12 ᠰᠠᠷ᠎ᠠ᠎ᠶ᠋ᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠢ ᠵᠦᠩ ᠳᠤᠮᠳᠠᠳᠤ ᠤᠯᠤᠰ᠎ᠲᠤ ᠰᠠᠭᠤᠭ᠎ᠠ ᠮᠣᠩᠭᠣᠯ ᠤᠯᠤᠰ᠎ᠤᠨ ᠡᠯᠴᠢᠨ ᠰᠠᠢᠳ ᠡᠩᠬᠡᠪᠤᠯᠤᠳ ᠨᠠᠷ᠎ᠲᠡᠶ ᠬᠥᠬᠡᠬᠣᠲᠠ᠎ᠳᠤ ᠠᠭᠤᠯᠵᠠᠪᠠ᠃


ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠡᠩᠬᠡᠪᠤᠯᠤᠳ ᠨᠠᠷ᠎ᠢ ᠬᠠᠯᠠᠭᠤᠨ᠎ᠢᠶᠠᠷ ᠤᠭ᠍ᠲᠤᠵᠤ᠂ ᠳᠤᠮᠳᠠᠳᠤ ᠤᠯᠤᠰ᠎ᠲᠤ ᠰᠠᠭᠤᠭ᠎ᠠ ᠮᠣᠩᠭᠣᠯ ᠤᠯᠤᠰ᠎ᠤᠨ ᠡᠯᠴᠢᠨ ᠰᠠᠢᠳ᠎ᠤᠨ ᠶᠠᠮᠤᠨ ᠺᠣᠨᠰᠦ᠋ᠯ᠎ᠦᠨ ᠭᠠᠵᠠᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠤᠨ ᠮᠣᠩᠭᠣᠯ ᠤᠯᠤᠰ᠎ᠤᠨ ᠪᠦᠬᠦ᠌ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠬᠤ᠎ᠳᠤ ᠭᠠᠷᠭᠠᠭ᠍ᠰᠠᠨ ᠢᠳᠡᠪᠬᠢᠲᠡᠢ ᠴᠢᠷᠮᠠᠢᠯᠭ᠎ᠠ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠤᠨ ᠮᠣᠩᠭᠣᠯ ᠤᠯᠤᠰ᠎ᠤᠨ ᠨᠥᠬᠥᠷᠰᠡᠭ ᠶᠠᠪᠤᠯᠴᠠᠭ᠎ᠠ ᠰᠣᠯᠢᠯᠴᠠᠭᠠᠨ᠎ᠤ ᠪᠠᠢᠳᠠᠯ᠎ᠢ ᠡᠷᠭᠢᠴᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠣᠳᠣᠬᠢ ᠪᠠᠢᠳᠠᠯ᠎ᠢ ᠤᠬᠠᠭᠤᠯᠤᠨ ᠲᠠᠨᠢᠯᠴᠠᠭᠤᠯᠪᠠ᠃ ᠲᠡᠷᠡ᠂ ᠤᠢ᠍ᠢᠷ᠎ᠠ᠎ᠶ᠋ᠢᠨ ᠵᠢᠯ᠎ᠳ᠋ᠤ ᠳᠤᠮᠳᠠᠳᠤ ᠮᠣᠩᠭᠣᠯ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ ᠨᠢ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠮᠣᠩᠭᠣᠯ ᠤᠯᠤᠰ᠎ᠯᠤᠭ᠎ᠠ ᠭᠠᠵᠠᠷ ᠵᠦᠢ᠎ᠶ᠋ᠢᠨ ᠲᠠᠯ᠎ᠠ᠎ᠪᠠᠷ ᠬᠥᠷᠱᠢᠯᠡᠵᠦ᠍᠂ ᠲᠤᠮᠳᠠᠳᠤ ᠮᠣᠩᠭᠣᠯ ᠬᠣᠶᠠᠷ ᠤᠯᠤᠰ᠎ᠤᠨ ᠨᠥᠬᠥᠷᠰᠡᠭ ᠬᠠᠮᠳᠤᠷᠠᠯᠴᠠᠭᠠᠨ᠎ᠤ ᠬᠠᠷᠢᠯᠴᠠᠭ᠎ᠠ᠎ᠶᠢ ᠬᠥᠭ᠌ᠵᠢᠭᠦᠯᠬᠦ᠌᠎ᠳᠦ ᠥᠪᠡᠷᠮᠢᠴᠡ ᠪᠠᠢᠷᠢ ᠰᠠᠭᠤᠷᠢ ᠪᠠ ᠦᠢᠯᠡᠳᠤᠯ ᠲᠠᠢ ᠪᠦᠭᠡᠳ ᠮᠣᠩᠭᠣᠯ ᠤᠯᠤᠰ᠎ᠯᠤᠭ᠎ᠠ ᠣᠯᠠᠨ ᠬᠦᠷᠢᠶᠠᠨ ᠳ᠋ᠤ ᠬᠠᠷᠢᠯᠴᠠᠨ ᠨᠥᠬᠥᠪᠥᠷᠢᠯᠡᠬᠦ᠌ ᠳᠠᠪᠠᠭᠤᠯᠢᠭ᠎ᠲᠠᠶ᠂ ᠬᠠᠮᠲᠤᠷᠠᠯᠴᠠᠭᠠᠨ᠎ᠤ ᠲᠠᠯᠳᠠ ᠬᠦᠴᠦᠨ ᠯᠤᠳᠤ ᠶᠡᠬᠡ᠂ ᠠᠯᠤᠰ ᠢᠷᠡᠭᠡᠳᠤᠢ ᠰᠠᠷᠠᠭᠤᠯ ᠠᠭᠤᠳᠠᠮ ᠶᠤᠮ᠃ ᠪᠢᠳᠡ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ ᠶᠠᠪᠤᠴᠠ᠎ᠳᠤ ᠮᠣᠩᠭᠣᠯ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠳᠤᠷᠠᠲᠠᠶ᠎ᠠ ᠮᠣᠩᠭᠣᠯ ᠤᠯᠤᠰ᠎ᠤᠨ ᠬᠣᠯᠪᠣᠭ᠍ᠳᠠᠯ ᠪᠥᠬᠥᠶ ᠲᠠᠯᠠᠶ᠋ᠢᠨᠬᠢᠨᠯᠤᠭᠡ ᠬᠠᠮᠲᠤ᠎ᠪᠠᠷ ᠬᠣᠶᠠᠷ ᠤᠯᠤᠰ᠎ᠤᠨ ᠲᠡᠷᠢᠭᠦᠨ᠎ᠦ ᠳᠣᠭᠢᠷᠠᠯᠴᠠᠭ᠍ᠰᠠᠨ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠬᠠᠮᠲᠤᠷᠠᠯᠴᠠᠭᠠᠨ᠎ᠤ ᠲᠣᠭ᠍ᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠲᠤᠤᠷ᠂ ᠬᠢᠯᠢ᠎ᠶᠢᠨ ᠪᠣᠭᠣᠮᠲᠠ ᠵᠡᠷᠭᠡ᠎ᠶ᠋ᠢᠨ ᠬᠣᠯᠪᠣᠯᠳᠤᠨ ᠨᠡᠪᠲᠡᠷᠡᠯᠴᠡᠬᠦ᠌ ᠪᠥᠲᠥᠭᠡᠨ ᠪᠠᠢᠭᠤᠯᠤᠯᠲᠠ᠎ᠪᠠᠨ ᠴᠢᠩᠭᠠᠳᠭᠠᠵᠤ᠂ ᠨᠡᠢᠭᠡᠮ ᠰᠣᠶᠣᠯ ᠢᠷᠭᠡᠨᠱᠢᠯ᠎ᠦᠨ ᠬᠦᠷᠢᠶᠡᠨ᠎ᠳᠠᠬᠢ ᠶᠠᠪᠤᠯᠴᠠᠭ᠎ᠠ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠡᠨᠧᠷᠭᠢ᠎ᠶᠢᠨ ᠡᠬᠢ ᠪᠠᠶᠠᠯᠢᠭ ᠪᠣᠯᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠦᠷᠢᠶᠡᠨ᠎ᠳᠡᠬᠢ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠳᠠᠪᠬᠤᠷᠭ᠎ᠠ᠂ ᠨᠠᠩ ᠥᠨᠳᠥᠷ ᠲᠦᠪᠱᠢᠨ ᠪᠥᠬᠥᠶ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ᠂ ᠳᠤᠮᠳᠠᠳᠤ ᠮᠣᠩᠭᠣᠯ᠎ᠤᠨ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌᠂ ᠬᠣᠶᠠᠷ ᠤᠯᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ ᠭᠡᠪᠡ᠃
ᠡᠩᠬᠡᠪᠤᠯᠤᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠯᠠᠭᠤᠨ ᠵᠤᠴᠢᠯᠠᠭ᠎ᠠ ᠪᠠ ᠨᠢᠮᠪᠠᠢ ᠲᠤᠬᠢᠷᠠᠭᠤᠯᠭ᠎ᠠ᠎ᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠳᠤᠮᠳᠠᠳᠤ ᠤᠯᠤᠰ ᠪᠣᠯ ᠮᠣᠩᠭᠣᠯ ᠤᠯᠤᠰ᠎ᠤᠨ ᠴᠢᠬᠤᠯᠠ ᠬᠥᠷᠰᠢ ᠤᠯᠤᠰ ᠪᠣᠯᠤᠨ᠎ᠠ᠂ ᠤᠢ᠍ᠢᠷ᠎ᠠ᠎ᠶ᠋ᠢᠨ ᠵᠢᠯ᠎ᠡᠴᠡ ᠬᠣᠶᠠᠷ ᠤᠯᠤᠰ᠎ᠤᠨ ᠳᠡᠭᠡᠳᠦ ᠳᠠᠪᠬᠤᠷᠭ᠎ᠠ᠎ᠶ᠋ᠢᠨ ᠠᠢᠯᠴᠢᠯᠠᠯᠲᠠ ᠣᠯᠠᠱᠢᠷᠠᠵᠤ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠨᠢᠭ᠍ᠲᠠᠷᠠᠵᠤ᠂ ᠰᠣᠶᠣᠯ ᠢᠷᠭᠡᠨᠱᠢᠯ᠎ᠦᠨ ᠰᠣᠯᠢᠯᠴᠠᠭ᠎ᠠ ᠬᠥᠭ᠌ᠵᠢᠶᠡᠨᠲᠡᠢ ᠶᠠᠪᠤᠭ᠍ᠳᠠᠵᠤ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠢ ᠮᠣᠩᠭᠣᠯ ᠳᠤᠮᠳᠠᠳᠤ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢᠨ ᠴᠢᠬᠤᠯᠠ ᠬᠦᠢᠰᠦ ᠪᠣᠯᠤᠭ᠍ᠰᠠᠨ᠎ᠤ ᠬᠤᠪᠢ᠎ᠳᠤ ᠬᠣᠶᠠᠷ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠳᠤᠮᠳᠠ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠳᠤᠮᠳᠠᠳᠤ ᠤᠯᠤᠰ᠎ᠲᠤ ᠰᠠᠭᠤᠭ᠎ᠠ ᠮᠣᠩᠭᠣᠯ ᠤᠯᠤᠰ᠎ᠤᠨ ᠡᠯᠴᠢᠨ ᠰᠠᠢᠳ᠎ᠤᠨ ᠶᠠᠮᠤᠨ ᠺᠣᠨᠰᠦ᠋ᠯ᠎ᠦᠨ ᠭᠠᠵᠠᠷ᠎ᠤᠨ᠎ᠬᠢᠨ ᠳᠤᠷᠠᠲᠠᠶ᠎ᠠ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢᠶᠡᠨ ᠪᠠᠳᠠᠷᠠᠭᠤᠯᠵᠤ᠂ ᠮᠣᠩᠭᠣᠯ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠵᠥᠪᠳᠡᠯᠴᠡᠬᠦ᠌ ᠠᠵᠢᠯ᠎ᠤᠨ ᠳᠤᠭᠤᠢᠯᠠᠩ ᠵᠢᠴᠢ ᠮᠣᠩᠭᠣᠯ ᠳᠤᠮᠳᠠᠳᠤ᠎ᠶ᠋ᠢᠨ ᠦᠵᠡᠰᠭᠦᠯᠡᠩ᠎ᠦᠨ ᠴᠤᠭ᠍ᠯᠠᠭᠠᠨ ᠵᠡᠷᠭᠡ ᠲᠣᠭ᠍ᠲᠠᠴᠠ᠎ᠶ᠋ᠢᠨ ᠲᠠᠪᠴᠠᠩ᠎ᠢ ᠭᠦᠶ᠋ᠴᠡᠳ ᠠᠱᠢᠭ᠍ᠯᠠᠵᠤ᠂ ᠬᠣᠶᠠᠷ ᠲᠠᠯ᠎ᠠ᠎ᠶ᠋ᠢᠨ ᠠᠵᠤ ᠠᠬᠤᠶ ᠠᠷᠠᠯᠵᠢᠶ᠎ᠠ᠂ ᠬᠢᠯᠢ᠎ᠶᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠂ ᠱᠢᠨ᠎ᠡ ᠡᠨᠧᠷᠭᠢ᠂ ᠴᠦᠯᠯᠡᠷᠬᠡᠭ᠌ᠵᠢᠯ᠎ᠢ ᠰᠡᠷᠭᠡᠢᠯᠡᠨ ᠵᠠᠰᠠᠬᠤ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ᠎ᠳᠡᠬᠢ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠮᠣᠩᠭᠣᠯ ᠳᠤᠮᠳᠠᠳᠤ᠎ᠶ᠋ᠢᠨ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠦᠷᠭᠦᠯᠵᠢᠯᠡᠨ ᠬᠥᠭ᠌ᠵᠢᠬᠦ᠌᠎ᠳᠦ ᠬᠦᠴᠦᠨ ᠨᠡᠮᠡᠷᠢᠯᠡᠨ᠎ᠡ᠃ ᠪᠢᠳᠡ ᠥᠪᠥᠷ ᠮᠣᠩᠭᠣᠯ ᠯᠤᠭ᠎ᠠ ᠤᠳᠤ᠎ᠶ᠋ᠢᠨ ᠪᠠᠢᠭ᠎ᠠ ᠬᠠᠮᠲᠤᠷᠠᠯᠴᠠᠭᠠᠨ᠎ᠤ ᠰᠠᠭᠤᠷᠢᠨ ᠳᠡᠭᠡᠷ᠎ᠡ ᠡᠯ᠎ᠡ ᠬᠦᠷᠢᠶᠡᠨ᠎ᠦ ᠭᠦᠨ ᠳᠠᠪᠬᠤᠷᠭ᠎ᠠ᠎ᠶ᠋ᠢᠨ ᠶᠠᠪᠤᠯᠴᠠᠭ᠎ᠠ ᠬᠤᠷᠱᠢᠯᠴᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠎ᠢ ᠤᠯᠠᠨ ᠶᠠᠪᠤᠯᠴᠠᠭ᠎ᠠ ᠳᠤᠮᠳᠠ ᠤᠯᠠᠮ ᠵᠤᠵᠠᠭᠠᠳᠭᠠᠬᠤ᠎ᠶ᠋ᠢ ᠬᠦᠰᠡᠵᠦ᠍ ᠪᠠᠢᠨ᠎ᠠ᠃ ᠬᠣᠶᠠᠷ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠮᠣᠩᠭᠣᠯ ᠤᠯᠤᠰ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠯᠠᠪᠲᠠᠢ ᠱᠢᠨ᠎ᠡ ᠳᠡᠭ᠌ᠲᠡᠷ᠎ᠲᠦ ᠭᠠᠷᠴᠤ᠌᠂ ᠱᠢᠨ᠎ᠡ ᠦᠷ᠎ᠡ ᠪᠦᠲᠦᠭᠡᠯ ᠤᠯᠬᠤ᠎ᠶ᠋ᠢ ᠢᠲᠡᠭᠡᠵᠦ᠍ ᠪᠠᠢᠨ᠎ᠠ ᠭᠡᠵᠦ᠍ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠪᠠ᠃