ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭᠠᠨ᠎ᠤ ᠪᠦᠭᠦᠳᠡ ᠬᠤᠷᠠᠯᠳᠤᠭᠠᠨ ᠬᠢᠭᠡᠳ ᠪᠦᠬᠦ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-12-29

12 ᠳ᠋ᠤᠭᠠᠷ ᠰᠠᠷ᠎ᠠ᠎ᠶᠢᠨ 29᠎ᠦ ᠡᠳᠦᠷ᠎ᠦᠨ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭᠠᠨ᠎ᠤ ᠪᠥᠬᠥᠳᠡ ᠬᠤᠷᠠᠯᠳᠤᠭᠠᠨ ᠬᠢᠭᠡᠳ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠂ ᠬᠤᠷᠠᠯ᠎ᠤᠨ ᠬᠤᠭᠤᠴᠠᠭ᠎ᠠ ᠨᠢ 1 ᠡᠳᠦᠷ ᠪᠣᠯᠣᠨ᠎ᠠ᠃ 

12 ᠳ᠋ᠤᠭᠠᠷ ᠰᠠᠷ᠎ᠠ᠎ᠶᠢᠨ 29᠎ᠦ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭᠠᠨ᠎ᠤ ᠪᠥᠬᠥᠳᠡ ᠬᠤᠷᠠᠯᠳᠤᠭᠠᠨ ᠬᠢᠭᠡᠳ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ ᠬᠦᠬᠡᠬᠤᠲᠠ᠎ᠳᠤ ᠬᠤᠷᠠᠯᠳᠤᠪᠠ᠃

ᠰᠤᠷᠪᠤᠯᠵᠢᠯᠠᠭ᠍ᠴᠢ  ᠮᠠ ᠵᠢᠶᠠᠨ ᠪᠢᠩ  ᠰᠡᠭᠦᠳᠡᠷᠯᠡᠪᠡ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠠᠩᠬᠠᠳᠤᠭᠠᠷ ᠤᠳᠠᠭᠠᠨ᠎ᠤ ᠪᠦᠬᠦᠳᠠ ᠬᠤᠷᠠᠯᠳᠤᠭᠠᠨ᠎ᠢ ᠡᠷᠬᠢᠯᠡᠭᠰᠡᠨ᠎ᠦ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠡᠮᠦᠨ᠎ᠡ᠎ᠡᠴᠡ ᠪᠦᠬᠦᠳᠠ ᠬᠤᠷᠠᠯᠳᠤᠭᠠᠨ᠎ᠳᠤ ᠠᠵᠢᠯ᠎ᠢᠶᠠᠨ ᠮᠡᠳᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯᠳᠤᠭᠠᠨ᠎ᠳᠤ ᠣᠷᠣᠯᠴᠠᠵᠠᠢ᠃ 

ᠡᠨᠡ ᠬᠦ᠌ ᠤᠳᠠᠭᠠᠨ᠎ᠤ ᠪᠥᠬᠥᠳᠡ ᠬᠤᠷᠠᠯᠳᠤᠭᠠᠨ᠎ᠤ ᠭᠣᠣᠯ ᠡᠭᠦᠷᠭᠡ ᠪᠣᠯ᠄ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠎ᠶᠢᠨ ᠳᠤᠮᠳᠠᠳᠤ ᠤᠯᠤᠰ ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠎ᠶᠢ ᠭᠦᠨᠵᠡᠭᠡᠢ ᠲᠤᠭᠤᠰᠢᠯᠠᠭᠤᠯᠤᠨ᠂ ᠲᠥᠪ᠎ᠤᠨ ᠠᠵᠤ ᠠᠬᠤᠢ᠎ᠶᠢᠨ ᠠᠵᠢᠯ᠎ᠤᠨ ᠬᠤᠷᠠᠯ ᠪᠠ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠣᠳᠣᠬᠠᠨ᠎ᠦ ᠠᠵᠤ ᠠᠬᠤᠢ᠎ᠶᠢᠨ ᠪᠠᠢᠳᠠᠯ᠎ᠢ ᠵᠠᠳᠠᠯᠤᠨ᠂ 2026 ᠣᠨ᠎ᠤ ᠭᠣᠣᠯᠳᠠᠯᠭ᠎ᠠ ᠪᠣᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠬᠤ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ