ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠪᠤᠭᠤᠲᠤ᠎ᠡᠴᠡ ᠢᠷᠭᠠᠢ ᠬᠦᠷᠬᠦ ᠲᠦᠷᠭᠡᠨ᠎ᠤ ᠲᠡᠮᠦᠷ ᠵᠠᠮ᠎ᠤᠨ ᠪᠤᠭᠤᠳᠤ᠎ᠠᠴᠠ ᠬᠣᠶ ᠨᠦᠨᠭ ᠬᠦᠷᠬᠦ ᠬᠡᠰᠡᠭ᠎ᠤᠨ ᠲᠡᠷᠭᠡ ᠨᠡᠪᠲᠡᠷᠡᠬᠦ ᠶᠣᠰᠣᠯᠠᠯ ᠪᠤᠭᠤᠲᠤ᠎ᠳᠤ ᠶᠠᠪᠤᠭᠳᠠᠪᠠ   ᠸᠠᠩ ᠸᠧᠢ ᠵᠦᠩ ᠣᠷᠣᠯᠴᠠᠭᠰᠠᠨ ᠪᠥᠭᠡᠳ ᠲᠡᠷᠭᠡ ᠨᠡᠪᠲᠡᠷᠡᠭᠰᠡᠨ᠎ᠢ ᠵᠠᠷᠯᠠᠵᠤ ᠪᠤᠤ ᠭᠠᠨᠭ᠌ ᠪᠠᠶᠠᠷ᠎ᠤᠨ ᠦᠭᠡ ᠬᠡᠯᠡᠵᠡᠢ
ᠨᠡᠶ᠋ᠢᠲᠡᠯᠡᠭᠰᠡᠨ ᠴᠠᠭ᠄ 2025-12-24

12 ᠰᠠᠷ᠎ᠠ᠎ᠶᠢᠨ 23᠎ᠤ ᠡᠳᠦᠷ᠂ ᠪᠤᠭᠤᠲᠤ᠎ᠠᠴᠠ ᠢᠷᠭᠠᠢ  ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ᠎ᠠᠴᠠ ᠬᠣᠶ ᠨᠦᠨᠭ ᠬᠦᠷᠬᠦ ᠬᠡᠰᠡᠭ᠎ᠦᠨ ᠲᠡᠷᠭᠡ ᠨᠡᠪᠲᠡᠷᠡᠬᠦ ᠶᠣᠰᠣᠯᠠᠯ ᠪᠤᠭᠤᠲᠤ᠎ᠳᠤ ᠶᠠᠪᠤᠭᠳᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ ᠸᠠᠩ ᠸᠧᠢ ᠵᠦᠩ ᠲᠡᠷᠭᠡ ᠨᠡᠪᠲᠡᠷᠡᠬᠦ ᠶᠣᠰᠣᠯᠠᠯ᠎ᠳᠤ ᠣᠷᠣᠯᠴᠠᠵᠤ᠄ ᠪᠤᠭᠤᠲᠤ᠎ᠠᠴᠠ ᠢᠷᠭᠠᠢ  ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ᠎ᠠᠴᠠ ᠬᠣᠶ ᠨᠦᠨᠭ ᠬᠦᠷᠬᠦ ᠬᠡᠰᠡᠭ ᠲᠡᠷᠭᠡ ᠨᠡᠪᠲᠡᠷᠡᠯ᠎ᠠ ᠭᠡᠵᠦ ᠵᠠᠷᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠦ ᠸᠧᠢ᠂ ᠤᠯᠤᠰ᠎ᠤᠨ ᠲᠡᠮᠦᠷ ᠵᠠᠮ᠎ᠤᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠸᠠᠩ ᠯᠢ ᠰᠢᠨ ᠤᠷᠢᠳ ᠬᠣᠵᠢᠳ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠧᠨ ᡁᠢ ᠴᠠᠩ᠂ ᠵᠠᠩ ᠱᠤᠤ ᠴᠦᠨ᠂ ᠵᠠᠩ ᠯᠧᠢ ᠣᠷᠣᠯᠴᠠᠵᠤ᠂ ᠶᠤᠤ ᠶᠦᠩ ᠪᠥᠸᠧ ᠶᠤᠰᠤᠯᠠᠯ᠎ᠢ ᠡᠷᠭᠢᠯᠡᠵᠡᠢ᠃

ᠪᠤᠭᠤᠲᠤ᠎ᠠᠴᠠ ᠢᠷᠭᠠᠢ ᠬᠦᠷᠬᠦ ᠲᠦᠷᠭᠡᠨ᠎ᠤ ᠲᠡᠮᠦᠷ ᠵᠠᠮ᠎ᠤᠨ ᠪᠤᠭᠤᠳᠤ᠎ᠠᠴᠠ ᠬᠣᠶ ᠨᠦᠨᠭ ᠬᠦᠷᠬᠦ ᠬᠡᠰᠡᠭ ᠨᠢ ᠪᠤᠭᠤᠲᠤ ᠦᠷᠳᠡᠬᠡ᠎ᠠᠴᠠ ᠡᠬᠢ ᠠᠪᠴᠤ᠂ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠱᠢ ᠽᠦᠢ ᠱᠠᠨ ᠬᠣᠲᠠ᠎ᠶᠢᠨ ᠬᠣᠶ ᠨᠦᠩ ᠡᠮᠦᠨ᠎ᠡ ᠥᠷᠲᠡᠭᠡ᠎ᠲᠠᠢ ᠵᠠᠯᠭᠠᠵᠤ᠂ ᠵᠠᠮ ᠲᠠᠭᠠᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ᠂ ᠪᠠᠶᠠᠨᠨᠠᠭᠤᠷ ᠬᠣᠲᠠ᠂ ᠣᠷᠳᠣᠰ ᠬᠣᠲᠠ᠂ ᠦᠡᠡᠠᠢ ᠬᠣᠲᠠ᠎ᠪᠠᠷ ᠥᠩᠭᠡᠷᠡᠨ᠂ ᠭᠣᠣᠯ ᠱᠤᠭᠤᠮ᠎ᠤᠨ ᠪᠥᠬᠥ ᠣᠷᠳᠣ᠌ ᠨᠢ 422 ᠺᠢᠯᠣᠮᠧᠲᠷ ᠪᠠᠢᠵᠤ᠂ ᠨᠡᠶ᠋ᠢᠲᠡ 10 ᠲᠡᠷᠭᠡᠨ ᠥᠷᠲᠡᠭᠡ᠎ᠶᠢ ᠲᠤᠬᠢᠷᠠᠭᠤᠯᠪᠠ᠃ ᠲᠡᠷᠬᠡ ᠨᠡᠪᠳᠡᠷᠡᠵᠤ ᠡᠵᠡᠩᠨᠡᠯᠲᠡ᠎ᠪᠡᠨ ᠡᠬᠢᠯᠡᠭᠦᠯᠦᠭᠰᠡᠨ ᠡᠬᠢᠨ᠎ᠦ ᠬᠤᠭᠤᠴᠠᠭᠠᠨ᠎ᠳᠤ᠂ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ᠎ᠠᠴᠠ ᠬᠣᠶ ᠨᠦᠨᠭ ᠬᠦᠷᠬᠦ ᠬᠡᠰᠡᠭ᠎ᠤᠨ ᠲᠡᠷᠬᠡ ᠠᠶᠠᠯᠠᠬᠤ ᠬᠠᠮᠤᠭ᠎ᠤᠨ ᠥᠨᠳᠥᠷ ᠬᠤᠷᠳᠤᠴᠠ᠎ᠶᠢ 250 ᠺᠢᠯᠣᠮᠧᠲᠷ / ᠴᠠᠭ᠎ᠢᠶᠡᠷ ᠶᠠᠪᠤᠬᠳᠠᠭᠤᠯᠵᠤ᠂ ᠡᠳᠦᠷ ᠪᠦᠷᠢ ᠬᠠᠮᠤᠭ᠎ᠤᠨ ᠤᠯᠠᠨ᠎ᠳᠠᠭᠠᠨ 12 ᠴᠤᠪᠤᠭ᠎ᠠ ᠬᠥᠳᠡᠯᠭᠡᠭᠦ ᠬᠦᠴᠦᠨᠲᠦ ᠴᠤᠪᠤᠭ᠎ᠠ ᠲᠡᠷᠭᠡ᠎ᠶᠢ ᠲᠣᠬᠢᠷᠠᠭᠤᠯᠬᠤ ᠪᠣᠯᠣᠨ᠎ᠠ᠃ ᠪᠤᠭᠤᠲᠤ᠎ᠠᠴᠠ ᠢᠷᠭᠠᠢ ᠬᠦᠷᠬᠦ᠎ᠳᠤ ᠬᠠᠮᠤᠭ᠎ᠤᠨ ᠬᠤᠷᠳᠤᠨ᠎ᠳᠠᠭᠠᠨ 2 ᠴᠠᠭ 38 ᠮᠢᠨᠦ᠋ᠲ᠎ᠤᠨ ᠳᠤᠳᠤᠷ᠎ᠠ ᠬᠦᠷᠴᠦ᠍᠂ ᠤᠤᠯ᠎ᠤᠨ ᠬᠠᠮᠤᠭ᠎ᠤᠨ ᠬᠤᠷᠳᠤᠨ ᠭᠠᠯᠲᠤ ᠲᠡᠷᠭᠡ᠎ᠶᠢᠨ ᠵᠠᠷᠤᠴᠠᠭᠤᠯᠬᠤ ᠴᠠᠭ᠎ᠠᠴᠠ 3 ᠴᠠᠭ 20 ᠮᠢᠨᠦ᠋ᠲ ᠪᠤᠭᠤᠨᠢᠰᠪᠠ᠃ ᠬᠥᠬᠡᠬᠣᠲᠠ᠎ᠠᠴᠠ ᠢᠷᠭᠠᠢ᠂ ᠯᠠᠨᠵᠧᠦ᠍᠎ᠳᠦ ᠬᠦᠷᠬᠦ᠎ᠳᠦ ᠬᠠᠮᠤᠭ᠎ᠤᠨ ᠬᠤᠷᠳᠤᠨ᠎ᠳᠠᠭᠠᠨ ᠲᠤᠰ ᠲᠤᠰ 4 ᠴᠠᠭ 03 ᠮᠢᠨᠦ᠋ᠲ᠂ 7 ᠴᠠᠭ 27 ᠮᠢᠨᠦ᠋ᠲ᠎ᠤᠨ ᠴᠠᠭ ᠬᠡᠷᠡᠭᠰᠡᠵᠦ᠂ ᠤᠤᠯ᠎ᠤᠨ ᠬᠠᠮᠤᠭ᠎ᠤᠨ ᠬᠤᠷᠳᠤᠨ ᠭᠠᠯᠲᠤ ᠲᠡᠷᠭᠡ᠎ᠲᠡᠶ ᠬᠠᠷᠢᠴᠠᠭᠤᠯᠪᠠᠯ ᠲᠤᠰ ᠲᠤᠰ 3 ᠴᠠᠭ 54 ᠮᠢᠨᠦ᠋ᠲ᠂ 2 ᠴᠠᠭ 59 ᠮᠢᠨᠦ᠋ᠲ ᠪᠤᠭᠤᠨᠢᠰᠪᠠ᠃

ᠣᠢᠯᠠᠭᠠᠭ᠍ᠰᠠᠨ᠎ᠢᠶᠠᠷ᠂ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ᠎ᠠᠴᠠ ᠬᠤᠢ ᠨᠦᠩ ᠬᠦᠷᠬᠦ ᠬᠡᠰᠡᠭ ᠪᠣᠯ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠣᠣᠷ᠎ᠤᠨ ᠪᠡᠭᠡᠵᠢᠩ᠎ᠠᠴᠠ ᠯᠠᠨᠵᠧᠦ ᠬᠦᠷᠬᠦ ᠵᠠᠮ ᠱᠤᠭᠤᠮ᠎ᠤᠨ ᠭᠣᠣᠯ ᠪᠦᠷᠢᠯᠳᠦᠬᠦᠨ ᠬᠡᠰᠡᠭ ᠪᠠᠢᠵᠤ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠭᠣᠣᠯᠳᠠᠯᠭ᠎ᠠ᠎ᠲᠠᠶ ᠲᠦᠷᠦᠯ ᠵᠦᠢᠯ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠪᠠᠷᠠᠭᠤᠨᠰᠢ᠎ᠪᠠᠨ ᠣᠷᠣᠨ᠎ᠠᠴᠠ ᠭᠠᠷᠬᠤ ᠴᠢᠬᠤᠯᠠ ᠵᠠᠮ ᠪᠣᠯᠤᠨ᠎ᠠ᠃ ᠪᠤᠭᠤᠲᠤ᠎ᠠᠴᠠ ᠢᠷᠭᠠᠶ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠳᠤ᠎ᠠᠴᠠ ᠬᠤᠢ ᠨᠦᠩ ᠬᠦᠷᠬᠦ ᠬᠡᠰᠡᠭ᠎ᠤᠨ ᠲᠡᠷᠭᠡ ᠨᠡᠪᠲᠡᠷᠡᠭᠰᠡᠨ᠎ᠨᠢ ᠪᠤᠭᠤᠲᠤ᠎ᠠᠴᠠ ᠢᠷᠭᠠᠶ ᠬᠦᠷᠬᠦ ᠲᠦᠷᠭᠡᠨ᠎ᠦ ᠲᠡᠮᠦᠷ ᠵᠠᠮ᠎ᠪᠥᠬᠥ᠌ ᠱᠤᠭᠤᠮ᠎ᠢᠶᠡᠷ ᠵᠢᠩᠬᠢᠨᠢ᠎ᠪᠡᠷ ᠲᠡᠷᠬᠡ ᠨᠡᠪᠲᠡᠷᠡᠵᠦ᠍᠂ ᠪᠡᠭᠡᠵᠢᠩ᠎ᠡᠴᠡ ᠯᠠᠨᠵᠧᠸ᠋ ᠬᠥᠷᠬᠥ᠌ ᠲᠦᠷᠭᠡᠨ᠎ᠦ ᠲᠡᠮᠦᠷ ᠵᠠᠮ ᠪᠥᠬᠥ᠌ ᠱᠤᠭᠤᠮ᠎ᠢᠶᠡᠷ ᠲᠡᠷᠬᠡ ᠨᠡᠪᠲᠡᠷᠡᠵᠦ᠍᠂ ᠥᠪᠥᠷ ᠮᠣᠩᠭᠣᠯ᠎ᠤᠨ ᠪᠠᠶᠠᠨᠨᠠᠭᠤᠷ ᠬᠣᠲᠠ᠂ ᠦᠬᠠᠶ ᠬᠣᠲᠠ ᠲᠦᠷᠭᠡᠨ᠎ᠦ ᠲᠡᠮᠦᠷ ᠵᠠᠮ᠎ᠤᠨ ᠴᠠᠭ ᠦᠶ᠎ᠡ᠎ᠳᠦ ᠤᠷᠤᠭ᠍ᠰᠠᠨ᠎ᠢ ᠬᠠᠷᠠᠭᠤᠯᠵᠤ᠂ ᠥᠪᠥᠷ ᠮᠣᠩᠭᠣᠯ᠎ᠤᠨ ᠪᠠᠷᠠᠭᠤᠨ ᠪᠡᠶ᠎ᠡ᠎ᠶᠢᠨ ᠭᠠᠵᠠᠷ ᠣᠷᠣᠨ᠎ᠤ ᠣᠯᠠᠨ ᠲᠦᠮᠡᠨ᠎ᠦ ᠶᠠᠪᠤᠵᠤ ᠰᠠᠭᠤᠬᠤ ᠨᠥᠬᠥᠴᠡᠯ᠎ᠢ ᠪᠦᠲᠦᠮᠵᠢᠲᠡᠶ ᠰᠠᠢᠵᠢᠷᠠᠭᠤᠯᠬᠤ ᠪᠤᠯᠤᠨ᠎ᠠ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠴᠠᠭ ᠦᠶ᠎ᠡ᠎ᠶ᠋ᠢᠨ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠦ ᠬᠦᠴᠦᠨ ᠨᠡᠮᠡᠷᠢᠯᠡᠬᠦ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ