
ᠬᠥᠭᠵᠢᠯᠲᠡ᠎ᠳᠦ ᠳᠠᠪᠠᠯᠭᠠᠨ᠎ᠢ ᠰᠥᠷᠦᠨ ᠤᠷᠤᠭᠰᠢᠯᠠᠬᠤ ᠡᠷᠡᠯᠬᠡᠭ ᠵᠣᠷᠢᠭ᠋ ᠶᠡᠷᠦ᠎ᠡᠴᠡ ᠳᠤᠲᠠᠭᠳᠠᠵᠤ ᠪᠣᠯᠣᠰᠢ ᠦᠭᠡᠢ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ 《ᠳᠦᠷᠢᠨ ᠤᠷᠤᠭᠰᠢᠯᠠᠬᠤ》 ᠣᠮᠣᠭ ᠵᠣᠷᠢᠭ᠋᠎ᠢᠶᠠᠷ ᠰᠦᠷᠯᠢᠭ ᠲᠠᠩᠰᠤᠭ ᠥᠷᠭᠡᠨ ᠠᠭᠤᠳᠠᠮ ᠰᠢᠨ᠎ᠡ ᠶᠢᠷᠲᠢᠨᠴᠦ᠎ᠶᠢ ᠨᠡᠭᠡᠭᠡᠵᠡᠢ!
ᠠᠵᠤ ᠦᠢᠯᠡᠰ᠎ᠦᠨ ᠳᠡᠰ ᠳᠡᠪᠰᠢᠯᠲᠡ᠎ᠶᠢ ᠨᠡᠭᠡᠭᠡᠭᠰᠡᠨ — ᠤᠯᠠᠮᠵᠢᠯᠠᠯᠲᠤ ᠠᠵᠤ ᠦᠢᠯᠡᠰ ᠥᠭᠡᠳᠡᠯᠡᠨ ᠳᠡᠭᠵᠢᠷᠡᠵᠦ ᠰᠢᠨ᠎ᠡ᠎ᠪᠠᠷ ᠮᠠᠨᠳᠤᠵᠤ ᠪᠠᠢᠭ᠎ᠠ ᠠᠵᠤ ᠦᠢᠯᠡᠰ ᠪᠠᠳᠠᠷᠠᠨ ᠬᠥᠭᠵᠢᠵᠡᠢ
ᠭᠠᠪᠰᠢᠭᠠᠢᠯᠠᠪᠠᠰᠤ ᠰᠠᠶᠢ ᠤᠷᠤᠭᠰᠢᠯᠠᠨᠠᠮ!
ᠪᠤᠭᠤᠲᠤ᠂ ᠲᠦᠩᠯᠢᠶᠣᠣ ᠮᠢᠩᠭᠠᠨ ᠳ᠋ᠦᠩᠰᠢᠭᠤᠷ ᠳᠡᠰ᠎ᠤᠨ ᠬᠥᠩᠭᠡᠨ ᠴᠠᠭᠠᠨ᠎ᠤ ᠬᠣᠶᠠᠷ ᠲᠣᠮᠣ᠌ ᠠᠵᠤ ᠦᠢᠯᠡᠰ᠎ᠦᠨ ᠰᠠᠭᠤᠷᠢᠨ ᠬᠥᠭᠵᠢᠨ ᠮᠠᠨᠳᠤᠵᠠᠢ; ᠤᠯᠠᠭᠠᠨᠴᠠᠪ ᠪᠦᠬᠦ ᠤᠯᠤᠰ᠎ᠲᠠᠬᠢ ᠲᠡᠮᠦᠷ᠎ᠦᠨ ᠬᠠᠢᠯᠤᠰᠢ᠎ᠶᠢᠨ ᠬᠠᠮᠤᠭ᠎ᠤᠨ ᠲᠣᠮᠣ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠭ᠋᠎ᠢ ᠪᠠᠢᠭᠤᠯᠵᠤ᠂ ᠤᠯᠠᠮᠵᠢᠯᠠᠯᠲᠤ ᠠᠵᠤ ᠦᠢᠯᠡᠰ ᠪᠤᠵᠠᠭᠠᠢᠷᠠᠨ ᠬᠦᠴᠦᠷᠬᠡᠭᠵᠢᠵᠦ᠂ ᠰᠢᠨ᠎ᠡ ᠠᠮᠢᠵᠢᠷᠠᠯ᠎ᠤᠨ ᠬᠦᠴᠦᠨ᠎ᠢᠶᠠᠨ ᠪᠠᠳᠠᠷᠠᠭᠤᠯᠪᠠ;
ᠬᠣᠪᠣᠷ ᠰᠢᠷᠣᠢ᠎ᠶᠢᠨ ᠠᠵᠤ ᠦᠢᠯᠡᠰ᠎ᠦᠨ ᠦᠢᠯᠡᠳᠬᠦᠨ᠎ᠦ ᠦᠷᠳᠡᠭ ᠮᠢᠩᠭᠠᠨ ᠳ᠋ᠦᠩᠰᠢᠭᠤᠷ ᠲᠥᠭᠥᠷᠢᠭ᠎ᠢ ᠳᠠᠪᠠᠵᠤ᠂ ᠲᠠᠩ ᠲᠠᠯᠠᠰᠲᠤ ᠴᠠᠬᠢᠭᠤᠷ᠂ ᠤᠯᠠᠨ ᠲᠠᠯᠠᠰᠲᠤ ᠴᠠᠬᠢᠭᠤᠷ᠎ᠤᠨ ᠦᠢᠯᠡᠳᠪᠦᠷᠢᠯᠡᠬᠦ ᠴᠢᠳᠠᠮᠵᠢ ᠴᠥᠮ ᠪᠦᠬᠦ ᠤᠯᠤᠰ᠎ᠲᠤ ᠲᠡᠷᠢᠭᠦᠯᠡᠨ᠂ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ ᠴᠤᠭᠯᠠᠷᠠᠨ ᠬᠡᠯᠬᠢᠶᠡᠵᠢᠵᠦ᠂ ᠬᠥᠳᠡᠯᠭᠡᠭᠴᠢ ᠡᠨᠧᠷᠭᠢ ᠰᠦᠷ ᠳᠠᠯᠠᠢᠴᠠᠲᠠᠢ ᠥᠷᠨᠢᠵᠦ ᠪᠠᠢᠨ᠎ᠠ;
ᠨᠣᠭᠣᠭᠠᠨ ᠤᠰᠤᠳᠦᠷᠦᠭᠴᠢ᠎ᠶᠢᠨ ᠰᠢᠪᠲᠦᠷᠲᠦ ᠠᠯᠺᠣᠣᠯ᠎ᠤᠨ ᠠᠵᠤ ᠦᠢᠯᠡᠰ ᠲᠦᠷᠭᠡᠨ ᠬᠥᠭᠵᠢᠵᠦ᠂ ᠪᠦᠬᠦ ᠪᠥᠮᠪᠥᠷᠴᠡᠭ᠎ᠦᠨ ᠬᠠᠮᠤᠭ᠎ᠤᠨ ᠲᠣᠮᠣ ᠪᠣᠯᠬᠤ ᠶᠤᠸᠠᠨ ᠵᠢᠩ ᠤᠯᠠᠭᠠᠨᠬᠠᠳᠠ᠎ᠳᠠᠬᠢ ᠨᠣᠭᠣᠭᠠᠨ ᠤᠰᠤᠳᠦᠷᠦᠭᠴᠢ᠎ᠶᠢᠨ ᠠᠩᠬᠠᠨ᠎ᠤ ᠬᠤᠭᠤᠴᠠᠭᠠᠨ᠎ᠤ 32 ᠲᠦᠮᠡᠨ ᠲᠣᠨ᠎ᠤ ᠲᠥᠷᠥᠯ ᠵᠦᠢᠯ᠎ᠢ ᠪᠠᠢᠭᠤᠯᠵᠤ ᠠᠰᠢᠭ᠍ᠯᠠᠯᠲᠠ᠎ᠳᠤ ᠣᠷᠣᠭᠤᠯᠵᠤ᠂ ᠢᠷᠡᠭᠡᠳᠦᠢ᠎ᠶᠢᠨ ᠠᠵᠤ ᠦᠢᠯᠡᠰ ᠰᠦᠨᠳᠡᠷᠯᠡᠨ ᠪᠣᠰᠴᠤ᠂ ᠬᠥᠭᠵᠢᠯᠲᠡ᠎ᠶᠢᠨ ᠴᠢᠭᠯᠡᠯ᠎ᠢ ᠬᠥᠲᠥᠯᠥᠨ ᠳᠠᠭᠠᠭᠤᠯᠤᠨ᠎ᠠ ᠁
ᠥᠪᠥᠷ ᠮᠣᠩᠭᠣᠯ᠎ᠤᠨ ᠡᠬᠡ ᠭᠠᠵᠠᠷ᠎ᠲᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠬᠥᠭᠵᠢᠨ ᠪᠠᠳᠠᠷᠠᠵᠤ ᠪᠣᠢ᠃
ᠡᠨᠧᠷᠭᠢ᠎ᠶᠢᠨ ᠰᠢᠨ᠎ᠡ ᠵᠠᠮ᠎ᠢ ᠨᠡᠭᠡᠭᠡᠭᠰᠡᠨ — ᠬᠢᠵᠠᠭᠠᠯᠠᠰᠢ ᠦᠭᠡᠢ 《ᠰᠠᠯᠬᠢ ᠪᠠ ᠨᠠᠷᠠᠨ᠎ᠤ ᠡᠨᠧᠷᠭᠢ》 ᠢᠷᠡᠭᠡᠳᠦᠢ᠎ᠶᠢ ᠭᠡᠢᠭᠦᠯᠦᠨ ᠭᠡᠷᠡᠯᠲᠦᠭᠦᠯᠵᠡᠢ
ᠭᠠᠪᠰᠢᠭᠠᠢᠯᠠᠪᠠᠰᠤ ᠰᠠᠶᠢ ᠪᠦᠲᠦᠨᠡᠮ!
ᠥᠪᠥᠷ ᠮᠣᠩᠭᠣᠯ᠎ᠤᠨ ᠨᠣᠭᠣᠭᠠᠨ ᠤᠰᠤᠲᠥ᠋ᠷᠥᠭᠴᠢ᠎ᠶᠢᠨ ᠦᠢᠯᠡᠳᠪᠦᠷᠢᠯᠡᠬᠦ ᠴᠢᠳᠠᠮᠵᠢ ᠪᠦᠬᠦ ᠤᠯᠤᠰ᠎ᠤᠨ ᠬᠠᠭᠠᠰ ᠰᠢᠬᠠᠮ᠎ᠢ ᠡᠵᠡᠯᠡᠵᠦ᠂ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ ᠪᠦᠬᠦ ᠤᠯᠤᠰ᠎ᠲᠤ ᠲᠡᠷᠢᠭᠦᠯᠡᠪᠡ;
4 ᠭᠷᠡᠳᠦ᠋ᠰ ᠴᠠᠬᠢᠯᠭᠠᠨ ᠭᠠᠷᠭᠠᠬᠤ ᠪᠦᠷᠢ 1 ᠭᠷᠡᠳᠦ᠋ᠰ᠎ᠡᠴᠡ ᠳᠡᠭᠡᠭᠰᠢᠬᠢ ᠨᠢ ᠰᠢᠨ᠎ᠡ ᠡᠨᠧᠷᠭᠢ᠎ᠡᠴᠡ ᠢᠷᠡᠯᠲᠡ ᠲᠡᠢ ᠪᠠᠢᠵᠤ᠂ ᠴᠠᠬᠢᠯᠭᠠᠨ ᠬᠦᠴᠦᠨ᠎ᠦ ᠬᠠᠩᠭᠠᠯᠭ᠎ᠠ᠎ᠶᠢᠨ ᠨᠣᠭᠣᠭᠠᠨ ᠡᠨᠧᠷᠭᠢ ᠭᠦᠢᠴᠡᠳ ᠲᠣᠭᠲᠠᠭᠤᠨ ᠪᠠᠢᠨ᠎ᠠ;
ᠨᠡᠭᠦᠷᠡᠰᠦᠨ᠎ᠦ ᠭᠠᠷᠤᠯᠲᠠ᠂ ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠵᠡᠷᠭᠡ 15 ᠵᠦᠢᠯ᠎ᠦᠨ ᠡᠨᠧᠷᠭᠢ᠎ᠶᠢᠨ ᠦᠢᠯᠡᠳᠬᠦᠨ ᠪᠦᠬᠦ ᠤᠯᠤᠰ᠎ᠲᠤ ᠲᠡᠷᠢᠭᠦᠯᠡᠪᠡ ᠁
《ᠨᠡᠭᠦᠷᠡᠰᠦ᠎ᠪᠡᠷ ᠭᠣᠣᠯᠯᠠᠭᠤᠯᠤᠭᠰᠠᠨ》 ᠠᠰᠠᠭᠤᠳᠠᠯ᠎ᠢ ᠰᠢᠢᠳᠪᠦᠷᠢᠯᠡᠵᠦ᠂ ᠥᠪᠥᠷ ᠮᠣᠩᠭᠣᠯ᠎ᠤᠨ ᠡᠨᠧᠷᠭᠢ᠎ᠶᠢᠨ 《ᠨᠣᠮᠢᠨ ᠨᠣᠭᠣᠭᠠᠨ ᠬᠠᠷᠢᠭᠤᠯᠲᠠ᠎ᠶᠢᠨ ᠬᠠᠭᠤᠳᠠᠰᠤ》 ᠤᠯᠠᠮ᠎ᠠᠴᠠ ᠤᠯᠠᠮ ᠰᠠᠢᠲᠤᠷ ᠪᠢᠴᠢᠭᠳᠡᠵᠦ ᠪᠣᠢ᠃
ᠨᠡᠭᠡᠭᠡᠯᠲᠡ ᠬᠢᠬᠦ ᠲᠡᠷᠢᠭᠦᠨ᠎ᠦ ᠬᠢ᠎ᠶᠢ ᠬᠥᠭᠡᠭᠡᠴᠡᠯᠳᠦᠭᠰᠡᠨ — ᠬᠢᠯᠢ᠎ᠶᠢᠨ ᠱᠤᠭᠤᠮ ᠨᠢ ᠳᠡᠯᠡᠬᠡᠢ᠎ᠶᠢ ᠬᠣᠯᠪᠣᠭᠰᠠᠨ 《ᠰᠢᠵᠢᠷ ᠠᠯᠲᠠᠨ ᠱᠤᠭᠤᠮ》 ᠪᠣᠯᠵᠤ ᠬᠤᠪᠢᠷᠠᠵᠠᠢ
ᠭᠠᠪᠰᠢᠭᠠᠢᠯᠠᠪᠠᠰᠤ ᠰᠠᠶᠢ ᠠᠮᠢᠯᠠᠨᠠᠮ!
ᠭᠠᠭᠴᠠᠮᠣᠳᠤ ᠬᠢᠯᠢ᠎ᠶᠢᠨ ᠪᠣᠭᠣᠮᠲᠠ ᠨᠢ ᠬᠠᠭᠤᠷᠠᠢ ᠳᠡᠭᠡᠷᠡᠬᠢ ᠬᠢᠯᠢ᠎ᠶᠢᠨ ᠪᠣᠭᠣᠮᠲᠠ᠎ᠶᠢᠨ ᠬᠡᠯᠪᠡᠷᠢ ᠪᠦᠬᠦᠢ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠬᠦᠢᠰᠦ᠎ᠪᠡᠷ ᠵᠥᠪᠰᠢᠶᠡᠷᠡᠭᠳᠡᠵᠡᠢ;
ᠴᠡᠭᠡ ᠬᠢᠯᠢ᠎ᠶᠢᠨ ᠪᠣᠭᠣᠮᠲᠠ᠎ᠶᠢᠨ ᠬᠢᠯᠢ ᠠᠯᠤᠰᠯᠠᠭᠰᠠᠨ AGV ᠵᠢᠯᠣᠭᠣᠴᠢ ᠦᠭᠡᠢ ᠲᠡᠭᠡᠭᠡᠪᠦᠷᠢ ᠨᠢ ᠪᠥᠬᠥ ᠤᠯᠤᠰ᠎ᠤᠨ ᠣᠶᠤᠨᠴᠢᠯᠠᠭᠰᠠᠨ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠥᠯᠢᠭᠡᠷ ᠵᠢᠱ᠌ᠢᠶ᠎ᠡ ᠪᠣᠯᠪᠠ;
ᠡᠷᠢᠶᠡᠨ ᠬᠤᠳᠠ᠎ᠶᠢᠨ ᠬᠢᠯᠢ᠎ᠶᠢᠨ ᠪᠣᠭᠣᠮᠲᠠ᠎ᠪᠠᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 1.5 ᠲᠦᠮᠡᠨ ᠴᠤᠪᠤᠭ᠎ᠠ᠎ᠶᠢ ᠳᠠᠪᠠᠵᠤ᠂ 74 ᠱᠤᠭᠤᠮ ᠨᠢ 10 ᠭᠠᠷᠤᠢ ᠤᠯᠤᠰ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ 140 ᠭᠠᠷᠤᠢ ᠬᠤᠳᠠ ᠪᠤᠶᠤ ᠦᠷᠳᠡᠭᠡ᠎ᠶᠢ ᠨᠥᠯᠥᠭᠡᠯᠡᠨ ᠳᠠᠢᠴᠢᠯᠠᠵᠠᠢ;
2025 ᠣᠨ᠎ᠤ 1 – 10 ᠳ᠋ᠤᠭᠠᠷ ᠰᠠᠷ᠎ᠠ᠎ᠳᠤ᠂ ᠥᠪᠥᠷ ᠮᠣᠩᠭᠣᠯ᠎ᠤᠨ ᠬᠢᠯᠢ᠎ᠶᠢᠨ ᠪᠣᠭᠣᠮᠲᠠ᠎ᠶᠢᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1.12 ᠳ᠋ᠦᠩᠰᠢᠭᠤᠷ ᠲᠣᠨ᠎ᠳᠤ ᠬᠦᠷᠴᠦ᠂ ᠪᠥᠬᠥ ᠤᠯᠤᠰ᠎ᠤᠨ ᠬᠢᠯᠢ ᠬᠢᠵᠠᠭᠠᠷ᠎ᠲᠠᠬᠢ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ ᠲᠠᠢ ᠮᠤᠵᠢ ᠣᠷᠣᠨ᠎ᠳᠦ ᠦᠷᠭᠦᠯᠵᠢᠯᠡᠨ ᠲᠡᠷᠢᠭᠦᠯᠡᠵᠡᠢ ᠁
ᠥᠪᠥᠷ ᠮᠣᠩᠭᠣᠯ ᠥᠩᠭᠡᠷᠡᠭᠰᠡᠨ᠎ᠳᠠᠬᠢ ᠬᠢᠯᠢ ᠬᠢᠵᠠᠭᠠᠷ᠎ᠤᠨ ᠭᠠᠵᠠᠷ ᠣᠷᠣᠨ᠎ᠢᠶᠠᠨ ᠬᠣᠣᠰ ᠣᠷᠴᠢᠯᠲᠤ ᠲᠥᠯᠥᠪ ᠪᠠᠢᠳᠠᠯ ᠳᠣᠣᠷᠠᠬᠢ 《ᠠᠮᠢᠵᠢᠷᠠᠯ᠎ᠤᠨ ᠬᠦᠴᠦᠨ ᠲᠠᠢ ᠴᠣᠩᠬᠣᠪᠴᠢ》 ᠪᠣᠯᠭᠠᠨ ᠴᠣᠭᠴᠠᠯᠠᠵᠤ ᠪᠣᠢ᠃
ᠭᠠᠪᠰᠢᠭᠠᠢᠯᠠᠬᠤ ᠭᠡᠳᠡᠭ ᠪᠣᠯ ᠵᠣᠷᠢᠭ᠍ᠲᠠᠢ᠎ᠪᠠᠷ ᠥᠪᠡᠷ᠎ᠢ᠎ᠪᠡᠨ ᠳᠠᠬᠢᠨᠲᠠ ᠬᠥᠭᠵᠢᠭᠦᠯᠵᠦ ᠪᠠᠳᠠᠷᠠᠭᠤᠯᠬᠤ ᠰᠥᠰᠥ ᠵᠣᠷᠢᠭ ᠲᠠᠢ ᠪᠣᠯᠭᠠᠬᠤ ᠶᠠᠪᠤᠳᠠᠯ ᠪᠣᠯᠣᠨ᠎ᠠ᠃
ᠭᠠᠪᠰᠢᠭᠠᠢᠯᠠᠬᠤ ᠭᠡᠳᠡᠭ ᠪᠣᠯ 《ᠪᠣᠯᠣᠯᠴᠠᠭ᠎ᠠ ᠦᠭᠡᠢ》 ᠵᠦᠢᠯ᠎ᠢ 《ᠪᠠᠢᠩᠭᠤ᠎ᠶᠢᠨ ᠰᠢᠨ᠎ᠡ ᠲᠥᠯᠥᠪ》 ᠲᠠᠢ ᠪᠣᠯᠭᠠᠬᠤ ᠶᠠᠪᠤᠳᠠᠯ ᠪᠣᠯᠣᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠠᠯᠤᠰ᠎ᠤᠨ ᠬᠠᠷᠠᠯᠲᠠ᠎ᠪᠠᠷ ᠳᠠᠷᠪᠠᠭᠤᠯ ᠪᠣᠯᠭᠠᠵᠤ᠂ ᠰᠢᠪᠲᠤᠯᠤᠯᠲᠠ᠎ᠪᠠᠷ ᠰᠡᠯᠢᠭᠦᠷ᠎ᠢᠶᠡᠨ ᠪᠣᠯᠭᠠᠨ᠂ ᠰᠦᠷ ᠳᠠᠯᠠᠢᠴᠠᠲᠠᠢ ᠠᠵᠤ ᠦᠢᠯᠡᠰ᠎ᠦᠨ ᠰᠢᠨ᠎ᠡ ᠪᠠᠢᠳᠠᠯ᠎ᠢ ᠴᠣᠭᠴᠠᠯᠠᠨ ᠪᠠᠢᠭᠤᠯᠵᠠᠢ!