ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ  ᠪᠦᠦ ᠭᠠᠩ ᠳᠤᠮᠳᠠᠳᠤ ᠤᠯᠤᠰ᠎ᠤᠨ ᠳᠠ ᠲᠠᠩ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠎ᠬᠡᠷᠡᠭ ᠮᠡᠳᠡᠭᠴᠢᠳ᠎ᠦᠨ ᠳᠠᠷᠤᠭ᠎ᠠ ᠯᠢᠦᠢ ᠵᠢᠶᠦ᠋ᠨ ᠶᠡᠷᠦᠩᠬᠡᠢ ᠳᠠᠭᠠᠭᠠᠮᠠᠯ ᠯᠢ ᠰᠢᠶᠠᠩ ᠯᠢᠶᠠᠩ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-12-21

12 ᠰᠠᠷ᠎ᠠ᠎ᠶᠢᠨ 19᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ᠎ᠶᠢᠨ ᠱᠦᠵᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠳᠠ ᠲᠠᠩ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠯᠢᠦᠢ ᠵᠢᠶᠦ᠋ᠨ᠂ ᠶᠡᠷᠦᠩᠬᠡᠢ ᠳᠠᠭᠠᠭᠠᠮᠠᠯ ᠯᠢ ᠰᠢᠶᠠᠩ ᠯᠢᠶᠠᠩ ᠨᠠᠷ᠎ᠲᠠᠢ ᠠᠭᠤᠯᠵᠠᠪᠠ᠃

ᠸᠠᠩ ᠸᠧᠢ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦᠢ ᠵᠢᠶᠦ᠋ᠨ ᠨᠠᠷ᠎ᠦᠨ ᠠᠢᠯᠴᠢᠯᠠᠬᠤ᠎ᠪᠠᠷ ᠢᠷᠡᠭᠰᠡᠨ᠎ᠢ ᠪᠠᠶᠠᠷᠯᠠᠨ ᠤᠭᠲᠤᠬᠤ᠎ᠶᠢᠨ ᠬᠠᠮᠲᠤ ᠲᠡᠳᠡᠨ᠎ᠳᠦ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯᠣᠨ ᠳᠤᠮᠳᠠᠳᠤ ᠤᠯᠤᠰ᠎ᠤᠨ ᠳᠠ ᠲᠠᠩ ᠪᠦᠯᠦᠭᠯᠡᠯ ᠢᠮᠠᠭᠳᠠ ᠰᠠᠢᠨ ᠰᠠᠢᠬᠠᠨ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠪᠠᠲᠤᠯᠠᠭᠰᠠᠭᠠᠷ ᠢᠷᠡᠪᠡ᠂ ᠳᠤᠰ ᠪᠦᠯᠦᠭᠯᠡᠯ᠎ᠡᠴᠡ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ ᠪᠠᠢᠨ᠎ᠠ᠃ ᠣᠳᠣᠬᠠᠨ᠎ᠳᠤ᠂ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠥᠬᠥᠳᠡ ᠬᠤᠷᠠᠯ ᠪᠣᠯᠣᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠣᠲᠣ᠌ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠶᠡᠬᠡ᠎ᠪᠡᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠢ ᠲᠦᠷᠭᠡᠳᠬᠡᠨ ᠪᠦᠲᠦᠭᠡᠨ ᠪᠠᠢᠭᠤᠯᠵᠤ ᠪᠠᠢᠨ᠎ᠠ᠂ ᠡᠨᠡ ᠨᠢ ᠳᠤᠮᠳᠠᠳᠤ ᠤᠯᠤᠰ᠎ᠤᠨ ᠳᠠ ᠲᠠᠩ ᠪᠦᠯᠦᠭᠯᠡᠯ᠎ᠢ ᠪᠠᠭᠲᠠᠭᠠᠭᠰᠠᠨ ᠡᠨᠧᠷᠭᠢ᠎ᠶᠢᠨ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠬᠥᠭᠵᠢᠯᠲᠡ᠎ᠳᠦ ᠥᠷᠭᠡᠨ ᠠᠭᠤᠳᠠᠮ ᠣᠷᠣᠨ ᠵᠠᠢ ᠬᠠᠩᠭᠠᠬᠤ ᠪᠣᠯᠣᠨ᠎ᠠ᠃ ᠳᠤᠮᠳᠠᠳᠤ ᠤᠯᠤᠰ᠎ᠤᠨ ᠳᠠ ᠲᠠᠩ ᠪᠦᠯᠦᠭᠯᠡᠯ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ᠂ ᠲᠡᠷᠢᠭᠦᠨ᠎ᠦ ᠪᠣᠬᠢᠷᠲᠤᠯ ᠦᠭᠡᠢ ᠡᠨᠧᠷᠭᠢ᠎ᠵᠢᠨ ᠠᠴᠢᠶᠠᠯᠠᠯ ᠦᠨᠳᠦᠷ ᠠᠵᠤ ᠦᠢᠯᠡᠰ᠂ ᠪᠣᠬᠢᠷᠲᠤᠯ ᠦᠭᠡᠢ ᠴᠠᠬᠢᠯᠭᠠᠨ᠎ᠢᠶᠠᠷ ᠤᠰᠤᠲᠥ᠋ᠷᠥᠭᠴᠢ ᠰᠢᠪᠲᠦᠷ ᠠᠯᠺᠣᠣᠯ ᠦᠢᠯᠡᠳᠬᠦ᠂ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠬᠦᠷᠢᠶᠡᠨ᠎ᠳᠡᠬᠢ ᠲᠦᠷᠦᠯ ᠵᠦᠢᠯ᠎ᠦᠨ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠮᠠᠨ᠎ᠤ ᠣᠷᠣᠨ᠎ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠲᠠᠪᠴᠠᠩ᠎ᠢ ᠢᠳᠡᠪᠬᠢᠲᠡᠢ ᠪᠠᠢᠷᠢᠰᠢᠭᠤᠯᠵᠤ᠂ ᠥᠪᠥᠷ ᠮᠣᠩᠭᠣᠯ᠎ᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ᠃ ᠪᠢᠳᠡ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠵᠢᠭᠰᠡᠨ ᠬᠤᠳᠠᠯᠳᠤᠭ᠎ᠠ ᠡᠷᠬᠢᠯᠡᠬᠦ ᠰᠢᠯᠢᠳᠡᠭ ᠰᠠᠢᠨ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠤᠯᠭᠠᠵᠤ᠂ ᠳᠤᠮᠳᠠᠳᠤ ᠤᠯᠤᠰ᠎ᠤᠨ ᠳᠠ ᠲᠠᠩ᠎ᠢ ᠪᠠᠭᠲᠠᠭᠠᠭᠰᠠᠨ ᠡᠯ᠎ᠡ ᠲᠦᠷᠦᠯ᠎ᠦᠨ ᠠᠵᠤ ᠠᠬᠤᠢᠯᠠᠯ᠎ᠤᠨ ᠬᠥᠭᠵᠢᠯᠲᠡ᠎ᠳᠦ ᠴᠢᠨᠠᠷ ᠰᠠᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠨᠭᠭᠠᠨ᠎ᠠ ᠭᠡᠪᠡ᠃

ᠯᠢᠦᠢ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠳᠤᠮᠳᠠᠳᠤ ᠤᠯᠤᠰ᠎ᠤᠨ᠎ᠳᠠ ᠲᠠᠩ ᠪᠦᠯᠦᠭᠯᠡᠯ᠎ᠳᠦ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ᠎ᠳᠤ ᠲᠠᠯᠠᠷᠬᠠᠬᠤ᠎ᠶᠢᠨ ᠬᠠᠮᠲᠤ ᠪᠦᠯᠦᠭᠯᠡᠯ᠎ᠦᠨ ᠥᠪᠥᠷ ᠮᠣᠩᠭᠣᠯ᠎ᠳᠠᠬᠢ ᠠᠵᠤ ᠦᠢᠯᠡᠰ᠎ᠦᠨ ᠪᠠᠢᠷᠢᠰᠢᠭᠤᠯᠤᠯᠲᠠ ᠪᠠ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠢ ᠲᠠᠨᠢᠯᠴᠠᠭᠤᠯᠪᠠ᠃ ᠯᠢᠦᠢ ᠵᠢᠶᠦ᠋ᠨ᠂ ᠳᠤᠮᠳᠠᠳᠤ ᠤᠯᠤᠰ᠎ᠤᠨ ᠳᠠ ᠲᠠᠩ ᠪᠦᠯᠦᠭᠯᠡᠯ ᠥᠪᠥᠷ ᠮᠣᠩᠭᠣᠯ᠎ᠢ ᠢᠮᠠᠭᠲᠠ ᠬᠥᠭᠵᠢᠯᠲᠡ᠎ᠶᠢᠨ ᠴᠢᠬᠤᠯᠠ ᠪᠠᠢᠯᠳᠤᠬᠤ ᠪᠣᠳᠣᠯᠭ᠎ᠠ᠎ᠶᠢᠨ ᠣᠷᠣᠨ ᠪᠦᠰᠡ ᠪᠣᠯᠭᠠᠵᠤ᠂ ᠥᠪᠥᠷ ᠮᠣᠩᠭᠣᠯ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠲᠠᠢ ᠭᠦᠨᠵᠡᠭᠡᠢ ᠵᠣᠯᠭᠠᠭᠤᠯᠵᠤ᠂ ᠪᠡᠯᠡ ᠣᠷᠣᠭᠤᠯᠤᠯᠲᠠ᠎ᠶᠢᠨ ᠪᠠᠢᠷᠢᠰᠢᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠡᠨᠧᠷᠭᠢ ᠨᠥᠭᠡᠴᠡᠯᠡᠬᠦ᠂ ᠤᠰᠤᠲᠥ᠋ᠷᠥᠭᠴᠢ ᠡᠨᠧᠷᠭᠢ ᠵᠡᠷᠭᠡ ᠬᠦᠷᠢᠶᠡᠨ᠎ᠳ᠋ᠡᠬᠢ ᠲᠦᠷᠦᠯ ᠵᠦᠢᠯ᠎ᠦᠨ ᠬᠠᠮᠲᠤᠷᠠᠯᠴᠠᠭᠠᠨ᠎ᠤ ᠲᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠨᠡᠩ ᠤᠯᠠᠨ ᠴᠢᠨᠠᠷ ᠰᠠᠢᠲᠠᠢ ᠡᠨᠧᠷᠭᠢ᠎ᠶᠢᠨ ᠲᠦᠷᠦᠯ ᠵᠦᠢᠯ᠎ᠢ ᠬᠠᠮᠲᠤ᠎ᠪᠠᠷ ᠤᠬᠠᠭᠠᠯᠠᠵᠤ ᠲᠦᠯᠦᠪᠯᠡᠨ ᠬᠡᠷᠡᠭᠵᠢᠭᠦᠯᠵᠦ᠂ ᠲᠥᠪ᠎ᠦᠨ ᠠᠵᠤ ᠠᠬᠤᠢᠯᠠᠯ᠎ᠤᠨ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ ᠪᠣᠯᠣᠨ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠨᠡᠩ ᠰᠠᠢᠲᠦᠷ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ