ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠬᠥᠬᠡᠬᠣᠲᠠ ᠪᠤᠭᠤᠲᠤ ᠬᠤᠳᠠ᠎ᠳᠤ ᠭᠠᠮᠱᠢᠭ᠎ᠤᠨ ᠳᠠᠷᠠᠭᠠᠬᠢ ᠰᠡᠷᠭᠦᠭᠡᠨ ᠳᠠᠬᠢᠨ ᠪᠥᠲᠥᠭᠡᠨ ᠪᠠᠢᠭᠤᠯᠬᠤ ᠪᠠ ᠭᠠᠮᠱᠢᠭ᠍ᠳᠠᠭ᠍ᠰᠠᠨ ᠣᠯᠠᠨ ᠲᠦᠮᠡᠨ᠎ᠢ ᠲᠥᠪᠬᠢᠨᠡᠭᠦᠯᠬᠦ᠌ ᠪᠠᠲᠤᠯᠠᠭ᠎ᠠ᠎ᠶ᠋ᠢᠨ ᠠᠵᠢᠯ᠎ᠢ ᠪᠠᠢᠴᠠᠭᠠᠨ ᠰᠤᠳᠤᠯᠵᠤ ᠵᠢᠯᠣᠭᠣᠳᠪᠠ
ᠨᠡᠶ᠋ᠢᠲᠡᠯᠡᠭᠰᠡᠨ ᠴᠠᠭ᠄ 2025-12-01

11 ᠰᠠᠷ᠎ᠠ᠎ᠶ᠋ᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠥᠬᠡᠬᠣᠲᠠ᠂ ᠪᠤᠭᠤᠲᠤ ᠬᠣᠲᠠ᠎ᠳᠤ ᠱᠢᠷᠦᠭᠦᠨ ᠪᠣᠷᠣᠭᠠᠨ᠎ᠤ ᠭᠠᠮᠱᠢᠭ᠎ᠤᠨ ᠳᠠᠷᠠᠭᠠᠬᠢ ᠰᠡᠷᠭᠦᠭᠡᠵᠦ᠍ ᠳᠠᠬᠢᠨ ᠪᠥᠲᠥᠭᠡᠨ ᠪᠠᠢᠭᠤᠯᠬᠤ ᠪᠠ ᠭᠠᠮᠱᠢᠭ᠍ᠳᠠᠭ᠍ᠰᠠᠨ ᠣᠯᠠᠨ ᠲᠦᠮᠡᠨ᠎ᠢ ᠲᠥᠪᠬᠢᠨᠡᠭᠦᠯᠬᠦ᠌ ᠪᠠᠲᠤᠯᠠᠭ᠎ᠠ᠎ᠶ᠋ᠢᠨ ᠠᠵᠢᠯ᠎ᠢ ᠪᠠᠢᠴᠠᠭᠠᠨ ᠰᠤᠳᠤᠯᠵᠤ ᠵᠢᠯᠣᠭᠣᠳᠪᠠ᠃ ᠲᠡᠷᠡ᠂ ᠶᠡᠷᠦᠩᠬᠡᠶ ᠱᠦᠵᠢ ᠰᠢ᠎ᠵᠢᠨ᠎ᠫᠢᠩ᠎ᠦᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠭᠠᠮᠱᠢᠭ᠎ᠤᠨ ᠳᠠᠷᠠᠭᠠᠬᠢ ᠳᠠᠬᠢᠨ ᠪᠥᠲᠥᠭᠡᠨ ᠪᠠᠢᠭᠤᠯᠬᠤ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠭᠠᠮᠱᠢᠭ᠍ᠳᠠᠭ᠍ᠰᠠᠨ ᠣᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠌᠂ ᠠᠮᠤᠷ ᠲᠠᠢᠪᠤᠩ ᠠᠵᠤ ᠲᠦᠷᠦᠭᠦ᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ ᠱᠠᠩᠳᠠ ᠪᠠᠯᠭᠠᠰᠤᠨ᠎ᠳᠤ᠂ ᠸᠠᠩ ᠸᠧᠶ ᠵᠥᠩ ᠭᠠᠮᠱᠢᠭ᠍ᠳᠠᠭ᠍ᠰᠠᠨ ᠪᠠᠢᠳᠠᠯ᠂ ᠰᠡᠷᠭᠦᠭᠡᠵᠦ᠍ ᠳᠠᠬᠢᠨ ᠪᠥᠲᠥᠭᠡᠨ ᠪᠠᠢᠭᠤᠯᠬᠤ ᠠᠬᠢᠴᠠ ᠪᠠ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠲᠣᠬᠢᠷᠠᠭᠤᠯᠤᠯᠲᠠ᠎ᠶ᠋ᠢ ᠨᠠᠷᠢᠯᠢᠭ ᠣᠢᠯᠠᠭᠠᠪᠠ᠃ ᠲᠡᠷᠡ ᠭᠠᠮᠱᠢᠭ᠍ᠳᠠᠭ᠍ᠰᠠᠨ ᠤᠯᠠᠨ ᠲᠦᠮᠡᠨ᠎ᠢ ᠲᠥᠪᠯᠡᠷᠡᠭᠦᠯᠦᠨ ᠲᠥᠪᠬᠢᠨᠡᠭᠦᠯᠬᠦ᠌ ᠴᠡᠭ ᠪᠤᠯᠬᠤ ᠳᠠᠯᠠᠢ ᠲᠣᠰᠭᠣᠨ᠎ᠤ ᠱᠢᠩ ᠹᠦ᠋ ᠶᠤᠸᠠᠨ᠎ᠳᠤ ᠬᠦᠷᠴᠦ᠍ ᠪᠠᠢᠷᠢ᠂ ᠬᠣᠭᠣᠯᠠᠨ ᠭᠡᠷ᠂ ᠲᠣᠭᠣᠭᠠᠨ ᠭᠡᠷ᠂ ᠬᠠᠳᠠᠭᠠᠯᠠᠬᠤ ᠲᠠᠰᠤᠭ᠎ᠢ ᠪᠠᠢᠴᠠᠭᠠᠨ ᠦᠵᠡᠭ᠌ᠰᠡᠨ ᠪᠥᠭᠡᠳ ᠤᠯᠠᠨ ᠲᠦᠮᠡᠨ᠎ᠲᠡᠶ ᠳᠣᠲᠣᠨᠣ᠎ᠪᠠᠷ ᠶᠠᠷᠢᠯᠴᠠᠵᠤ᠂ ᠲᠠᠷᠠᠭ᠎ᠠ ᠨᠢ ᠪᠠᠭ᠎ᠠ ᠲᠠᠯᠢᠪᠠᠷ ᠲᠣᠰᠭᠣᠨ᠎ᠤ ᠭᠠᠮᠱᠢᠭ᠍ᠳᠠᠭ᠍ᠰᠠᠨ ᠤᠯᠠᠨ ᠲᠦᠮᠡᠨ᠎ᠦ ᠭᠡᠷ᠎ᠲᠦ ᠬᠦᠷᠴᠦ᠍ ᠪᠠᠢᠳᠠᠯ᠎ᠢ ᠣᠢᠯᠠᠭᠠᠪᠠ᠃ ᠭᠡᠷ ᠲᠡᠭᠡᠨ ᠬᠡᠳᠦᠨ ᠠᠮᠠ ᠬᠥᠮᠦᠨ᠎ᠲᠡᠶ᠂ ᠠᠮᠢᠳᠤᠷᠠᠯ ᠶᠠᠮᠠᠷ ᠵᠡᠷᠭᠡ᠂ ᠠᠮᠢᠳᠦᠷᠠᠯ᠎ᠤᠨ ᠲᠠᠯ᠎ᠠ᠎ᠪᠠᠷ ᠪᠠᠰᠠ ᠶᠠᠮᠠᠷ ᠬᠦᠴᠢᠷᠳᠡᠯ ᠤᠷᠤᠰᠢᠵᠤ ᠪᠠᠢᠬᠤ ᠵᠡᠷᠬᠡ᠎ᠶᠢ ᠸᠠᠩ ᠸᠧᠶ ᠵᠦᠩ ᠮᠠᠰᠢ ᠨᠠᠷᠢᠯᠢᠭ ᠠᠰᠠᠭᠤᠪᠠ᠃ ᠭᠠᠮᠱᠢᠭ᠍ᠳᠠᠭ᠍ᠰᠠᠨ ᠤᠯᠠᠨ ᠲᠦᠮᠡᠨ᠎ᠦ ᠢᠳᠡᠵᠦ᠍ ᠤᠤᠭᠤᠬᠤ ᠨᠢ ᠰᠠᠢ᠌ᠨ᠂ ᠬᠣᠨᠣᠵᠤ ᠬᠡᠪᠲᠡᠬᠦ᠌ ᠨᠢ ᠳᠤᠯᠠᠭᠠᠨ᠂ ᠰᠠᠳᠬᠢᠯ ᠰᠠᠨᠠᠭ᠎ᠠ ᠪᠠᠶᠠᠰᠤᠩᠭᠤᠢ ᠪᠠᠢᠬᠤ᠎ᠶ᠋ᠢ ᠦᠵᠡᠭᠡᠳ ᠸᠠᠩ ᠸᠧᠢ ᠵᠦᠩ ᠮᠠᠰᠢ ᠪᠠᠶᠠᠷᠯᠠᠪᠠ᠃ ᠲᠡᠷᠡ᠂ ᠶᠡᠷᠦᠩᠬᠡᠢ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ ᠭᠠᠮᠱᠢᠭ᠍ᠳᠠᠭ᠍ᠰᠠᠨ ᠤᠯᠠᠨ ᠲᠦᠮᠡᠨ᠎ᠢ ᠲᠤᠢᠯ᠎ᠢᠶᠠᠷ ᠬᠠᠯᠠᠮᠵᠢᠯᠠᠵᠤ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠡᠴᠡ ᠠᠪᠤᠷᠠᠬᠤ ᠲᠤᠬᠠᠢ ᠠᠯᠢ ᠤᠯᠠᠨ ᠴᠢᠬᠤᠯᠠ ᠪᠠᠢᠷᠢᠯᠠᠭᠤᠯᠤᠯᠲᠠ ᠬᠢᠵᠡᠢ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠦᠨᠡᠨ ᠰᠡᠳᠭᠢᠯ᠎ᠡᠴᠡ᠎ᠪᠠᠨ ᠬᠦᠴᠦ ᠤᠷᠤᠭᠤᠯᠤᠨ ᠱᠢᠢᠳᠪᠦᠷᠢᠯᠡᠬᠦ᠌ ᠬᠡᠷᠡᠭ᠌ᠲᠡᠢ ᠬᠡᠪᠡ᠃ ᠲᠣᠭ᠍ᠲᠠᠬᠤ ᠱᠢᠶᠠᠨ᠎ᠤ ᠱᠤᠸᠠᠩ ᠢ ᠭᠤᠳᠤᠮᠵᠢ᠎ᠶ᠋ᠢᠨ ᠪᠠᠢᠰᠢᠩ ᠬᠡᠷ᠎ᠤᠨ ᠲᠣᠭᠣᠷᠢᠭ ᠪᠣᠯᠤᠨ ᠵᠢᠨ ᠱᠢᠤ ᠬᠤᠸᠠ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠲᠤ᠂ ᠸᠠᠩ ᠸᠧᠢ ᠵᠦᠩ ᠬᠤᠶᠠᠷ ᠭᠠᠮᠱᠢᠭ᠍ᠳᠠᠭ᠍ᠰᠠᠨ ᠡᠷᠤᠬᠡ᠎ᠳᠤ ᠣᠷᠣᠵᠤ᠂ ᠵᠠᠰᠠᠭ᠎ᠤᠨ ᠣᠷᠳᠣᠨ᠎ᠤ ᠲᠤᠰᠠᠯᠠᠮᠵᠢ᠎ᠪᠠᠷ ᠤᠯᠠᠨ ᠲᠦᠮᠡᠨ ᠱᠢᠨ᠎ᠡ ᠬᠡᠷ ᠬᠤᠳᠠᠯᠳᠤᠨ ᠠᠪᠤᠭ᠍ᠰᠠᠨ᠎ᠢ ᠣᠢᠯᠠᠭᠠᠵᠤ᠂ ᠬᠣᠯᠪᠣᠭ᠍ᠳᠠᠯ ᠪᠦᠬᠦᠢ ᠠᠵᠢᠯ᠎ᠢ ᠨᠤᠲᠠᠯᠠᠵᠤ ᠪᠠᠢᠬᠤ᠎ᠪᠠᠨ ᠢᠯᠡᠳᠭᠡᠪᠡ᠃ ᠲᠡᠷᠡ ᠲᠤᠬᠠᠶ᠎ᠶ᠋ᠢᠨ ᠭᠠᠵᠠᠷ᠎ᠤᠨ᠎ᠬᠢᠨ᠎ᠢ ᠬᠣᠢᠱᠢᠳᠠ᠎ᠶ᠋ᠢᠨ ᠪᠠᠲᠤᠯᠠᠭ᠎ᠠ᠎ᠶᠢᠨ ᠠᠵᠢᠯ᠎ᠢ ᠴᠢᠩᠭᠠᠳᠭᠠᠬᠤ᠎ᠶ᠋ᠢᠨ ᠬᠠᠮᠲᠤ ᠭᠠᠮᠱᠢᠭ᠍ᠳᠠᠭ᠍ᠰᠠᠨ ᠣᠯᠠᠨ ᠲᠦᠮᠡᠨ᠎ᠢ ᠨᠠᠮ ᠪᠣᠯᠤᠨ ᠤᠯᠤᠰ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠳᠤᠤᠷ᠎ᠠ ᠦᠶ᠋ᠯᠡᠳᠪᠦᠷᠢᠯᠡᠯ᠎ᠢᠶᠡᠨ ᠢᠳᠡᠪᠬᠢᠲᠡᠶ ᠬᠥᠭ᠌ᠵᠢᠭᠦᠯᠵᠦ᠍᠂ ᠠᠮᠢᠳᠤᠷᠠᠯ᠎ᠢᠶᠠᠨ ᠡᠳᠦᠷ᠎ᠡᠴᠡ ᠡᠳᠦᠷ ᠦᠬᠡᠳᠡᠯᠡᠬᠦᠯᠦᠨ ᠰᠠᠢᠵᠢᠷᠠᠭᠤᠯᠬᠤ᠎ᠶᠢ ᠵᠣᠷᠢᠭ᠍ᠵᠢᠭᠤᠯᠪᠠ᠃

ᠪᠤᠭᠤᠲᠤ ᠬᠣᠲᠠ᠎ᠳᠤ᠂ ᠸᠠᠩ ᠸᠧᠶ ᠵᠥᠩ ᠲᠦᠮᠡᠳ ᠪᠠᠷᠠᠭᠤᠨ ᠬᠣᠱᠢᠭᠤᠨ᠎ᠤ ᠱᠤᠸᠠᠩ ᠯᠦᠩ ᠪᠠᠯᠭᠠᠰᠤᠨ᠎ᠤ ᠯᠤ᠌ ᠰᠠᠨ ᠭᠸ ᠳ᠋ᠦᠶ ᠲᠣᠰᠭᠣᠨ᠎ᠳᠤ ᠬᠦᠷᠴᠦ᠍᠂ ᠲᠣᠰ ᠲᠣᠰ ᠤᠤᠯ ᠭᠠᠵᠠᠷ᠎ᠲᠤᠨᠢ ᠳᠠᠬᠢᠨ ᠪᠦᠲᠦᠭᠡᠨ ᠪᠠᠢᠭᠤᠯᠵᠤ ᠪᠠᠢᠭ᠎ᠠ ᠪᠠ ᠰᠡᠯᠪᠢᠨ ᠵᠠᠰᠠᠵᠤ ᠪᠡᠬᠢᠯᠡᠵᠦ᠍ ᠪᠠᠢᠭ᠎ᠠ ᠬᠡᠷ ᠪᠠᠢᠱᠢᠩ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠭᠠᠮᠱᠢᠭ᠍ᠳᠠᠭ᠍ᠰᠠᠨ ᠣᠯᠠᠨ ᠲᠦᠮᠡᠨ᠎ᠲᠡᠶ ᠬᠠᠮᠳᠤ ᠰᠠᠭᠤᠯᠴᠠᠵᠤ ᠶᠠᠷᠢᠯᠴᠠᠨ᠂ ᠬᠡᠷ ᠪᠠᠢᠱᠢᠩ᠎ᠤᠨ ᠡᠪᠳᠡᠭ᠌ᠳᠡᠭ᠌ᠰᠡᠨ ᠬᠡᠮᠵᠢᠶ᠎ᠡ᠂ ᠵᠠᠰᠠᠵᠤ ᠳᠠᠬᠢᠨ ᠪᠠᠢᠭᠤᠯᠤᠭ᠍ᠰᠠᠨ ᠶᠠᠪᠤᠴᠠ᠂ ᠦᠶ᠋ᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠨᠠᠷᠢᠯᠢᠬ ᠣᠢᠯᠠᠭᠠᠪᠠ᠃ ᠬᠡᠷᠡᠮ ᠳᠡᠭᠡᠷ᠎ᠡ ᠨᠠᠭᠠᠵᠤ ᠪᠠᠢᠭ᠎ᠠ 《ᠱᠢᠨ᠎ᠡ ᠬᠥᠳᠡᠭᠡ ᠲᠣᠰᠭᠣᠨ᠎ᠢ ᠪᠦᠳᠦᠬᠡᠨ ᠪᠠᠢᠭᠤᠯᠵᠤ᠂ ᠬᠥᠳᠡᠭᠡ ᠲᠣᠰᠭᠣᠨ᠎ᠤ ᠦᠵᠡᠰᠭᠦᠯᠡᠩᠲᠦ ᠰᠠᠢᠬᠠᠨ ᠦᠵᠡᠮᠵᠢ》 ᠭᠡᠬᠦ᠌ ᠴᠠᠭᠠᠰᠤᠨ ᠬᠠᠢᠴᠢᠯᠠᠮᠠᠯ᠎ᠢ ᠦᠵᠡᠵᠤ᠂ ᠤᠯᠠᠨ ᠲᠦᠮᠡᠨ᠎ᠦ ᠤᠳᠤ᠎ᠶ᠋ᠢᠨ ᠠᠮᠢᠳᠤᠷᠠᠯ ᠳ᠋ᠠᠭᠠᠨ ᠬᠠᠨᠤᠮᠵᠢᠲᠠᠢ ᠪᠠᠢᠨ᠎ᠠ ᠭᠡᠵᠦ᠍ ᠬᠡᠯᠡᠬᠦ᠌᠎ᠶ᠋ᠢ ᠰᠣᠨᠣᠰᠤᠭᠠᠳ ᠸᠠᠩ ᠸᠧᠢ ᠵᠦᠩ ᠮᠠᠰᠢ ᠪᠠᠶᠠᠷᠯᠠᠪᠠ᠃ ᠲᠡᠷᠡ᠂ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠪᠢᠳᠡ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠬᠠᠲᠠᠭᠤ ᠳᠠᠢᠯᠠᠯᠳᠤᠭᠠᠨ᠎ᠤ ᠢᠯᠠᠯᠲᠠ᠎ᠶ᠋ᠢ ᠲᠡᠮᠡᠴᠡᠨ ᠣᠯᠵᠤ᠂ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠷᠬᠡᠢ ᠳᠠᠪᠠᠭᠤᠯᠢᠭ ᠴᠢᠨᠠᠷ᠎ᠢ ᠭᠦᠢᠴᠡᠳ ᠢᠯᠡᠷᠡᠭᠦᠯᠪᠡ᠂ ᠲᠥᠪᠬᠢᠨᠡᠭᠦᠯᠬᠦ᠌ ᠠᠵᠢᠯ᠎ᠢ ᠠᠯᠢ ᠲᠦᠷᠭᠡᠨ᠎ᠢᠶᠡᠷ ᠱᠠᠯᠠᠪᠳᠠᠨ ᠬᠢᠵᠤ ᠦᠷ᠎ᠠ ᠪᠦᠲᠦᠮᠵᠢ ᠳᠠᠢ ᠪᠡᠶᠡᠯᠡᠭᠦᠯᠬᠦ᠌ ᠬᠡᠷᠡᠭ᠌ᠲᠡᠢ ᠭᠡᠪᠡ᠃

ᠸᠠᠩ ᠸᠧᠶ ᠵᠥᠩ᠂ ᠣᠲᠣ ᠭᠠᠮᠱᠢᠭ᠎ᠤᠨ ᠳᠠᠷᠠᠭᠠᠬᠢ ᠰᠡᠷᠭᠦᠭᠡᠵᠦ᠍ ᠳᠠᠬᠢᠨ ᠪᠥᠲᠥᠭᠡᠨ ᠪᠠᠢᠭᠤᠯᠬᠤ ᠠᠵᠢᠯ ᠶᠠᠭ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠂ ᠬᠣᠲᠠ ᠱᠢᠶᠠᠨ ᠬᠣᠶᠠᠷ ᠱᠠᠲᠤᠨ᠎ᠤ᠎ᠬᠢᠨ ᠨᠢᠭᠡᠳᠦᠯᠲᠡᠶ ᠲᠥᠯᠥᠪᠵᠢᠭᠦᠯᠬᠦ᠌᠎ᠪᠡᠨ ᠴᠢᠩᠭᠠᠳᠭᠠᠵᠤ᠂ ᠭᠠᠵᠠᠷ᠎ᠤᠨ ᠪᠠᠢᠴᠠ᠎ᠨᠢ ᠨᠡᠯᠢᠶᠡᠳ ᠳᠤᠤᠷ᠎ᠠ᠂ ᠦᠶᠡᠷ ᠤᠰᠤᠲᠤᠯ᠎ᠤᠨ ᠭᠠᠮᠱᠢᠭ᠎ᠤᠨ ᠠᠶᠤᠯ ᠲᠦᠭ᠌ᠰᠢᠭᠦᠷᠢ ᠣᠷᠣᠱᠢᠵᠤ ᠪᠠᠢᠭ᠎ᠠ ᠳᠠᠬᠢᠨ ᠪᠥᠲᠥᠭᠡᠨ ᠪᠠᠢᠭᠤᠯᠬᠤ ᠴᠢᠬᠤᠯᠠᠲᠠᠶ ᠠᠢᠯ ᠲᠣᠰᠭᠣᠨ᠎ᠤ ᠭᠠᠵᠠᠷ ᠰᠣᠩᠭᠣᠬᠤ᠎ᠶᠢ ᠵᠦᠶ ᠵᠣᠬᠢᠰᠲᠠᠶ ᠰᠤᠳᠤᠯᠤᠨ᠂ ᠪᠦᠬᠦᠯᠢ ᠴᠣᠭ᠍ᠴᠠ᠎ᠪᠠᠷ ᠨᠢ ᠨᠡᠭᠦᠯᠭᠡᠬᠦ᠌᠎ᠶ᠋ᠢ ᠰᠦᠪᠡᠭ᠌ᠴᠢᠯᠡᠵᠦ᠍᠂ ᠠᠰᠠᠭᠤᠳᠠᠯ᠎ᠢ ᠦᠨᠳᠦᠰᠦᠨ᠎ᠡᠴᠡ᠎ᠨᠢ ᠱᠢᠶ᠋ᠳᠪᠦᠷᠢᠯᠡᠬᠦ᠌ ᠬᠡᠷᠡᠭ᠌ᠲᠡᠶ᠃ ᠡᠭᠦᠨ᠎ᠦ ᠬᠠᠮᠲᠤ ᠪᠠᠷᠢᠯᠭ᠎ᠠ᠎ᠶ᠋ᠢᠨ ᠠᠵᠢᠯ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠠᠬᠢᠨ ᠪᠦᠳᠦᠬᠡᠨ ᠪᠠᠢᠭᠤᠯᠬᠤ ᠶᠠᠰᠤ ᠴᠢᠨᠠᠷ᠎ᠤᠨ ᠪᠣᠭᠣᠮᠲᠠ᠎ᠶ᠋ᠢ ᠴᠢᠩᠭ᠎ᠠ ᠰᠠᠬᠢᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠡᠯ᠎ᠡ ᠭᠠᠵᠠᠷ᠎ᠢ ᠵᠢᠯᠣᠭᠣᠳᠤᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳ᠋ᠤᠨᠢ ᠲᠣᠬᠢᠷᠠᠭᠤᠯᠤᠨ ᠳᠠᠬᠢᠨ ᠪᠦᠲᠦᠭᠡᠨ ᠪᠠᠢᠭᠤᠯᠬᠤ ᠭᠡᠷ ᠪᠠᠢᠱᠢᠩ᠎ᠤᠨ ᠲᠠᠯᠠᠪᠠᠶ᠂ ᠭᠡᠷ᠎ᠦᠨ ᠬᠡᠯᠪᠡᠷᠢ ᠪᠣᠯᠤᠨ ᠢᠵᠢ ᠪᠦᠷᠢᠳᠦᠭᠦᠯᠬᠦ᠌ ᠴᠢᠳᠠᠮᠵᠢ᠎ᠶ᠋ᠢᠨ ᠵᠢᠷᠤᠭ ᠲᠥᠯᠥᠪᠯᠡᠭᠡ᠎ᠶ᠋ᠢ ᠰᠠᠢᠲᠤᠷ ᠬᠢᠵᠦ᠍᠂ ᠭᠠᠮᠱᠢᠭ᠍ᠳᠠᠭ᠍ᠰᠠᠨ ᠣᠯᠠᠨ ᠲᠦᠮᠡᠨ᠎ᠢ ᠬᠠᠪᠰᠤᠷᠤᠨ ᠱᠢᠨ᠎ᠡ ᠭᠡᠷ ᠣᠷᠣᠨ᠎ᠢ ᠨᠢ ᠰᠠᠢᠲᠤᠷ ᠪᠦᠲᠦᠭᠡᠨ ᠪᠠᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ᠂ ᠴᠧᠨ ᡁᠢ ᠴᠠᠩ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ