ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠤᠯ 1349 ᠲᠦᠮᠡᠨ ᠲᠥᠭᠦᠷᠢᠭ ᠪᠠᠭᠤᠯᠭ᠋ᠠᠵᠤ ᠦᠨᠳᠦᠰᠦᠨ ᠱᠠᠲᠤᠨ᠎ᠤ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠳᠡᠮᠵᠢᠪᠡ
ᠨᠡᠶ᠋ᠢᠲᠡᠯᠡᠭᠰᠡᠨ ᠴᠠᠭ᠄ 2026-01-09

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠣᠢ᠌ᠯᠠᠭ᠋ᠠᠭᠰᠠᠨ᠎ᠢᠶᠠᠷ᠂ ᠦᠨᠳᠦᠰᠦᠨ ᠱᠠᠲᠤᠨ᠎ᠤ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢᠨ ᠪᠠᠢ᠌ᠭᠤᠯᠤᠯᠲᠠ᠎ᠶᠢ ᠴᠢᠩᠭᠠᠳᠬᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠯᠤᠭᠡ ᠬᠠᠮᠲᠤᠷᠠᠨ᠂ 2026 ᠣᠨ᠎ᠤ ᠰᠣᠶᠣᠯ᠎ᠤᠨ ᠴᠢᠳᠠᠪᠤᠷᠢᠲᠠᠨ᠎ᠤ ᠲᠤᠰᠬᠠᠢ ᠵᠠᠷᠤᠳᠠᠯ᠎ᠢ 1349 ᠲᠦᠮᠡᠨ ᠲᠥᠭᠥᠷᠢᠭ ᠤᠷᠢᠳᠴᠢᠯᠠᠨ ᠪᠠᠭᠤᠯᠭ᠋ᠠᠵᠠᠢ᠃

ᠣᠶ᠋ᠢᠯᠠᠭ᠋ᠠᠭᠰᠠᠨ᠎ᠢᠶᠠᠷ᠂ ᠲᠣᠰ ᠤᠳᠠᠭ᠋ᠠᠨ᠎ᠤ ᠪᠠᠭᠤᠯᠭ᠋ᠠᠭᠰᠠᠨ ᠪᠠᠯᠠ ᠮᠥᠩᠭᠦ ᠨᠢ ᠴᠥᠮ ᠳᠣᠷᠣᠭᠰᠢ ᠪᠠᠭᠤᠯᠭ᠋ᠠᠬᠤ ᠲᠤᠰᠬᠠᠶ ᠵᠦᠢ᠍ᠯ᠎ᠤᠨ ᠰᠢᠯᠵᠢᠭᠦᠯᠦᠨ ᠥᠭᠬᠦ ᠪᠠᠯᠠ ᠮᠥᠩᠭᠦ ᠪᠠᠢ᠌ᠵᠤ᠂ ᠦᠨᠳᠦᠰᠦᠨ ᠱᠠᠲᠤᠨ᠎ᠤ ᠰᠣᠶᠣᠯ᠎ᠤᠨ ᠴᠢᠳᠠᠪᠤᠷᠢᠲᠠᠨ᠎ᠢ ᠰᠣᠩᠭᠤᠨ ᠲᠣᠮᠢᠯᠠᠬᠤ ᠪᠠ ᠬᠥᠮᠦᠵᠢᠭᠦᠯᠬᠦ᠎ᠶᠢ ᠳᠡᠮᠵᠢᠬᠦ᠎ᠳᠤ ᠬᠡᠷᠡᠭᠯᠡᠨ᠂ ᠰᠣᠶᠣᠯ᠎ᠤᠨ ᠴᠢᠳᠠᠪᠤᠷᠢᠲᠠᠨ᠎ᠢ ᠵᠣᠷᠢᠭᠵᠢᠭᠤᠯᠵᠤ ᠬᠥᠲᠦᠯᠦᠨ ᠵᠢᠯᠣᠭᠣᠳᠴᠤ ᠪᠠᠢ᠌ᠭ᠋ᠠᠳ ᠬᠠᠲᠠᠭᠤ ᠪᠡᠷᠬᠡᠰᠢᠶᠡᠯᠲᠡᠶ ᠬᠢᠯᠢ ᠬᠢᠵᠠᠭ᠋ᠠᠷ ᠣᠷᠣᠨ ᠪᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠦᠢ᠍ᠯᠡᠴᠢᠯᠡᠵᠦ ᠳᠡᠮᠵᠢᠬᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠪᠠᠯᠠ ᠮᠥᠩᠭᠥᠨ᠎ᠦ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠲᠥᠰᠦᠪ᠎ᠢ ᠬᠡᠷᠡᠭᠵᠢᠭᠦᠯᠬᠦ ᠪᠠ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ᠎ᠶᠢ ᠪᠥᠬᠦ ᠲᠠᠯ᠎ᠠ᠎ᠪᠠᠷ ᠬᠠᠷᠢᠭᠤᠴᠠᠨ᠎ᠠ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠨᠢ ᠪᠠᠯᠠ ᠮᠥᠩᠭᠥᠨ᠎ᠦ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠢ ᠬᠢᠨᠠᠨ ᠪᠠᠶ᠋ᠢᠴᠠᠭ᠋ᠠᠬᠤ᠂ ᠬᠤᠷᠢᠶᠠᠩᠭᠤᠢ᠌ᠯᠠᠨ ᠲᠥᠰᠥᠪᠯᠡᠬᠦ ᠵᠡᠷᠭᠡ᠎ᠶᠢ ᠬᠠᠷᠢᠭᠤᠴᠠᠨ᠎ᠠ᠃

《ᠲᠠᠷᠠᠭ᠋ᠠᠴᠢ᠎ᠶᠢᠨ ᠠᠯᠬᠤᠮ᠎ᠳᠤ᠂ ᠪᠢᠳᠡ ᠦᠨᠳᠦᠰᠦᠨ ᠱᠠᠲᠤᠨ᠎ᠤ ᠰᠣᠶᠣᠯ᠎ᠤᠨ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠳᠤ ᠦᠷᠭᠦᠯᠵᠢᠯᠡᠨ ᠨᠠᠷᠢᠯᠢᠭ ᠣᠨᠣᠴᠠᠲᠠᠶ᠎ᠪᠠᠷ ᠠᠩᠬᠠᠷᠤᠯ᠎ᠢᠶᠡᠨ ᠲᠥᠪᠯᠡᠷᠡᠭᠦᠯᠵᠦ᠂ ᠡᠳ᠋᠎ᠤᠨ ᠵᠠᠰᠠᠭ᠎ᠤᠨ ᠪᠠᠯᠠ ᠮᠥᠩᠭᠥᠨ᠎ᠦ ᠬᠥᠲᠥᠯᠦᠨ ᠵᠢᠯᠣᠭᠤᠳᠬᠤ ᠪᠠ ᠪᠠᠲᠤᠯᠠᠬᠤ ᠦᠢ᠍ᠯᠡᠳᠦᠯ᠎ᠢ ᠴᠢᠩᠭ᠋ᠠᠷᠠᠭᠤᠯᠤᠨ᠂ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ ᠪᠠ ᠬᠢᠨᠠᠯᠲᠠ ᠪᠠᠶ᠋ᠢᠴᠠᠭ᠋ᠠᠯᠲᠠ᠎ᠶᠢ ᠴᠢᠩᠭ᠋ᠠᠳᠬᠠᠬᠤ᠎ᠪᠠᠷ ᠳᠠᠮᠵᠢᠭᠤᠯᠤᠨ᠂ ᠡᠳ᠋᠎ᠤᠨ ᠵᠠᠰᠠᠭ᠎ᠤᠨ ᠪᠠᠯᠠ ᠮᠥᠩᠭᠦ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ