12 ᠰᠠᠷ᠎ᠠ᠎ᠶ᠋ᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠳᠤ ᠭᠦᠨᠵᠡᠭᠡᠢᠷᠡᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠢ ᠪᠠᠢᠴᠠᠭᠠᠨ ᠰᠤᠳᠤᠯᠬᠤ᠎ᠳᠠᠭᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠴᠢᠬᠤᠯᠠ ᠥᠭᠦᠯᠡᠯᠲᠡ ᠪᠣᠯᠤᠨ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠬᠥᠭ᠌ᠵᠢᠭᠡᠳᠦᠶ ᠭᠠᠵᠠᠷ ᠣᠷᠣᠨ᠎ᠳᠤ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠰᠠᠨ ᠬᠦᠭᠵᠢᠯᠳᠡ ᠵᠢᠨ ᠪᠠᠢᠯᠳᠤᠬᠤ ᠪᠣᠳᠣᠯᠭ᠎ᠠ᠎ᠶ᠋ᠢ ᠤᠯᠠᠮ ᠢᠯᠡᠭᠦᠦ ᠬᠡᠷᠡᠭ᠌ᠵᠢᠭᠦᠯᠬᠦ᠌ ᠴᠢᠬᠤᠯᠠᠲᠠᠶ》 ᠭᠡᠬᠦ᠌ ᠤᠬᠠᠮᠰᠠᠷ ᠢ᠋ ᠴᠢᠩᠭᠠᠳᠬᠠᠵᠤ᠂ ᠪᠣᠳᠠᠳᠤ ᠪᠠᠢᠳᠠᠯ᠎ᠳᠤ ᠰᠠᠭᠤᠷᠢᠯᠠᠵᠤ᠂ ᠳᠠᠪᠠᠭᠤᠯᠢᠭ᠎ᠢᠶᠠᠨ ᠳᠣᠪᠣᠢᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠥᠨᠳᠥᠷ ᠲᠦᠪᠱᠢᠨ᠎ᠢᠶᠡᠷ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ ᠢ᠋ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃



ᠡᠪᠦᠯ᠎ᠦᠨ ᠡᠬᠢᠨ᠎ᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠬᠦᠷᠢᠶᠡᠨ᠎ᠳᠦ ᠨᠢᠮᠭᠡᠨ ᠴᠠᠰᠤ ᠪᠦᠷᠬᠦᠵᠦ᠍᠂ ᠴᠤᠭ ᠵᠢᠪᠬᠤᠭ᠎ᠠ ᠪᠠᠳᠠᠷᠠᠨ᠎ᠠ᠃ ᠮᠤᠵᠢ ᠶᠠᠮᠤᠨ᠎ᠤ ᠬᠠᠮᠲᠤ᠎ᠪᠠᠷ ᠪᠠᠢᠭᠤᠯᠤᠭᠰᠠᠨ ᠲᠠᠯ᠎ᠠ ᠨᠤᠲᠤᠭ᠎ᠤᠨ ᠬᠡᠷ᠎ᠦᠨ ᠲᠡᠵᠢᠭᠡᠪᠦᠷᠢ᠎ᠶ᠋ᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ᠌ ᠪᠠ ᠦᠷᠡᠵᠢᠭᠦᠯᠦᠨ ᠪᠣᠢᠵᠢᠭᠤᠯᠬᠤ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠴᠢᠳᠠᠮᠵᠢᠳᠤ ᠤᠯᠠᠨ ᠨᠦᠬᠡ᠎ᠳᠤ ᠮᠠᠲ᠋ᠧᠷᠢᠶᠠᠯ᠎ᠤᠨ ᠲᠤᠷᠱᠢᠯᠲᠠ᠎ᠶ᠋ᠢᠨ ᠲᠠᠰᠤᠭ᠎ᠲᠤ᠂ ᠸᠠᠩ ᠸᠧᠶ ᠵᠥᠩ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠬᠠᠬᠢᠷ ᠬᠦᠶ᠋ᠲᠡᠨ ᠭᠠᠵᠠᠷ ᠣᠷᠣᠨ᠎ᠤ ᠳ᠋ᠢᠶᠠᠨ ᡂᠢ᠎ᠶ᠋ᠢᠨ ᠡᠨᠧᠷᠭᠢ ᠬᠠᠳᠠᠭᠠᠯᠠᠬᠤ ᠱᠢᠰᠲ᠋ᠧᠮ᠎ᠢ ᠰᠤᠳᠤᠯᠤᠨ ᠨᠡᠭᠡᠭᠡᠬᠦ᠌ ᠵᠡᠷᠭᠡ ᠠᠬᠢᠴᠠ᠎ᠶ᠋ᠢᠨ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠲᠠᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠬᠠᠮᠢᠶ᠎ᠠ ᠪᠥᠬᠥᠶ ᠮᠡᠷᠭᠡᠵᠢᠯ᠎ᠦᠨ ᠵᠠᠬ᠎ᠠ ᠳᠡᠯᠭᠡᠭᠦᠷᠴᠢᠯᠡᠭ᠌ᠰᠡᠨ ᠬᠡᠷᠡᠭ᠌ᠯᠡᠭᠡᠨ᠎ᠦ ᠢᠷᠡᠭᠡᠳᠦᠶ᠎ᠶ᠋ᠢ ᠬᠠᠯᠠᠮᠵᠢᠯᠠᠨ ᠠᠰᠠᠭᠤᠪᠠ᠃ ᠲᠡᠷᠡ᠂ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠎ᠳᠤ ᠬᠢᠬᠦ ᠶᠤᠰᠤᠳᠠᠢ᠎ᠶᠢ ᠬᠢᠵᠤ ᠬᠢᠬᠦ ᠶᠤᠰᠤ ᠦᠭᠡᠢ᠎ᠶᠢ ᠦᠯᠦ ᠬᠢᠬᠦ᠎ᠶ᠋ᠢ ᠪᠠᠷᠢᠮᠲᠠᠯᠠᠵᠤ᠂ ᠤᠨᠴᠠᠯᠢᠬ᠍ᠳᠤ ᠠᠵᠤ ᠦᠢᠯᠡᠰ ᠪᠣᠯᠤᠨ ᠳᠠᠪᠠᠭᠤᠯᠢᠭ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠯᠠᠪᠳᠠᠭᠤᠨ ᠪᠠᠲᠤᠲᠠᠢ ᠠᠵᠢᠯᠯᠠᠪᠠᠯ ᠯᠠᠪᠲᠠᠢ ᠶᠡᠬᠡ ᠵᠢᠳᠭᠦᠯ ᠴᠢᠷᠮᠠᠢᠯᠭ᠎ᠠ ᠭᠠᠷᠭᠠᠵᠤ ᠪᠤᠯᠤᠨ᠎ᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ 《ᠬᠤᠤᠰ ᠲᠡᠷᠢᠭᠦᠨ ᠵᠡᠷᠭᠡ》᠎ᠶᠢᠨ ᠪᠥᠲᠥᠭᠡᠨ ᠪᠠᠢᠭᠤᠯᠤᠯᠲᠠ ᠳᠤᠮᠳᠠ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠵᠤ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠡᠪᠡᠰᠦᠨ᠎ᠦ ᠦᠶ᠋ᠯᠡᠰ ᠰᠦ ᠵᠢᠨ ᠦᠶ᠋ᠯᠡᠰ᠂ ᠡᠨᠧᠷᠭᠢ ᠬᠠᠳᠠᠭᠠᠯᠠᠬᠤ ᠵᠡᠷᠭᠡ ᠳᠠᠪᠠᠭᠤᠯᠢᠭ ᠤᠨᠴᠠᠯᠢᠬ᠍ᠳᠤ ᠱᠢᠨᠵᠢᠯᠡᠭᠡᠨ᠎ᠦ ᠰᠠᠯᠠᠭ᠎ᠠ᠎ᠶ᠋ᠢᠨ ᠲᠣᠭᠣᠷᠢᠨ᠎ᠳᠤ ᠰᠡᠳᠭᠢᠯ ᠱᠢᠭᠤᠳᠤᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠱᠢᠪᠲᠤᠯᠵᠤ᠂ ᠨᠠᠩ ᠣᠯᠠᠨ ᠦᠷ᠎ᠡ ᠪᠦᠲᠦᠭᠡᠯ ᠤᠯᠬᠤ᠎ᠪᠠᠷ ᠴᠢᠷᠮᠠᠢᠬᠤ᠎ᠶ᠋ᠢ ᠬᠦᠰᠡᠵᠦ᠍ ᠪᠠᠢᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠡᠷᠡᠭ᠌ᠴᠡᠭᠡ᠎ᠪᠡᠷ ᠵᠢᠯᠣᠭᠣᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠰᠠᠨᠠᠭᠠᠴᠢᠯᠠᠭ᠎ᠠ᠎ᠠᠴᠠ᠎ᠪᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠱᠢᠨ᠎ᠡ᠎ᠶ᠋ᠢ ᠡᠭᠦᠳᠬᠦ᠌ ᠲᠠᠪᠴᠠᠩ᠂ ᠲᠣᠯᠣᠭᠠᠢᠯᠠᠭ᠍ᠴᠢ ᠠᠵᠤ ᠠᠬᠤᠢᠯᠠᠯ᠎ᠲᠠᠶ ᠬᠣᠯᠪᠣᠭᠠᠯᠠᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠬᠥᠭᠡᠷᠦᠮᠵᠢ᠎ᠶ᠋ᠢ ᠨᠡᠭᠡᠭᠡᠯᠲᠡ ᠬᠢᠵᠤ ᠬᠠᠮᠲᠤ᠎ᠪᠠᠷ ᠡᠳ᠋ᠯᠡᠬᠦ᠌ ᠡᠷᠴᠢᠮ ᠢᠶᠡᠨ ᠴᠢᠩᠭᠠᠷᠠᠭᠤᠯᠵᠤ᠂ ᠨᠠᠩ ᠣᠯᠠᠨ ᠪᠣᠳᠠᠲᠤ ᠬᠦᠴᠦᠨ᠎ᠲᠡᠶ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠰᠤᠳᠤᠯᠤᠨ ᠨᠡᠭᠡᠭᠡᠬᠦ᠌᠎ᠳᠦ ᠣᠷᠣᠯᠴᠠᠭᠤᠯᠵᠤ᠂ ᠨᠠᠩ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠲᠤᠷᠱᠢᠯᠲᠠ᠎ᠶ᠋ᠢᠨ ᠲᠠᠰᠤᠭ᠎ᠠᠴᠠ ᠦᠶ᠋ᠯᠡᠳᠪᠦᠷᠢᠯᠡᠯ᠎ᠦᠨ ᠱᠤᠭᠤᠮ᠎ᠳᠤ ᠤᠷᠤᠭᠤᠯᠬᠤ ᠵᠢ ᠠᠬᠢᠭᠤᠯᠬᠤ ᠬᠡᠷᠡᠭ᠌ᠲᠡᠶ᠃ ᠴᠢᠳᠠᠪᠤᠷᠢᠲᠠᠨ᠎ᠢ ᠣᠷᠣᠭᠤᠯᠬᠤ ᠵᠠᠮ᠎ᠢ ᠥᠷᠭᠡᠳᠭᠡᠵᠦ᠍᠂ ᠳᠡᠯᠡᠬᠡᠢ ᠳ᠋ᠠᠬᠢᠨ᠎ᠤ ᠴᠢᠳᠠᠪᠤᠷᠢᠲᠠᠨ᠎ᠢ ᠥᠷᠭᠡᠨ᠎ᠢᠶᠡᠷ ᠬᠦᠯᠢᠶᠡᠨ ᠠᠪᠴᠤ᠌᠂ ᠤᠬᠢ ᠰᠠᠢᠨ ᠤᠷᠴᠢᠨ ᠨᠦᠭᠦᠴᠡᠯ᠎ᠢᠶᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ᠎ᠢᠶᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ᠎ᠳᠤ ᠲᠠᠪᠴᠠᠩ ᠬᠠᠩᠭᠠᠬᠤ ᠠᠵᠢᠯ᠎ᠢ ᠰᠠᠢᠲᠤᠷ ᠬᠢᠵᠦ᠍᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠳᠡᠢᠯᠬᠦ᠂ ᠦᠯᠡᠳᠡᠭᠡᠵᠦ᠍ ᠳᠡᠢᠯᠬᠦ᠌᠂ ᠰᠠᠢᠲᠤᠷ ᠬᠡᠷᠡᠭ᠌ᠯᠡᠬᠦ᠌᠎ᠶᠢ ᠪᠠᠲᠤᠯᠠᠬᠤ ᠬᠡᠷᠡᠭ᠌ᠲᠡᠢ ᠭᠡᠪᠡ᠃ ᠨᠣᠮ᠎ᠤᠨ ᠰᠠᠩ᠂ ᠮᠣᠩᠭᠣᠯ ᠬᠡᠯᠡᠨ ᠤ᠋ ᠡᠷᠲᠡᠨ᠎ᠦ ᠨᠣᠮ ᠲᠤᠯᠭᠤᠷ ᠪᠢᠴᠢᠭ᠎ᠦᠨ ᠤᠩᠰᠢᠯᠭ᠎ᠠ᠎ᠶᠢᠨ ᠲᠠᠰᠤᠭ᠎ᠲᠤ ᠸᠠᠩ ᠸᠧᠶ ᠵᠥᠩ ᠨᠣᠮ᠎ᠤᠨ ᠰᠠᠩ᠎ᠳᠠᠬᠢ ᠲᠤᠯᠭᠤᠷ ᠪᠢᠴᠢᠭ᠎ᠢ ᠨᠠᠷᠢᠨ ᠬᠢᠨᠠᠮᠠᠭᠠᠶ ᠪᠠᠢᠴᠠᠭᠠᠨ ᠦᠵᠡᠵᠦ᠍᠂ ᠨᠣᠮ ᠲᠤᠯᠭᠤᠷ ᠪᠢᠴᠢᠭ᠎ᠦᠨ ᠡᠬᠢ ᠪᠠᠶᠠᠯᠢᠭ᠎ᠤᠨ ᠪᠥᠲᠥᠭᠡᠨ ᠪᠠᠢᠭᠤᠯᠤᠯᠲᠠ᠂ ᠰᠤᠳᠤᠯᠭᠠᠨ ᠨᠡᠭᠡᠭᠡᠯᠲᠡ ᠵᠡᠷᠭᠡ ᠠᠵᠢᠯ᠎ᠢ ᠨᠠᠷᠢᠨ ᠠᠰᠠᠭᠤᠵᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠮᠣᠩᠭᠣᠯ ᠬᠡᠯᠡᠨ᠎ᠦ ᠡᠷᠲᠡᠨ᠎ᠦ ᠨᠣᠮ ᠪᠢᠴᠢᠭ᠎ᠢ ᠴᠤᠭ᠍ᠯᠠᠭᠤᠯᠬᠤ᠂ ᠡᠮᠬᠢᠯᠡᠬᠦ᠌ ᠪᠠ ᠬᠠᠮᠠᠭᠠᠯᠠᠬᠤ᠎ᠶ᠋ᠢ ᠦᠨᠡᠨ ᠬᠦ᠌ ᠴᠢᠩᠭᠠᠳᠭᠠᠵᠤ᠂ ᠲᠡᠭᠦᠨ᠎ᠳᠦ ᠠᠭᠤᠯᠤᠭ᠍ᠳᠠᠵᠤ ᠪᠠᠢᠭ᠎ᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠵᠡᠯ ᠰᠠᠨᠠᠭᠠᠨ᠎ᠤ ᠠᠭᠤᠯᠤᠭ᠍ᠳᠠᠬᠤᠨ᠎ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ᠌ 《ᠳᠥᠷᠪᠡ᠎ᠶ᠋ᠢ ᠬᠠᠮᠳᠤᠳᠬᠠᠬᠤ》 ᠣᠢᠯᠠᠭᠠᠭ᠍ᠳᠠᠬᠤᠨ᠎ᠢ ᠪᠠᠲᠤ ᠪᠣᠶ ᠪᠣᠯᠭᠠᠬᠤ ᠬᠡᠷᠡᠭ᠌ᠲᠡᠶ ᠭᠡᠵᠦ᠍ ᠵᠠᠬᠢᠪᠠ᠃




ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠳᠦ ᠸᠠᠩ ᠸᠧᠶ ᠵᠥᠩ ᠤᠷᠢᠳ ᠬᠣᠵᠢᠳ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠩ᠎ᠤᠨ ᠰᠤᠳᠤᠯᠭᠠᠨ᠎ᠤ ᠲᠥᠪ᠂ ᠤᠯᠤᠰ᠎ᠤᠨ ᠱᠢᠬᠢᠷᠯᠢᠭ ᠲᠠᠷᠢᠮᠠᠯ᠎ᠢ ᠰᠠᠢᠵᠢᠷᠠᠭᠤᠯᠬᠤ ᠲᠥᠪ᠎ᠦᠨ ᠬᠥᠬᠡᠬᠣᠲᠠ᠎ᠶ᠋ᠢᠨ ᠱᠢᠬᠢᠷ ᠯᠤᠤᠪᠠᠩᠢ ᠰᠠᠢᠵᠢᠷᠠᠭᠤᠯᠬᠤ ᠬᠤᠪᠢᠶᠠᠷᠢ ᠲᠥᠪ᠂ ᠮᠠᠯ ᠠᠵᠤ ᠠᠬᠤᠶ᠎ᠶ᠋ᠢᠨ ᠰᠤᠳᠤᠯᠭᠠᠨ᠎ᠤ ᠭᠠᠵᠠᠷ᠎ᠤᠨ ᠲᠤᠷᠱᠢᠯᠲᠠ᠎ᠶ᠋ᠢᠨ ᠲᠠᠰᠤᠭ᠎ᠲᠤ ᠬᠦᠷᠴᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ᠂ ᠮᠡᠷᠭᠡᠵᠢᠯ᠎ᠦᠨ ᠪᠣᠭᠣᠮᠲᠠ ᠱᠢᠪᠲᠤᠯᠬᠤ ᠠᠬᠢᠴᠠ᠎ᠶ᠋ᠢ ᠭᠦᠨᠵᠡᠭᠡᠶ ᠣᠢᠯᠠᠭᠠᠪᠠ᠃ ᠲᠡᠷᠡ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠴᠦᠲᠡᠶ ᠲᠤᠯᠭᠠᠭᠤᠷᠢᠯᠠᠯ᠎ᠡᠴᠡ ᠰᠠᠯᠵᠤ ᠴᠢᠳᠠᠬᠤ ᠥᠬᠡᠶ ᠶᠤᠮ᠃ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠰᠠᠭᠤᠷᠢᠯᠠᠵᠤ᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠲᠣᠰ ᠭᠠᠵᠠᠷ᠎ᠤᠨ ᠠᠭᠤᠷ ᠠᠮᠢᠰᠭᠤᠯ᠎ᠳᠤ ᠳᠣᠭᠢᠷᠠᠬᠤ ᠴᠢᠨᠠᠷ ᠰᠠᠢᠲᠠᠶ ᠥᠨᠳᠥᠷ ᠤᠨᠠᠯᠲᠠ᠎ᠲᠠᠶ ᠠᠮᠤ ᠪᠤᠳᠠᠭᠠᠨ᠎ᠤ ᠲᠠᠷᠢᠮᠠᠯ᠎ᠤᠨ ᠲᠥᠷᠥᠯ ᠵᠦᠶ᠋ᠯ᠂ ᠮᠠᠯ᠎ᠤᠨ ᠡᠭᠦᠯᠳᠡᠷ᠂ ᠡᠪᠡᠰᠦᠨ᠎ᠦ ᠡᠭᠦᠯᠳᠡᠷ᠂ ᠲᠥᠮᠥᠰᠥ᠎ᠶ᠋ᠢᠨ ᠡᠭᠦᠯᠳᠡᠷ᠎ᠢ ᠨᠠᠩ ᠣᠯᠠᠨ ᠪᠣᠢᠵᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠱᠢᠭᠤᠯᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠵᠦ᠍᠂ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠪᠠ ᠠᠱᠢᠭ᠍ᠯᠠᠬᠤ᠎ᠶ᠋ᠢ ᠠᠬᠢᠭᠤᠯᠬᠤ᠂ ᠲᠠᠴᠢᠷᠳᠠᠭ᠍ᠰᠠᠨ ᠲᠠᠷᠢᠶᠠᠨ ᠭᠠᠵᠠᠷ᠎ᠤᠨ ᠠᠮᠢ ᠠᠬᠤᠢ᠎ᠶ᠋ᠢ ᠰᠡᠷᠭᠦᠭᠡᠬᠦ᠌ ᠪᠠ ᠪᠣᠬᠢᠷᠲᠤᠯ᠎ᠢ ᠵᠠᠰᠠᠬᠤ ᠵᠡᠷᠭᠡ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠦ ᠲᠦᠱᠢᠭ᠌ᠯᠡᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠠ ᠲᠠᠷᠢᠶᠠᠯᠠᠩ᠎ᠤᠨ ᠠᠮᠢ ᠠᠬᠤᠢ᠎ᠶ᠋ᠢ ᠬᠠᠮᠠᠭᠠᠯᠠᠬᠤ᠎ᠶ᠋ᠢ ᠠᠬᠢᠭᠤᠯᠬᠤ ᠬᠡᠷᠡᠭ᠌ᠲᠡᠢ᠃ ᠬᠦᠷᠢᠶᠡᠯᠡᠩ᠎ᠦᠨ ᠲᠡᠦᠬᠡ᠎ᠶᠢᠨ ᠦᠵᠡᠭᠦᠯᠭᠡ᠎ᠶ᠋ᠢᠨ ᠲᠢᠩᠬᠢᠮ᠎ᠳᠦ ᠸᠠᠩ ᠸᠧᠶ ᠵᠥᠩ ᠵᠢᠷᠤᠭ ᠪᠢᠴᠢᠭ᠎ᠦᠨ ᠮᠠᠲ᠋ᠧᠷᠢᠶᠠᠯ ᠵᠡᠷᠭᠡ᠎ᠪᠡᠷ ᠳᠠᠮᠵᠢᠨ ᠲᠠᠷᠢᠶᠠᠯᠠᠩ ᠮᠠᠯ ᠠᠵᠤ ᠠᠬᠤᠶ᠎ᠶᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠥᠭ᠌ᠵᠢᠯᠲᠡ᠎ᠶ᠋ᠢᠨ ᠥᠩᠭᠡᠷᠡᠯᠲᠡ᠎ᠶ᠋ᠢ ᠣᠢᠯᠠᠭᠠᠵᠤ᠂ ᠲᠠᠷᠢᠶᠠᠯᠠᠩ ᠮᠠᠯ ᠠᠵᠤ ᠠᠬᠤᠶ᠎ᠶᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠣᠯᠠᠨ ᠵᠢᠯ᠎ᠦᠨ ᠲᠤᠷᠰᠢ ᠣᠯᠤᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠭᠦᠶ᠋ᠴᠡᠳ ᠨᠤᠲᠠᠯᠠᠵᠤ ᠪᠠᠢᠬᠤ᠎ᠪᠠᠨ ᠢᠯᠡᠳᠭᠡᠵᠦ᠍᠂ ᠢᠳᠡᠪᠬᠢᠲᠡᠶ᠎ᠪᠡᠷ ᠨᠥᠬᠥᠴᠡᠯ ᠡᠭᠦᠳᠴᠦ᠍᠂ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠮᠠᠯ ᠠᠵᠤ ᠠᠬᠤᠶ᠎ᠲᠠᠷᠢᠶᠠᠯᠠᠩ᠎ᠤᠨ ᠣᠳᠣᠬᠢᠴᠢᠯᠠᠭ᠍ᠰᠠᠨ ᠬᠥᠭ᠌ᠵᠢᠯᠲᠡ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ᠍ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠰᠦᠨ ᠵᠢᠶᠦ᠋ᠨ ᠴᠢᠩ᠂ ᠲᠠᠩ ᠢ ᠣᠷᠣᠯᠴᠠᠪᠠ᠃