ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠪᠦᠦ ᠭᠠᠩ ᠲᠦᠩᠯᠢᠶᠣᠤ ᠬᠤᠳᠠ᠎ᠳᠤ ᠪᠠᠢᠴᠠᠭᠠᠨ ᠰᠤᠳᠤᠯᠵᠠᠢ
ᠨᠡᠶ᠋ᠢᠲᠡᠯᠡᠭᠰᠡᠨ ᠴᠠᠭ᠄ 2025-12-29

12 ᠰᠠᠷ᠎ᠠ᠎ᠶ᠋ᠢᠨ 27 ᠡᠴᠡ 28 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠦᠩᠯᠢᠶᠣᠤ ᠬᠤᠳᠠ᠎ᠳᠤ ᠪᠠᠢᠴᠠᠭᠠᠨ ᠰᠤᠳᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ᠎ᠲᠠᠶ ᠨᠢᠭᠡᠳᠦᠯᠲᠡᠢ ᠲᠥᠯᠥᠪᠵᠢᠭᠦᠯᠦᠨ ᠨᠠᠢᠳᠠᠪᠤᠷᠢᠵᠢᠭᠤᠯᠵᠤ᠂ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠬᠤᠳᠠ᠎ᠶ᠋ᠢ ᠲᠦᠷᠭᠡᠳᠭᠡᠨ ᠪᠠᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠦᠬᠦ᠌ ᠬᠦᠴᠦᠨ᠎ᠢᠶᠡᠷ᠎ᠢᠶᠡᠨ ᠪᠠᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠡᠬᠢᠯᠡᠯᠲᠡ᠎ᠶ᠋ᠢᠨ ᠵᠢᠯ᠎ᠳᠦ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠦ ᠭᠠᠩ ᠤᠷᠢᠳ ᠬᠣᠵᠢᠳ ᠹᠦ᠋ ᠶᠣᠣ ᠪᠦᠯᠦᠭ᠌ᠯᠡᠯ᠎ᠦᠨ ᠲᠦᠩᠯᠢᠶᠣᠤ᠎ᠶ᠋ᠢᠨ ᠬᠢᠵᠠᠭᠠᠷᠲᠤ ᠺᠣᠮᠫᠠᠨᠢ᠂ ᠮᠧᠶ ᠬᠤᠸᠠ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠺᠣᠮᠫᠠᠨᠢ᠂ ᠯᠦᠩ ᠮᠠ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢᠨ᠂ ᠲᠦᠩᠯᠢᠶᠣᠤ᠎ᠶ᠋ᠢᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠬᠦᠷᠢᠶᠡᠯᠡᠩ ᠪᠣᠯᠤᠨ ᠬᠣᠷᠴᠢᠨ᠎ᠦ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠤᠰᠤ ᠴᠡᠪᠡᠷᠱᠢᠭᠦᠯᠬᠦ᠌ ᠦᠶ᠋ᠯᠡᠳᠪᠦᠷᠢ᠎ᠳᠦ ᠬᠦᠷᠴᠦ᠍᠂ ᠦᠶ᠋ᠯᠡᠳᠬᠦᠨ ᠰᠤᠳᠤᠯᠤᠨ ᠨᠡᠭᠡᠭᠡᠬᠦ᠌᠂ ᠵᠠᠬ᠎ᠠ ᠳᠡᠯᠭᠡᠭᠦᠷ᠎ᠦᠨ ᠬᠡᠪᠴᠢᠶ᠎ᠡ᠂ ᠠᠵᠤ ᠠᠬᠤᠢᠯᠠᠯ᠎ᠤᠨ ᠦᠷ᠎ᠡ ᠠᠱᠢᠭ᠂ ᠪᠣᠬᠢᠷᠲᠤᠯ ᠥᠬᠡᠶ ᠴᠠᠬᠢᠯᠭᠠᠨ᠎ᠬᠡᠷᠡᠭ᠌ᠯᠡᠬᠦ᠌ ᠪᠠ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢ ᠢᠵᠢ ᠪᠥᠷᠢᠳᠦᠭᠦᠯᠦᠭ᠌ᠰᠡᠨ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨ᠎ᠤ ᠮᠡᠷᠭᠡᠵᠢᠯ᠎ᠦᠨ ᠥᠭᠡᠷᠡᠴᠢᠯᠡᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠱᠢᠨ᠎ᠡ ᠡᠨᠧᠷᠭᠢ᠎ᠶ᠋ᠢ ᠱᠢᠩᠭᠡᠭᠡᠬᠦ᠎ᠶ᠋ᠢ ᠴᠢᠬᠤᠯᠠᠴᠢᠯᠠᠵᠤ᠂ ᠠᠵᠤ ᠦᠶ᠋ᠯᠡᠰ᠎ᠤᠨ ᠳᠡᠭᠡᠳᠦ ᠳᠡᠰᠵᠢᠬᠦ᠂ ᠤᠶᠤᠨᠴᠢᠯᠠᠬᠤ᠂ ᠪᠣᠬᠢᠷᠲᠤᠯ ᠥᠬᠡᠶ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠎ᠶ᠋ᠢ ᠬᠦᠰᠡᠪᠡ᠃ ᠨᠡᠭᠡᠭᠡᠯᠲᠡ᠎ᠶ᠋ᠢᠨ ᠲᠣᠭᠣᠷᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠵᠦ᠍᠂ ᠠᠵᠤ ᠦᠶ᠋ᠯᠡᠰ᠎ᠦᠨ ᠪᠠᠢᠷᠢᠱᠢᠯ᠎ᠢ ᠨᠢᠭᠡᠳᠦᠯᠲᠡᠶ ᠲᠥᠯᠥᠪᠵᠢᠭᠦᠯᠦᠨ᠂ ᠪᠤᠬᠢᠷᠳᠤᠯ ᠦᠭᠡᠢ ᠴᠠᠬᠢᠯᠭᠠᠨ᠎ᠤ ᠬᠠᠩᠭᠠᠯᠭ᠎ᠠ᠎ᠶ᠋ᠢᠨ ᠬᠠᠷᠢᠴᠠᠯ᠎ᠢ ᠳᠡᠭᠡᠭ᠌ᠰᠢᠯᠡᠭᠦᠯᠵᠦ᠍᠂ ᠨᠠᠩ ᠣᠯᠠᠨ ᠡᠬᠢᠨ᠎ᠤ ᠪᠠ ᠡᠴᠦᠰ᠎ᠤᠨ ᠬᠡᠯᠬᠢᠶ᠎ᠡ᠎ᠶᠢᠨ ᠢᠵᠢ ᠪᠥᠷᠢᠳᠦᠭ᠌ᠰᠡᠨ ᠠᠵᠤ ᠠᠬᠤᠢᠯᠠᠯ᠎ᠢ ᠲᠡᠳᠡᠨ ᠲᠥᠪᠯᠡᠷᠡᠭᠦᠯᠵᠦ᠍᠂ ᠨᠡᠯᠢᠶᠡᠳ ᠴᠢᠩᠭ᠎ᠠ ᠥᠷᠢᠰᠥᠯᠳᠦᠭᠡᠨ᠎ᠦ ᠳᠠᠪᠠᠭᠤᠯᠢᠭ᠎ᠲᠠᠶ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌᠂ ᠠᠮᠢᠳᠤ ᠪᠣᠳᠠᠰ᠎ᠤᠨ ᠦᠶ᠋ᠯᠡᠳᠬᠦ᠌ ᠠᠵᠤ ᠦᠶ᠋ᠯᠡᠰ᠎ᠦᠨ ᠪᠦᠯᠦᠭᠵᠢᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠱᠠᠭᠠᠷᠳᠠᠪᠠ᠃ ᠮᠠᠯ ᠠᠵᠤ ᠠᠬᠤᠢ ᠲᠠᠷᠢᠶᠠᠯᠠᠩ᠎ᠤᠨ ᠳᠠᠪᠠᠭᠤᠯᠢᠭ᠋᠎ᠢ ᠪᠠᠳᠠᠷᠠᠭᠤᠯᠵᠤ᠂ ᠡᠷᠳᠡᠨᠢ ᠱᠢᠰᠢ᠂ ᠮᠢᠬᠠᠨ᠎ᠤ ᠦᠬᠡᠷ᠎ᠦᠨ ᠡᠭᠦᠯᠳᠡᠷ᠎ᠤᠨ ᠢᠨᠵᠧᠨᠧᠷᠢᠩ᠎ᠢ ᠨᠠᠷᠢᠨ ᠬᠢᠨᠠᠮᠠᠭᠠᠢ ᠬᠡᠷᠡᠭ᠌ᠵᠢᠭᠦᠯᠵᠦ᠍᠂ ᠡᠷᠳᠡᠨᠢ ᠱᠢᠰᠢ᠎ᠶ᠋ᠢ ᠳᠡᠭᠡᠳᠦ ᠲᠡᠰᠵᠢᠬᠦᠯᠬᠦ᠌᠂ ᠴᠢᠨᠠᠷ ᠰᠠᠢᠲᠠᠢ ᠡᠳ᠋ᠱᠢᠭᠦᠯᠦᠨ ᠪᠣᠯᠪᠠᠰᠤᠷᠠᠭᠤᠯᠬᠤ᠎ᠶ᠋ᠢ ᠠᠬᠢᠭᠤᠯᠵᠤ᠂ ᠮᠢᠬᠠᠨ ᠤ᠋ ᠦᠬᠡᠷ᠎ᠦᠨ ᠠᠵᠤ ᠦᠢᠯᠡᠰ᠎ᠤᠨ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ ᠦᠢᠯᠡᠳᠪᠦᠷᠢᠯᠡᠯ ᠡᠵᠡᠩᠨᠡᠯᠲᠡ᠎ᠶ᠋ᠢ ᠠᠬᠢᠭᠤᠯᠵᠤ᠂ ᠲᠦᠩᠯᠢᠶᠣᠤ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠎ᠢ ᠴᠣᠭ᠍ᠴᠠᠯᠠᠵᠤ᠂ ᠮᠠᠯᠴᠢᠨ ᠲᠠᠷᠢᠶᠠᠴᠢᠨ᠎ᠢ ᠳᠠᠢ᠌ᠴᠢᠯᠠᠨ ᠣᠷᠣᠯᠭ᠎ᠠ᠎ᠶᠢ ᠎ᠨᠢ ᠨᠡᠮᠡᠭ᠌ᠳᠡᠭᠦᠯᠦᠨ ᠪᠠᠶᠠᠵᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠦ ᠭᠠᠩ ᠪᠠᠰᠠ ᠲᠢᠶᠠᠨ ᠢ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠺᠣᠮᠫᠠᠨᠢ᠂ ᠲᠦᠩᠯᠢᠶᠣᠤ᠎ᠶ᠋ᠢᠨ ᠢᠯᠴᠢ ᠴᠠᠬᠢᠯᠭᠠᠨ᠎ᠤ ᠺᠣᠮᠫᠠᠨᠢ᠎ᠳᠤ ᠬᠦᠷᠴᠦ᠍ ᠬᠣᠯᠪᠣᠭ᠍ᠳᠠᠯ ᠪᠦᠬᠦᠢ ᠪᠠᠢᠳᠠᠯ᠎ᠢ ᠣᠢᠯᠠᠭᠠᠵᠤ᠂ ᠨᠠᠰᠤᠵᠢᠯ᠎ᠤᠨ ᠠᠰᠠᠷᠠᠮᠵᠢ᠎ᠶᠢᠨ ᠠᠵᠤ ᠦᠢᠯᠡᠰ᠎ᠢ ᠪᠣᠢᠵᠢᠭᠤᠯᠬᠤ᠂ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠬᠦᠮᠦᠯᠢᠭ ᠬᠠᠯᠠᠮᠵᠢᠯᠠᠯ᠎ᠢ ᠴᠢᠬᠤᠯᠠᠴᠢᠯᠠᠬᠤ ᠲᠠᠯ᠎ᠠ᠎ᠪᠠᠷ ᠢᠯᠡᠭᠦᠬᠡᠨ ᠬᠦᠴᠦ᠍ ᠣᠷᠣᠭᠤᠯᠵᠤ᠂ ᠨᠡᠢᠭᠡᠮ᠎ᠦᠨ ᠤᠯᠠᠨ ᠲᠡᠰ ᠳᠠᠪᠬᠤᠷᠭ᠎ᠠ᠎ᠶ᠋ᠢᠨ ᠤᠯᠠᠨ ᠶᠠᠩᠵᠤᠴᠢᠯᠠᠬ᠍ᠰᠠᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭ᠌ᠴᠡᠭᠡ᠎ᠶ᠋ᠢ ᠬᠠᠩᠭᠠᠬᠤ ᠬᠡᠷᠡᠭ᠌ᠲᠡᠢ᠃ ᠳᠤᠯᠠᠭᠠᠯᠠᠭ᠎ᠠ ᠬᠠᠩᠭᠠᠬᠤ ᠶᠠᠰᠤ ᠴᠢᠨᠠᠷ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠥᠨᠳᠥᠷ ᠳᠠᠪᠬᠤᠷᠭᠠᠳᠤ ᠪᠠᠷᠢᠯᠭ᠎ᠠ᠎ᠶ᠋ᠢᠨ ᠲᠦᠶ᠋ᠮᠡᠷ᠎ᠦᠨ ᠠᠶᠤᠯ᠎ᠤᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠬᠦᠴᠢᠷᠳᠡᠯᠲᠡᠶ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠱᠢᠨ᠎ᠡ ᠵᠢᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠪᠠᠶᠠᠷ᠎ᠤᠨ ᠡᠳᠦᠷ᠎ᠢᠶᠡᠨ ᠪᠠᠶᠠᠰᠬᠤᠯᠠᠩ ᠠᠮᠤᠭᠤᠯᠠᠩ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ