12 ᠳ᠋ᠤᠭᠠᠷ ᠰᠠᠷ᠎ᠠ᠎ᠶᠢᠨ 23᠎ᠤ ᠡᠳᠦᠷ᠂ ᠤᠯᠠᠨ ᠵᠢᠯ᠎ᠦᠨ ᠪᠦᠲᠦᠭᠡᠨ ᠪᠠᠢᠭᠤᠯᠤᠯᠲᠠ᠎ᠪᠠᠷ ᠳᠠᠮᠵᠢᠨ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠪᠦᠬᠦ ᠱᠤᠭᠤᠮ᠎ᠢᠶᠠᠷ᠎ᠢᠶᠠᠨ ᠲᠡᠷᠭᠡ ᠨᠡᠪᠲᠡᠷᠡᠵᠦ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠦᠰᠡᠭᠡᠳ ᠤᠳᠠᠭᠰᠠᠨ 《ᠲᠦᠷᠭᠡᠨ᠎ᠦ ᠲᠡᠮᠦᠷ ᠵᠠᠮ᠎ᠤᠨ ᠴᠠᠭ ᠦᠶ᠎ᠡ》 ᠵᠢᠩᠬᠢᠨᠢ᠎ᠪᠡᠷ ᠬᠦᠷᠴᠦ ᠢᠷᠡᠪᠡ᠃
ᠪᠣᠭᠣᠮᠲᠠ᠎ᠶᠢᠨ ᠭᠠᠳᠠᠨᠠᠬᠢ ᠲᠠᠯ᠎ᠠ ᠨᠤᠲᠤᠭ᠎ᠲᠤ᠂ ᠪᠣᠯᠣᠳ ᠲᠡᠮᠦᠷ᠎ᠦᠨ ᠠᠪᠤᠷᠭᠤ ᠯᠣᠣ ᠣᠮᠣᠭᠯᠠᠩ ᠳᠠᠪᠬᠢᠨ᠎ᠠ᠃ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ᠂ ᠥᠪᠥᠷ ᠮᠣᠩᠭᠣᠯ ᠶᠠᠭ ᠲᠦᠷᠭᠡᠨ᠎ᠦ ᠲᠡᠮᠦᠷ ᠵᠠᠮ᠎ᠤᠨ ᠲᠣᠣᠷ᠎ᠢᠶᠠᠷ ᠳᠠᠮᠵᠢᠭᠤᠯᠤᠨ ᠤᠯᠤᠰ᠎ᠤᠨ ᠳᠣᠲᠣᠭᠠᠳᠤ᠎ᠶᠢᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠦ ᠲᠦᠷᠭᠡᠨ ᠠᠭᠤᠰᠤᠯᠴᠠᠵᠤ ᠪᠣᠢ᠃

ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠭᠠᠯᠲᠤ ᠲᠡᠷᠭᠡᠨ᠎ᠦ ᠠᠩᠬᠠᠨ᠎ᠤ ᠡᠭᠡᠯᠵᠢ ᠭᠠᠯᠲᠤ ᠲᠡᠷᠭᠡ ᠮᠣᠷᠳᠠᠯ᠎ᠠ᠃ (ᠵᠣᠣ ᠶᠠ ᠯᠦ᠍ ᠰᠡᠭᠦᠳᠡᠷᠯᠡᠪᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠤ᠎ᠪᠠᠨ᠂ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠲᠤ᠎ᠠᠴᠠ ᠾᠦᠢ ᠨᠦᠩ ᠬᠦᠷᠬᠦ ᠬᠡᠰᠡᠭ ᠵᠠᠮ᠎ᠤᠨ ᠲᠡᠷᠭᠡ ᠨᠡᠪᠲᠡᠷᠡᠭᠰᠡᠨ ᠨᠢ ᠪᠡᠭᠡᠵᠢᠩ᠂ ᠾᠧᠪᠧᠢ᠂ ᠥᠪᠥᠷ ᠮᠣᠩᠭᠣᠯ᠂ ᠨᠢᠩᠰᠢᠶᠠ᠂ ᠭᠠᠨᠰᠤ᠎ᠶᠢ ᠬᠥᠨᠳᠡᠯᠡᠨ᠎ᠢᠶᠡᠷ ᠬᠣᠯᠪᠣᠭᠰᠠᠨ ᠪᠡᠭᠡᠵᠢᠩ᠎ᠡᠴᠡ ᠯᠠᠨᠵᠧᠦ ᠬᠦᠷᠬᠦ ᠨᠡᠪᠲᠡᠷᠡᠯ ᠵᠠᠮ ᠪᠥᠬᠥ ᠱᠤᠭᠤᠮ᠎ᠢᠶᠠᠷ᠎ᠢᠶᠠᠨ ᠬᠣᠯᠪᠣᠯᠳᠤᠨ ᠨᠡᠪᠲᠡᠷᠡᠭᠰᠡᠨ᠎ᠢ ᠬᠠᠷᠠᠭᠤᠯᠵᠤ ᠪᠠᠢᠬᠤ᠎ᠪᠠᠷ ᠪᠠᠷᠠᠬᠤ ᠦᠭᠡᠢ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠲᠦᠷᠭᠡᠨ᠎ᠦ ᠲᠡᠮᠦᠷ ᠵᠠᠮ᠎ᠤᠨ ᠲᠣᠣᠷ ᠨᠡᠪᠲᠡᠷᠡᠭᠰᠡᠨ ᠦᠭᠡᠢ ᠪᠠᠢᠭ᠍ᠰᠠᠨ᠎ᠢ ᠨᠥᠬᠥᠪᠦᠷᠢᠯᠡᠵᠦ᠂ ᠪᠠᠷᠠᠭᠤᠨ ᠬᠣᠢᠲᠤ ᠣᠷᠣᠨ᠂ ᠬᠤᠸᠠᠪᠧᠢ ᠣᠷᠣᠨ᠂ ᠵᠡᠭᠦᠨ ᠬᠣᠢᠲᠤ ᠣᠷᠣᠨ᠎ᠢ ᠬᠣᠯᠪᠣᠨ ᠨᠡᠪᠲᠡᠷᠡᠭᠦᠯᠦᠭᠰᠡᠨ ᠲᠦᠷᠭᠡᠨ ᠨᠡᠪᠲᠡᠷᠡᠯ ᠵᠠᠮ᠎ᠢ ᠪᠠᠢᠭᠤᠯᠵᠠᠢ ᠭᠡᠪᠡ᠃

ᠠᠶᠠᠨᠴᠢᠳ᠎ᠢ ᠪᠠᠶᠠᠷᠲᠠᠢᠬᠠᠨ ᠤᠭᠲᠤᠨ᠎ᠠ᠃ (ᠵᠣᠣ ᠶᠠ ᠯᠦ᠍ ᠰᠡᠭᠦᠳᠡᠷᠯᠡᠪᠡ)
ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠪᠦᠬᠦ ᠱᠤᠭᠤᠮ᠎ᠢᠶᠠᠷ ᠲᠡᠷᠭᠡ ᠨᠡᠪᠲᠡᠷᠡᠭᠰᠡᠨᠦ ᠳᠠᠷᠠᠭ᠎ᠠ᠂ ᠪᠤᠭᠤᠲᠤ᠎ᠠᠴᠠ ᠢᠷᠭᠠᠢ᠎ᠳᠤ ᠬᠦᠷᠬᠦ ᠲᠡᠮᠦᠷ ᠵᠠᠮ᠎ᠤᠨ ᠠᠶᠠᠯᠠᠯ᠎ᠤᠨ ᠴᠠᠭ᠎ᠢ ᠤᠤᠯ᠎ᠤᠨ 6 ᠴᠠᠭ ᠭᠠᠷᠤᠢ᠎ᠠᠴᠠ 2.5 ᠴᠠᠭ ᠣᠷᠴᠢᠮ ᠪᠣᠯᠭᠠᠨ ᠪᠣᠭᠣᠨᠢᠰᠬᠠᠪᠠ᠃ ᠡᠨᠡ ᠨᠢ ᠵᠠᠮ ᠳᠠᠭᠠᠤ᠎ᠶᠢᠨ ᠤᠯᠠᠨ ᠲᠦᠮᠡᠨ᠎ᠦ ᠶᠠᠪᠤᠵᠤ ᠰᠠᠭᠤᠬᠤ᠎ᠳᠤ ᠲᠤᠢᠯ᠎ᠤᠨ ᠶᠡᠬᠡ᠎ᠪᠠᠷ ᠲᠦᠬᠦᠮ ᠦᠵᠡᠭᠦᠯᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠤᠨ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠰᠢᠨ᠎ᠡ ᠲᠥᠯᠥᠪ ᠪᠠᠢᠳᠠᠯ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠨᠡᠮᠡᠷᠢᠯᠡᠵᠡᠢ᠃ ᠡᠭᠦᠨ᠎ᠦ ᠬᠠᠮᠲᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ ᠨᠢ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠣᠣᠷ᠎ᠤᠨ ᠭᠣᠣᠯ ᠵᠠᠮ᠎ᠳᠤ ᠪᠥᠬᠥ ᠲᠠᠯ᠎ᠠ᠎ᠪᠠᠷ ᠠᠭᠤᠰᠤᠯᠴᠠᠵᠤ᠂ ᠲᠣᠰ ᠭᠠᠵᠠᠷ ᠣᠷᠣᠨ᠎ᠤ᠎ᠪᠠᠨ ᠨᠡᠭᠡᠭᠡᠯᠲᠡ ᠬᠢᠬᠦ ᠣᠷᠣᠨ ᠪᠠᠢᠷᠢ᠎ᠶᠢᠨ ᠴᠢᠳᠠᠪᠤᠷᠢ ᠲᠠᠰ᠎ᠤᠨ ᠳᠡᠭᠡᠭᠰᠢᠯᠡᠯᠲᠡ᠎ᠶᠢ ᠪᠡᠶᠡᠯᠡᠭᠦᠯᠪᠡ᠃

ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠪᠦᠬᠦ ᠱᠤᠭᠤᠮ᠎ᠢᠶᠠᠷ ᠲᠡᠷᠭᠡ ᠨᠡᠪᠲᠡᠷᠡᠵᠦ ᠠᠩᠬᠠᠨ᠎ᠤ ᠡᠭᠡᠯᠵᠢ᠎ᠶᠢᠨ ᠭᠠᠯᠲᠤ ᠲᠡᠷᠭᠡ ᠮᠣᠷᠳᠠᠬᠤ᠎ᠳᠤ ᠬᠠᠮᠲᠤ᠎ᠶᠢᠨ ᠵᠢᠷᠤᠭ ᠠᠪᠴᠤ ᠳᠤᠷᠠᠰᠬᠠᠯ ᠦᠯᠡᠳᠡᠭᠡᠵᠦ ᠪᠠᠢᠭ᠎ᠠ ᠨᠢ᠃ (ᠵᠣᠣ ᠶᠠ ᠯᠦ᠍ ᠰᠡᠭᠦᠳᠡᠷᠯᠡᠪᠡ)

ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠥᠪᠥᠷ ᠮᠣᠩᠭᠣᠯ᠎ᠤᠨ ᠠᠵᠤ ᠠᠬᠤᠢ᠎ᠶᠢᠨ ᠭᠣᠣᠯ ᠣᠷᠣᠨ ᠪᠦᠰᠡ — ᠪᠣᠷᠣᠳᠣᠬᠣᠢ᠎ᠶᠢᠨ ᠲᠠᠯ᠎ᠠ ᠭᠠᠵᠠᠷ ᠪᠠ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠤᠳᠠ᠎ᠶᠢᠨ ᠪᠦᠯᠦᠭᠵᠢᠯ᠎ᠢ ᠭᠤᠯᠳᠤ᠎ᠪᠠᠷ ᠨᠡᠪᠲᠡᠷᠡᠭᠦᠯᠪᠡ᠃
《ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠡᠪᠲᠡᠷᠡᠭᠰᠡᠨ᠎ᠳᠦ ᠮᠢᠨᠤ ᠰᠡᠳᠬᠢᠯ ᠮᠠᠰᠢ ᠥᠨᠳᠥᠷ ᠪᠠᠢᠨ᠎ᠠ᠂ ᠡᠨᠡ ᠨᠢ ᠪᠢᠳᠡᠨ᠎ᠦ ᠶᠠᠪᠤᠵᠤ ᠰᠠᠭᠤᠬᠤ᠎ᠳᠤ ᠲᠤᠢᠯ᠎ᠤᠨ ᠶᠡᠬᠡᠪᠡᠷ ᠲᠦᠭᠦᠮ ᠦᠵᠡᠭᠦᠯᠵᠦ᠂ ᠬᠣᠶᠠᠷ ᠭᠠᠵᠠᠷ᠎ᠤᠨ ᠵᠢᠭᠤᠯᠴᠢᠯᠠᠯ᠎ᠳᠤ ᠴᠤ᠌ ᠮᠠᠰᠢ ᠶᠡᠬᠡ ᠳᠠᠢᠴᠢᠯᠠᠬᠤ ᠦᠢᠯᠡᠳᠦᠯ ᠦᠵᠡᠭᠦᠯᠦᠨ᠂ ᠵᠠᠮ ᠳᠠᠭᠠᠤ᠎ᠶᠢᠨ ᠭᠠᠵᠠᠷ ᠣᠷᠣᠨ᠎ᠤ ᠠᠵᠤ ᠠᠬᠤᠢ᠎ᠶᠢᠨ ᠰᠣᠯᠢᠯᠴᠠᠭ᠎ᠠ ᠪᠠ ᠣᠯᠣᠯᠴᠠᠭ᠎ᠠ᠎ᠶᠢ ᠴᠢᠩᠭᠠᠳᠬᠠᠵᠤ᠂ ᠢᠯᠠᠩᠭᠤᠶ᠎ᠠ ᠰᠣᠶᠣᠯ ᠵᠢᠭᠤᠯᠴᠢᠯᠠᠯ ᠢᠳᠡᠭᠡᠨ ᠤᠮᠳᠠᠭᠠᠨ᠎ᠤ ᠰᠣᠶᠣᠯ᠎ᠤᠨ ᠠᠭᠤᠰᠤᠯᠴᠠᠯ᠎ᠳᠤ ᠲᠤᠢᠯ᠎ᠤᠨ ᠶᠡᠬᠡ ᠠᠬᠢᠭᠤᠯᠬᠤ ᠦᠢᠯᠡᠳᠦᠯ ᠦᠵᠡᠭᠦᠯᠵᠡᠢ᠃》 ᠭᠡᠵᠦ ᠪᠤᠭᠤᠲᠤ ᠬᠤᠳᠠ᠎ᠶᠢᠨ ᠵᠢᠤ ᠶᠤᠸᠠᠨ ᠲᠣᠭᠣᠷᠢᠭ᠋᠎ᠤᠨ ᠾᠧᠩ ᠱᠤ᠌ ᠵᠡᠭᠡᠯᠢ᠎ᠶᠢᠨ 《ᠠᠮᠲᠠᠲᠤ ᠢᠳᠡᠭᠡᠨ᠎ᠦ ᠵᠡᠭᠡᠯᠢ》᠎ᠶᠢ ᠡᠵᠡᠩᠨᠡᠵᠦ ᠪᠠᠢᠭ᠎ᠠ ᠵᠢᠶᠦ᠋ᠨ ᠮᠧᠢ ᠱᠧᠩ ᠬᠤᠳᠠᠯᠳᠤᠭᠠᠨ᠎ᠤ ᠡᠵᠡᠩᠨᠡᠯᠲᠡ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠮᠠ ᠵᠢᠶᠠ ᠯᠸ᠋ ᠬᠡᠯᠡᠪᠡ᠃

ᠠᠩᠬᠠᠨ᠎ᠤ ᠡᠭᠡᠯᠵᠢ᠎ᠶᠢᠨ ᠭᠠᠯᠲᠤ ᠲᠡᠷᠭᠡᠨ ᠳᠡᠭᠡᠷᠡᠬᠢ ᠤᠷᠠᠨ ᠰᠠᠢᠬᠠᠨ᠎ᠤ ᠲᠣᠭᠯᠠᠯᠲᠠ᠃
ᠢᠷᠭᠠᠢ᠎ᠠᠴᠠ ᠪᠤᠭᠤᠲᠤ᠎ᠳᠦ 3 ᠴᠠᠭ᠎ᠤᠨ ᠳᠣᠲᠣᠷ᠎ᠠ ᠬᠦᠷᠴᠦ᠂ 《ᠬᠠᠭᠠᠰ ᠡᠳᠦᠷ᠎ᠦᠨ ᠠᠵᠤ ᠠᠬᠤᠢ᠎ᠶᠢᠨ ᠬᠦᠷᠢᠶ᠎ᠡ》 ᠨᠢ ᠬᠦᠰᠡᠯ ᠵᠡᠭᠦᠳᠦ ᠪᠠᠢᠭ᠍ᠰᠠᠨ᠎ᠡᠴᠡ᠎ᠪᠡᠨ ᠪᠣᠳᠠᠲᠤ ᠠᠬᠤᠢ ᠪᠣᠯᠵᠤ ᠪᠡᠶᠡᠯᠡᠭᠳᠡᠭᠰᠡᠨ ᠪᠠᠢᠨ᠎ᠠ᠃ ᠪᠤᠭᠤᠲᠤ᠎ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠥᠪᠥᠷ ᠮᠣᠩᠭᠣᠯ᠎ᠤᠨ ᠠᠵᠤ ᠠᠬᠤᠢ᠎ᠶᠢᠨ ᠭᠣᠣᠯ ᠣᠷᠣᠨ ᠪᠦᠰᠡ — ᠪᠣᠷᠣᠳᠣᠬᠣᠢ᠎ᠶᠢᠨ ᠲᠠᠯ᠎ᠠ ᠭᠠᠵᠠᠷ ᠪᠠ ᠬᠥᠬᠡᠬᠣᠲᠠ ᠪᠤᠭᠤᠲᠤ ᠣᠷᠳᠣᠰ᠎ᠤᠨ ᠬᠤᠳᠠ᠎ᠶᠢᠨ ᠪᠦᠯᠦᠭᠵᠢᠯ᠎ᠢ ᠨᠡᠪᠲᠡᠷᠡᠭᠦᠯᠵᠡᠢ᠂ ᠡᠨᠳᠡ ᠪᠦᠬᠦ ᠣᠷᠣᠨ᠎ᠤ ᠬᠠᠮᠤᠭ᠎ᠤᠨ ᠴᠢᠬᠤᠯᠠ ᠡᠨᠧᠷᠭᠢ᠂ ᠬᠦᠨᠳᠦ ᠬᠢᠮᠢ᠎ᠶᠢᠨ ᠠᠵᠤ ᠦᠢᠯᠡᠳᠪᠦᠷᠢ᠂ ᠲᠤᠨᠤᠭ ᠲᠥᠬᠦᠭᠡᠷᠦᠮᠵᠢ ᠦᠢᠯᠡᠳᠬᠦ ᠪᠠ ᠪᠣᠬᠢᠷᠲᠤᠯ ᠦᠭᠡᠢ ᠮᠠᠯ ᠲᠠᠷᠢᠶᠠᠯᠠᠩ᠎ᠤᠨ ᠭᠠᠷᠤᠯᠲᠠ᠎ᠶᠢᠨ ᠰᠠᠭᠤᠷᠢᠨ ᠭᠠᠵᠠᠷ᠎ᠢ ᠲᠥᠪᠯᠡᠷᠡᠭᠦᠯᠵᠡᠢ᠃ ᠲᠦᠷᠭᠡᠨ᠎ᠦ ᠲᠡᠮᠦᠷ ᠵᠠᠮ ᠨᠢ ᠬᠥᠮᠥᠰ᠎ᠦᠨ ᠶᠠᠪᠤᠯᠴᠠᠭ᠎ᠠ᠎ᠳᠤ ᠲᠥᠬᠥᠮ ᠦᠵᠡᠭᠦᠯᠦᠭᠰᠡᠨ᠎ᠢᠶᠡᠷ ᠪᠠᠷᠠᠬᠤ ᠦᠭᠡᠢ᠂ ᠨᠠᠩ ᠴᠤ᠌ ᠳᠡᠭᠡᠳᠦ ᠲᠠᠰ᠎ᠤᠨ ᠦᠢᠯᠡᠳᠪᠦᠷᠢᠯᠡᠯ᠎ᠦᠨ ᠬᠦᠴᠦᠨ ᠵᠦᠢᠯ᠎ᠦᠨ ᠥᠨᠳᠥᠷ ᠬᠤᠷᠳᠤᠴᠠ᠎ᠪᠠᠷ ᠰᠢᠯᠵᠢᠬᠦ ᠪᠠ ᠰᠢᠯᠢᠳᠡᠭᠵᠢᠭᠦᠯᠦᠨ ᠲᠣᠬᠢᠷᠠᠭᠤᠯᠬᠤ᠎ᠶᠢ ᠠᠬᠢᠭᠤᠯᠵᠤ᠂ ᠴᠢᠩᠭ᠎ᠠ ᠬᠦᠴᠦᠲᠡᠢ 《ᠠᠵᠤ ᠠᠬᠤᠢ᠎ᠶᠢᠨ ᠳᠠᠮᠵᠢᠭᠤᠯᠬᠤ ᠬᠣᠭᠣᠯᠠᠢ》 ᠮᠡᠲᠦ ᠵᠠᠮ ᠳᠠᠭᠠᠤ᠎ᠶᠢᠨ ᠡᠯ᠎ᠡ ᠬᠣᠲᠠ᠎ᠶᠢᠨ ᠠᠵᠤ ᠦᠢᠯᠡᠰ᠎ᠦᠨ ᠥᠨᠥᠴᠢᠨ ᠠᠷᠠᠯ᠎ᠢ ᠬᠠᠮᠵᠢᠯᠴᠠᠨ ᠬᠥᠭᠵᠢᠬᠦ ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ ᠪᠣᠯᠭᠠᠨ ᠬᠣᠯᠪᠣᠯᠳᠤᠭᠤᠯᠤᠭᠰᠠᠨ ᠪᠠᠢᠨ᠎ᠠ᠃

ᠥᠪᠥᠷ ᠮᠣᠩᠭᠣᠯ᠎ᠤᠨ ᠮᠦᠽᠧᠢ᠎ᠶᠢᠨ ᠬᠢᠨ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠢᠶᠡᠨ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠭᠠᠯᠲᠤ ᠲᠡᠷᠭᠡᠨ᠎ᠳᠦ ᠠᠪᠴᠤ ᠭᠠᠷᠴᠠᠢ᠃ (ᠵᠣᠣ ᠶᠠ ᠯᠦ᠍ ᠰᠡᠭᠦᠳᠡᠷᠯᠡᠪᠡ)
ᠡᠨᠡ ᠬᠦ᠌ ᠨᠡᠪᠲᠡᠷᠡᠯ ᠵᠠᠮ᠎ᠳᠤ ᠲᠦᠰᠢᠭᠯᠡᠨ᠂ ᠪᠤᠭᠤᠲᠤ᠎ᠶᠢᠨ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠨᠢ ᠣᠷᠳᠣᠰ᠎ᠤᠨ ᠡᠨᠧᠷᠭᠢ᠎ᠶᠢᠨ ᠨᠡᠭᠡᠭᠡᠨ ᠠᠰᠢᠭ᠍ᠯᠠᠯᠲᠠ᠎ᠳᠤ ᠨᠡᠩ ᠥᠨᠳᠥᠷ ᠪᠦᠲᠦᠮᠵᠢᠲᠡᠢ ᠦᠢᠯᠡᠴᠢᠯᠡᠵᠦ᠂ ᠪᠠᠶᠠᠨᠨᠠᠭᠤᠷ᠎ᠤᠨ ᠴᠢᠨᠠᠷᠯᠢᠭ᠋ ᠮᠠᠯ ᠲᠠᠷᠢᠶᠠᠯᠠᠩ᠎ᠤᠨ ᠭᠠᠷᠤᠯᠲᠠ᠎ᠶᠢ ᠨᠡᠩ ᠲᠦᠷᠭᠡᠨ᠎ᠢᠶᠠᠷ ᠪᠦᠬᠦ ᠤᠯᠤᠰ᠎ᠤᠨ ᠵᠠᠬ᠎ᠠ ᠳᠡᠯᠭᠡᠭᠦᠷ᠎ᠲᠦ ᠬᠦᠷᠭᠡᠬᠦ ᠪᠣᠯᠣᠨ᠎ᠠ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠰᠠᠭᠤᠷᠢ ᠪᠡᠯᠡᠳᠬᠡᠮᠵᠢ᠎ᠶᠢᠨ ᠬᠠᠲᠠᠭᠤ ᠬᠣᠯᠪᠣᠯᠳᠤᠯ᠎ᠢᠶᠠᠷ ᠥᠪᠥᠷ ᠮᠣᠩᠭᠣᠯ᠎ᠤᠨ ᠳᠣᠲᠣᠭᠠᠳᠤ ᠬᠥᠳᠡᠯᠭᠡᠭᠴᠢ ᠬᠦᠴᠦᠨ᠎ᠢ ᠬᠥᠭᠵᠢᠭᠡᠬᠦ᠂ ᠠᠵᠤ ᠦᠢᠯᠡᠰ᠎ᠦᠨ ᠰᠢᠯᠵᠢᠯᠲᠡ᠎ᠶᠢ ᠳᠠᠭᠠᠭᠠᠨ ᠠᠪᠬᠤ᠂ ᠤᠯᠤᠰ᠎ᠤᠨ ᠳᠣᠲᠣᠭᠠᠳᠤ᠎ᠶᠢᠨ ᠠᠵᠤ ᠦᠢᠯᠡᠰ᠎ᠦᠨ ᠠᠵᠢᠯ᠎ᠤᠨ ᠬᠤᠪᠢᠶᠠᠷᠢᠯᠠᠯ᠎ᠳᠤ ᠭᠦᠨᠵᠡᠭᠡᠢ ᠣᠷᠣᠯᠴᠠᠬᠤ᠎ᠳᠤ ᠨᠥᠬᠥᠴᠡᠯ ᠪᠦᠷᠢᠯᠳᠦᠭᠦᠯᠵᠦ ᠥᠭᠴᠡᠢ᠃ ᠬᠠᠲᠤᠨ ᠭᠣᠣᠯ ᠳᠠᠭᠠᠤ᠎ᠶᠢᠨ ᠲᠦᠷᠭᠡᠨ᠎ᠦ ᠲᠡᠮᠦᠷ ᠵᠠᠮ᠎ᠤᠨ ᠠᠵᠤ ᠠᠬᠤᠢ᠎ᠶᠢᠨ ᠪᠦᠰᠡ ᠨᠢ ᠲᠦᠷᠭᠡᠨ ᠬᠥᠭᠵᠢᠵᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠵᠤ ᠪᠣᠢ᠃

ᠠᠩᠬᠠᠨ᠎ᠤ ᠡᠭᠡᠯᠵᠢ᠎ᠶᠢᠨ ᠭᠠᠯᠲᠤ ᠲᠡᠷᠭᠡᠨ ᠳᠡᠭᠡᠷᠡᠬᠢ ᠠᠶᠠᠨᠴᠢᠳ ᠢᠷᠡᠭᠡᠳᠦᠢ᠎ᠳᠦ᠎ᠪᠡᠨ ᠢᠲᠡᠭᠡᠯ ᠬᠦᠰᠡᠯ᠎ᠢᠶᠡᠷ ᠳᠦᠭᠦᠷᠡᠩ ᠪᠠᠢᠨ᠎ᠠ᠃ (ᠵᠣᠣ ᠶᠠ ᠯᠦ᠍ ᠰᠡᠭᠦᠳᠡᠷᠯᠡᠪᠡ)

ᠵᠤᠨ᠎ᠤ ᠤᠯᠠᠷᠢᠯ᠎ᠳᠡᠬᠢ ᠪᠤᠭᠤᠲᠤ ᠬᠤᠳᠠ᠎ᠶᠢᠨ ᠳᠠᠷᠬᠠᠨ ᠮᠤᠤᠮᠢᠩᠭᠠᠨ ᠲᠠᠯ᠎ᠠ ᠨᠤᠲᠤᠭ᠎ᠤᠨ ᠭᠤᠶᠤ ᠦᠵᠡᠮᠵᠢ᠃ (ᠵᠣᠣ ᠶᠠ ᠯᠦ᠍ ᠰᠡᠭᠦᠳᠡᠷᠯᠡᠪᠡ)