠎ᠠ ᠭᠡᠵᠦ ᠳᠣᠷᠠᠳᠣᠨ ᠭᠠᠷᠭ᠋ᠠᠪᠠ᠃

ᠥᠪᠥᠷ ᠮᠣᠩᠭᠤᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠵᠤ ᠠᠬᠤᠶ ᠵᠢᠨ ᠰᠤᠳᠤᠯᠭ᠋ᠠᠨ᠎ᠤ ᠭᠠᠵᠠᠷ᠎ᠤᠨ ᠳᠡᠳ᠋ ᠳᠠᠷᠤᠭ᠎ᠠ  ᠰᠤᠳᠤᠯᠤᠭᠴᠢ  ᠯᠢ ᠶᠢᠩ  ᠲᠣᠯᠣᠭ᠋ᠠᠨ ᠵᠣᠢ᠌ᠯ᠎ᠤᠨ ᠭᠣᠣᠯᠳᠠᠯᠭ᠎ᠠ ᠪᠣᠯᠬᠤ ᠡᠭᠦᠷᠭᠡ᠎ᠶᠢᠨ ᠳᠣᠲᠣᠷ᠎ᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠶᠢ ᠠᠬᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠲᠠᠯ᠎ᠠ᠎ᠪᠠᠷ ᠰᠢᠨᠵᠢᠯᠡᠬᠦ ᠤᠬᠠᠭ᠋ᠠᠨᠴᠢ ᠪᠠᠶ᠋ᠢᠷᠢᠯᠠᠭᠤᠯᠤᠯᠲᠠ ᠬᠢᠵᠦ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶᠢᠨ ᠳᠣᠲᠣᠷᠠᠬᠢ ᠬᠤᠶᠠᠷ ᠶᠡᠭᠡ ᠭᠤᠤᠯ ᠴᠣᠭᠴᠠ ᠪᠣᠯᠬᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠰᠠᠶ᠋ᠢᠨ ᠰᠠᠶ᠋ᠢᠬᠠᠨ ᠣᠷᠴᠢᠨ ᠨᠥᠬᠦᠴᠡᠯ ᠬᠠᠩᠭ᠋ᠠᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠠᠶ᠋ᠢᠯᠳᠤᠬᠤ ᠪᠣᠳᠣᠯᠭ᠎ᠠ᠎ᠶᠢᠨ ᠲᠤᠯᠭ᠋ᠠᠭᠤᠷᠢᠯᠠᠬᠤ ᠪᠠᠶ᠋ᠢᠷᠢ ᠰᠠᠭᠤᠷᠢ᠎ᠶᠢ ᠴᠢᠩᠭ᠋ᠠᠷᠠᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠶ᠎ᠶᠢᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠭᠴᠢ ᠬᠦᠴᠦᠨ᠎ᠢ ᠨᠡᠮᠡᠭᠳᠡᠭᠦᠯᠪᠡ᠃

ᠠᠵᠤ ᠠᠬᠤᠶ᠎ᠶᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢ᠌ᠷᠡᠭᠦᠯᠬᠦ ᠨᠢ᠂ 《ᠴᠢᠯᠥᠭᠡᠲᠡᠶ ᠪᠣᠯᠭᠠᠪᠠᠰᠤ ᠬᠥᠭᠵᠢᠭᠡᠬᠦ》 ᠮᠥᠷᠲᠡᠭᠡᠨ 《ᠬᠠᠮᠢᠶᠠᠷᠴᠤ ᠴᠢᠳᠠᠪᠠᠰᠤ ᠴᠢᠩᠭᠠᠷᠠᠬᠤ》 ᠠᠵᠤ ᠠᠬᠤᠶ᠎ᠶᠢᠨ ᠡᠮᠬᠢ ᠳᠢᠭᠯᠢᠮ᠎ᠢ ᠪᠣᠶ ᠪᠣᠯᠭ᠋ᠠᠨ᠎ᠠ᠃ ᠥᠪᠥᠷ ᠮᠣᠩᠭᠤᠯ ᠤᠯᠤᠰ᠎ᠤᠨ ᠦᠮᠴᠢᠯᠡᠯᠲᠦ ᠡᠳ᠋ ᠬᠥᠷᠥᠩᠭᠡ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠵᠦ᠂ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠪᠠᠶ᠋ᠢᠷᠢᠰᠢᠭᠤᠯᠤᠯᠲᠠ᠎ᠶᠢ ᠰᠢᠯᠢᠳᠡᠭᠵᠢᠭᠦᠯᠬᠦ ᠪᠠ ᠪᠦᠲᠦᠴᠡ᠎ᠶᠢ ᠲᠣᠬᠢᠷᠠᠭᠤᠯᠬᠤ᠎ᠪᠠᠨ ᠲᠦᠷᠭᠡᠳᠬᠡᠨ ᠠᠬᠢᠭᠤᠯᠵᠤ᠂ ᠠᠳᠠᠯᠢ ᠪᠤᠰᠤ ᠲᠥᠷᠥᠯ ᠬᠡᠯᠪᠡᠷᠢ᠎ᠶᠢᠨ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠴᠢᠳᠠᠮᠵᠢ᠎ᠶᠢᠨ ᠪᠠᠶ᠋ᠢᠷᠢ ᠲᠣᠭᠲᠠᠭ᠋ᠠᠯᠲᠠ᠎ᠶᠢ ᠤᠯᠠᠮ ᠨᠢᠭᠡ ᠠᠯᠬᠤᠮ ᠲᠣᠳᠣᠷᠬᠠᠶ ᠪᠣᠯᠭ᠋ᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ᠎ᠤᠨ ᠬᠠᠮᠢᠶᠠᠷᠤᠯᠲᠠ᠎ᠶᠢ ᠴᠢᠩᠭ᠋ᠠᠳᠬᠠᠨ᠂ ᠳᠠᠭᠠᠯᠲᠠ ᠠᠵᠤ ᠠᠬᠤᠶ᠋ᠢᠯᠠᠯ᠎ᠤᠨ ᠡᠷᠦᠬᠡ᠎ᠶᠢᠨ ᠲᠤᠭ᠎ᠠ᠎ᠶᠢ ᠶᠡᠭᠡ᠎ᠪᠠᠷ ᠪᠠᠭ᠋ᠠᠰᠬᠠᠵᠤ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠦᠳ᠎ᠢ ᠴᠣᠮᠬᠠᠳᠬᠠᠨ ᠰᠢᠯᠢᠳᠡᠭᠵᠢᠭᠦᠯᠵᠦ ᠬᠥᠭᠵᠢᠭᠦᠯᠦᠨ ᠬᠦᠴᠦᠷᠬᠡᠭᠵᠢᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠠᠵᠠᠷ (ᠰᠤᠳᠤᠯᠬᠤ ᠲᠠᠰᠤᠭ)᠎ᠤᠨ ᠭᠠᠵᠠᠷ᠎ᠤᠨ ᠳᠠᠷᠤᠭ᠎ᠠ  ᠰᠥᠩ ᠵᠢᠶᠠ ᠨᠢᠩ  ᠣᠲᠣ ᠶᠠᠭ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠶᠢ ᠨᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠲᠥᠰᠦᠯ᠎ᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠠᠢᠷᠢᠰᠢᠭᠤᠯᠤᠯᠲᠠ᠎ᠶᠢᠨ ᠵᠦᠶ ᠵᠣᠬᠢᠰᠲᠠᠶ᠂ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠪᠦᠲᠦᠴᠡ᠎ᠶᠢ ᠰᠢᠯᠢᠳᠡᠭᠵᠢᠭᠦᠯᠬᠦ᠂ ᠲᠣᠭᠲᠠᠴᠠ᠎ᠶᠢ ᠲᠡᠭᠦᠯᠳᠡᠷᠵᠢᠭᠦᠯᠬᠦ᠂ ᠵᠠᠰᠠᠯᠲᠠ᠎ᠶᠢ ᠰᠢᠨᠵᠢᠯᠡᠬᠦ ᠤᠬᠠᠭ᠋ᠠᠨᠴᠢ ᠪᠣᠯᠭᠠᠬᠤ᠎ᠶᠢ ᠠᠬᠢᠭᠤᠯᠵᠤ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠥᠷᠲᠡᠭ᠎ᠢ ᠡᠭᠦᠳᠦᠨ ᠪᠦᠲᠦᠭᠡᠬᠦ ᠪᠠ ᠨᠡᠶ᠋ᠢᠭᠡᠮ᠎ᠳᠤ ᠬᠤᠪᠢ ᠨᠡᠮᠡᠷᠢ ᠦᠵᠡᠭᠦᠯᠬᠦ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ ᠪᠣᠢ᠃

ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯ ᠵᠠᠬ᠎ᠠ ᠳᠡᠯᠭᠡᠭᠦᠷ᠎ᠤᠨ ᠢᠲᠡᠭᠡᠯ᠎ᠢ ᠲᠣᠭᠲᠠᠪᠤᠷᠢᠵᠢᠭᠤᠯᠬᠤ᠂ ᠠᠵᠤ ᠠᠬᠤᠢ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠬᠦᠴᠦᠨ ᠵᠦᠢ᠍ᠯ ᠪᠣᠯᠣᠨ᠎ᠠ᠃ ᠥᠪᠥᠷ ᠮᠣᠩᠭᠤᠯ 2026 ᠣᠨ᠎ᠢ ᠪᠥᠬᠦ ᠣᠷᠣᠨ᠎ᠤ 《ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠣᠨ》 ᠪᠣᠯᠭ᠋ᠠᠵᠤ᠂ ᠪᠠᠷᠢᠮᠵᠢᠶ᠎ᠠ᠎ᠶᠢ ᠳᠡᠭᠡᠭᠰᠢᠯᠡᠭᠦᠯᠦᠨ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠬᠦ᠂ ᠲᠣᠭᠲᠠᠴᠠ᠎ᠶᠢ ᠪᠠᠶ᠋ᠢᠭᠤᠯᠤᠨ ᠦᠢ᠍ᠯᠡᠴᠢᠯᠡᠭᠡ᠎ᠶᠢ ᠰᠢᠯᠢᠳᠡᠭᠵᠢᠭᠦᠯᠬᠦ᠂ ᠬᠠᠤᠯᠢ᠎ᠪᠠᠷ ᠵᠠᠰᠠᠬᠤ᠎ᠶᠢ ᠬᠦᠴᠦᠷᠬᠡᠭᠵᠢᠬᠦᠯᠬᠦ ᠪᠠᠲᠣᠯᠠᠭ᠎ᠠ᠎ᠶᠢ ᠰᠢᠯᠢᠳᠡᠭᠵᠢᠭᠦᠯᠬᠦ᠂ ᠠᠮᠠᠯᠠᠯᠲᠠ᠎ᠪᠠᠨ ᠪᠡᠶᠡᠯᠡᠭᠦᠯᠵᠦ ᠵᠢᠱ᠌ᠢᠯᠲᠡ᠎ᠶᠢ ᠰᠢᠯᠢᠳᠡᠭᠵᠢᠭᠦᠯᠬᠦ 《ᠳᠥᠷᠪᠡᠨ ᠰᠢᠯᠢᠳᠡᠭᠵᠢᠭᠦᠯᠬᠦ》᠎ᠪᠠᠷ ᠳᠠᠮᠵᠢᠭᠤᠯᠤᠨ᠂ ᠲᠡᠷᠢᠭᠦᠨ ᠵᠡᠷᠭᠡ᠎ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠢ ᠪᠣᠶ ᠪᠣᠯᠭ᠋ᠠᠬᠤ ᠲᠠᠯ᠎ᠠ᠎ᠪᠠᠷ ᠰᠢᠪᠲᠤᠯᠤᠯᠲᠠ᠎ᠶᠢᠨ ᠴᠢᠨᠠᠷᠲᠠᠶ ᠠᠬᠢᠯᠲᠠ ᠲᠠᠢ ᠪᠣᠯᠣᠨ᠎ᠠ᠃

ᠥᠪᠥᠷ ᠮᠣᠩᠭᠤᠯ᠎ᠤᠨ ᠨᠡᠶ᠋ᠢᠲᠡ᠎ᠶᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ  ᠱ᠌ᠢ ᠸᠧᠢ ᠬᠤᠸᠠ  ᠬᠠᠮᠵᠢᠯᠴᠠᠬᠤ ᠲᠣᠭᠲᠠᠴᠠ ᠵᠢᠨ ᠨᠠᠶ᠋ᠢᠳᠠᠪᠤᠷᠢᠵᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠳᠣᠲᠣᠭ᠋ᠠᠳᠤ᠎ᠶᠢ ᠬᠠᠮᠠᠭ᠋ᠠᠯᠠᠬᠤ ᠪᠠᠢᠴᠠᠭᠠᠬᠤ ᠰᠢᠭᠦᠬᠦ ᠬᠠᠤᠯᠢ ᠴᠠᠭ᠋ᠠᠵᠠ ᠵᠡᠷᠭᠡ ᠰᠠᠯᠠᠭ᠎ᠠ ᠮᠥᠴᠢᠷ᠎ᠯᠦᠭᠡ᠎ᠶᠢᠨ ᠬᠠᠷᠢᠯᠴᠠᠭ᠎ᠠ ᠬᠣᠯᠪᠣᠭ᠎ᠠ᠎ᠶᠢ ᠭᠦᠨᠵᠡᠭᠡᠶ᠋ᠢᠷᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠬᠦᠳᠦᠯᠦᠨ ᠵᠢᠯᠣᠭᠣᠳᠴᠤ ᠪᠠᠢᠭᠠᠳ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠠᠵᠤ ᠠᠬᠤᠶ᠋ᠢᠯᠠᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠬᠥᠲᠥᠯᠦᠮᠵᠢ ᠪᠣᠯᠭ᠋ᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠣᠮ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠣᠷᠴᠢᠨ ᠨᠥᠬᠥᠴᠡᠯ ᠪᠠ ᠬᠠᠤᠯᠢ᠎ᠪᠠᠷ ᠵᠠᠰᠠᠬᠤ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠪᠠᠶ᠋ᠢᠭᠤᠯᠤᠯᠲᠠ᠎ᠶᠢ ᠨᠢᠭᠡ ᠴᠤᠭᠴᠠᠵᠢᠭᠤᠯᠤᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠬᠠᠤᠯᠢ ᠴᠠᠭ᠋ᠠᠵᠠ᠎ᠶᠢᠨ ᠦᠢ᠍ᠯᠡᠴᠢᠯᠡᠭᠡ᠎ᠪᠠᠷ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠡᠷᠡᠭᠦᠯ᠎ᠢᠶᠡᠷ ᠬᠥᠭᠵᠢᠬᠦ᠂ ᠴᠢᠨᠠᠷ ᠰᠠᠢᠲᠠᠢ ᠬᠥᠭᠵᠢᠬᠦ᠎ᠶᠢ ᠬᠠᠮᠠᠭᠠᠯᠠᠨ᠎ᠠ᠃

 

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ