ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠦᠩ ᠤᠯᠠᠭᠠᠨᠴᠠᠪ ᠬᠤᠳᠠ᠎ᠳᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭ᠍ᠰᠠᠨ ᠨᠢ ᠤᠤᠭᠠᠯ ᠡᠬᠢ ᠪᠠᠶᠠᠯᠢᠭ᠎ᠤᠨ ᠤᠨᠴᠠᠯᠢᠭ᠎ᠲᠠᠭᠠᠨ ᠰᠠᠭᠤᠷᠢᠯᠠᠨ ᠳᠠᠪᠠᠭᠤᠯᠢᠭ ᠣᠨᠴᠠᠯᠢᠭᠳᠤ ᠠᠵᠤ ᠦᠢᠯᠡᠰ᠎ᠢ ᠪᠤᠵᠠᠭᠠᠢᠷᠠᠭᠤᠯᠵᠤ ᠴᠢᠨᠠᠷ ᠰᠠᠢᠲᠠᠶ ᠬᠥᠭ᠌ᠵᠢᠯᠲᠡ᠎ᠶᠢ ᠱᠢᠨ᠎ᠡ ᠳᠡᠭ᠌ᠲᠡᠷ᠎ᠲᠦ ᠭᠠᠷᠭᠠᠬᠤ᠎ᠶᠢ ᠠᠬᠢᠭᠤᠯᠬᠤ ᠬᠡᠷᠡᠭᠳᠠᠢ
ᠨᠡᠶ᠋ᠢᠲᠡᠯᠡᠭᠰᠡᠨ ᠴᠠᠭ᠄ 2025-12-03

12 ᠰᠠᠷ᠎ᠠ᠎ᠶ᠋ᠢᠨ 1 ᠎ᠡᠴᠡ 2᠎ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠤᠯᠠᠭᠠᠨᠴᠠᠪ ᠬᠣᠲᠠ᠎ᠳᠤ ᠬᠦᠷᠴᠦ᠍᠂ ᠠᠮᠢ ᠠᠬᠤᠶ᠎ᠶ᠋ᠢᠨ ᠵᠠᠰᠠᠯᠲᠠ᠂ ᠠᠵᠤ ᠦᠶ᠋ᠯᠡᠰ᠎ᠦᠨ ᠬᠥᠭ᠌ᠵᠢᠯᠲᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠤᠤᠭᠠᠯ ᠡᠬᠢ ᠪᠠᠶᠠᠯᠢᠭ᠎ᠤᠨ ᠣᠨᠴᠠᠯᠢᠭ ᠲᠠᠭᠠᠨ ᠰᠠᠭᠤᠷᠢᠯᠠᠨ᠂ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢ ᠪᠤᠵᠠᠭᠠᠢᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠱᠢᠨ᠎ᠡ ᠳᠡᠭ᠌ᠲᠡᠷ᠎ᠲᠦ ᠭᠠᠷᠭᠠᠬᠤ᠎ᠶᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠸᠠᠩ ᠸᠧᠢ ᠵᠦᠩ ᠡᠩ ᠲᠡᠷᠢᠭᠦᠨ᠎ᠳᠦ ᠯᠢᠶᠠᠩᠴᠧᠩ ᠱᠢᠶᠠᠨ᠎ᠳᠤ ᠬᠦᠷᠴᠦ᠍᠂ ᠲᠠᠭ᠎ᠠ᠎ᠶ᠋ᠢᠨ ᠨᠠᠭᠤᠷ᠎ᠤᠨ ᠤᠰᠤᠨ᠎ᠤ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠤᠯᠠᠨ᠎ᠲᠠᠶ ᠬᠠᠮᠲᠤ᠎ᠪᠠᠷ ᠵᠠᠰᠠᠯᠲᠠ᠎ᠶ᠋ᠢᠨ ᠠᠷᠭ᠎ᠠ ᠬᠡᠮᠵᠢᠶ᠎ᠡ᠎ᠶ᠋ᠢ ᠰᠤᠳᠤᠯᠤᠨ ᠶᠠᠷᠢᠯᠴᠠᠪᠠ᠃ ᠲᠡᠷᠡ᠂ ᠰᠢ᠎ᠶᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠠᠭ᠎ᠠ᠎ᠶ᠋ᠢᠨ ᠨᠠᠭᠤᠷ᠎ᠤᠨ ᠤᠰᠤᠨ᠎ᠤ ᠡᠬᠢ ᠪᠠᠶᠠᠯᠢᠭ᠎ᠤᠨ ᠬᠠᠮᠠᠭᠠᠯᠠᠯᠲᠠ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠂ ᠤᠰᠤᠨ᠎ᠤ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠤᠰᠤᠨ᠎ᠤ ᠲᠠᠯᠠᠪᠠᠢ᠎ᠶ᠋ᠢ ᠵᠣᠬᠢᠰᠲᠠᠢ ᠬᠡᠪᠴᠢᠶᠡᠨ᠎ᠳᠦ ᠲᠣᠭ᠍ᠲᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠬᠦ᠌᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠰᠠᠢᠲᠤᠷ ᠪᠦᠳᠦᠭᠡᠨ ᠪᠠᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠭᠤᠷᠪᠠᠨ ᠬᠠᠪᠴᠢᠯ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠳᠦ᠂ ᠸᠠᠩ ᠸᠧᠶ ᠵᠥᠩ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠤᠨ ᠡᠵᠡᠩᠨᠡᠵᠦ᠍ ᠪᠠᠢᠭ᠎ᠠ ᠪᠠᠢᠳᠠᠯ ᠪᠠ 《ᠡᠨᠧᠷᠬᠢ ᠲᠤᠤᠷ ᠳᠠᠭᠠᠭᠠᠴᠠ ᠨᠦᠬᠡᠴᠡ》᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠨ ᠬᠡᠷᠡᠭ᠌ᠯᠡᠵᠦ᠍ ᠪᠠᠢᠭ᠎ᠠ ᠪᠠᠢᠳᠠᠯ᠎ᠤᠨ ᠲᠤᠬᠠᠶ ᠲᠠᠨᠢᠯᠴᠠᠭᠤᠯᠭ᠎ᠠ᠎ᠶ᠋ᠢ ᠰᠣᠨᠣᠰᠪᠠ᠃ ᠲᠡᠷᠡ᠂ ᠡᠨᠧᠷᠭᠢ᠎ᠶ᠋ᠢᠨ ᠮᠥᠨ ᠴᠢᠨᠠᠷ᠎ᠤᠨ ᠠᠮᠤᠷ ᠲᠦᠪᠱᠢᠨ᠎ᠳᠦ ᠰᠠᠭᠤᠷᠢᠯᠠᠵᠤ᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠣᠯᠠᠨ ᠵᠦᠶ᠋ᠯ᠎ᠦᠨ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌ ᠪᠠ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠡᠨᠧᠷᠭᠢ ᠨᠥᠭᠡᠴᠡᠯᠡᠬᠦ᠌ ᠠᠵᠤ ᠦᠶ᠋ᠯᠡᠰ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠳᠠᠪᠠᠭᠤᠯᠢᠭ᠎ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭ᠌ᠲᠡᠶ ᠭᠡᠪᠡ᠃ ᠱᠢ ᠵᠢᠢ ᠬᠤ᠌ ᠯᠢᠶᠠᠨ ᠤᠯᠠᠭᠠᠨᠴᠠᠪ᠎ᠤᠨ ᠪᠤᠳᠤᠯᠳᠠ᠎ᠶᠢᠨ ᠬᠦᠴᠦᠨ᠎ᠦ ᠰᠠᠭᠤᠷᠢᠨ᠎ᠳᠦ᠂ ᠸᠠᠩ ᠸᠧᠢ ᠵᠦᠩ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠨᠠᠷᠢᠯᠢᠬ ᠣᠢᠯᠠᠭᠠᠵᠤ᠂ ᠤᠶᠤᠨᠳᠤ ᠪᠤᠳᠤᠯᠳᠠ᠎ᠶᠢᠨ ᠬᠦᠴᠤᠨ᠎ᠦ ᠬᠡᠪᠴᠢᠶ᠎ᠡ ᠦᠷᠭᠦᠯᠵᠢᠯᠡᠨ ᠨᠡᠮᠡᠭ᠌ᠳᠡᠬᠦ᠌᠂ ᠪᠤᠳᠤᠯᠳᠠ᠎ᠶᠢᠨ ᠬᠦᠴᠤᠨ᠎ᠦ ᠴᠢᠳᠠᠪᠤᠷᠢ᠎ᠶ᠋ᠢᠨ ᠠᠵᠤ ᠠᠬᠤᠶ ᠬᠥᠭ᠌ᠵᠢᠨ ᠪᠤᠵᠠᠭᠠᠢᠷᠠᠬᠤ᠎ᠶ᠋ᠢ ᠠᠬᠢᠭᠤᠯᠵᠤ᠂ ᠴᠠᠬᠢᠯᠭᠠᠨ ᠲᠤᠤᠷ᠎ᠤᠨ ᠲᠣᠭᠠᠴᠢᠯᠠᠯᠳᠠ ᠤᠶᠤᠨᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠴᠠᠬᠢᠯᠭᠠᠨ ᠬᠦᠴᠦᠨ ᠪᠤᠳᠤᠯᠳᠠ᠎ᠶᠢᠨ ᠬᠦᠴᠤᠨ᠎ᠦ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠨᠠᠨ ᠳ᠋ᠠ ᠬᠡᠷᠡᠯᠴᠢ ᠴᠡᠨᠡᠭ᠎ᠤᠨ ᠴᠠᠬᠢᠯᠭᠠᠨ᠎ᠤ (ᠤᠯᠠᠭᠠᠨᠴᠠᠪ) ᠬᠢᠵᠠᠭᠠᠷᠲᠤ ᠺᠣᠮᠫᠠᠨᠢ᠎ᠳᠤ᠂ ᠸᠠᠩ ᠸᠧᠶ ᠵᠥᠩ ᠴᠤᠯ ᠴᠡᠪᠡᠷ ᠡᠯᠧᠺᠲ᠋ᠷᠣᠨ᠎ᠤ ᠲᠠᠰ᠎ᠤᠨ ᠭᠤᠷᠪᠠᠨ ᠹᠯᠣᠷᠲᠤ ᠠᠽᠣᠲ᠎ᠤᠨ ᠦᠶ᠋ᠯᠡᠳᠪᠦᠷᠢᠯᠡᠯ᠎ᠦᠨ ᠪᠠᠢᠳᠠᠯ᠎ᠢ ᠪᠠᠢᠴᠠᠭᠠᠨ ᠦᠵᠡᠵᠦ᠍᠂ ᠠᠵᠤ ᠠᠬᠤᠢᠯᠠᠯ᠎ᠤᠨ᠎ᠬᠢᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ 《ᠪᠣᠭᠣᠮᠢ》 ᠪᠤᠯᠵᠤ ᠪᠠᠢᠭ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠳᠦ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠪᠡ᠃

ᠸᠠᠩ ᠸᠧᠶ ᠵᠥᠩ ᠤᠯᠠᠭᠠᠨᠴᠠᠪ ᠬᠣᠲᠠ᠎ᠶ᠋ᠢᠨ ᠣᠨᠴᠠᠯᠢᠭ᠍ᠲᠤ ᠢᠳᠡᠭᠡᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢ ᠮᠠᠰᠢ ᠠᠩᠬᠠᠷᠴᠤ᠌ ᠪᠠᠢᠯ᠎ᠠ᠃ ᠬᠠᠢ ᠫᠸᠩ ᠢᠳᠡᠭᠡᠨ᠎ᠦ ᠬᠤᠪᠢᠴᠠᠭᠠᠳᠤ ᠬᠢᠵᠠᠭᠠᠷᠲᠤ ᠺᠣᠮᠫᠠᠨᠢ᠎ᠳᠤ᠂ ᠸᠠᠩ ᠸᠧᠢ ᠵᠦᠩ ᠲᠡᠯᠭᠡᠨ ᠦᠵᠡᠬᠦᠯᠵᠤ ᠪᠠᠢᠭ᠎ᠠ ᠦᠢᠯᠡᠳᠬᠦᠨ᠎ᠢ ᠲᠤᠭᠤᠷᠢᠨ ᠦᠵᠡᠵᠤ᠂ ᠦᠢᠯᠡᠳᠪᠦᠷᠢᠯᠡᠯ᠎ᠦᠨ ᠤᠷ᠎ᠠ ᠮᠡᠷᠭᠡᠵᠢᠯ᠎ᠦᠨ ᠱᠢᠨᠡᠴᠢᠯᠡᠯᠲᠡ᠂ ᠪᠣᠷᠣᠯᠠᠭᠤᠯᠭ᠎ᠠ᠎ᠶ᠋ᠢᠨ ᠪᠠᠢᠷᠢᠱᠢᠭᠤᠯᠤᠯᠲᠠ᠂ ᠲᠦᠷᠦᠯ ᠲᠡᠮᠳᠡᠭ᠎ᠦᠨ ᠪᠠᠢᠭᠤᠯᠤᠯᠲᠠ ᠵᠡᠷᠭᠡ ᠪᠠᠢᠳᠠᠯ᠎ᠢ ᠯᠠᠪᠯᠠᠨ ᠠᠰᠠᠭᠤᠵᠤ᠂ ᠠᠵᠤ ᠠᠬᠤᠢᠯᠠᠯ᠎ᠢ᠋ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶᠢ ᠴᠢᠩᠭ᠎ᠠ ᠠᠩᠬᠠᠷᠴᠤ᠌᠂ ᠦᠢᠯᠡᠳᠬᠦᠨ᠎ᠦ ᠲᠦᠷᠦᠯ ᠵᠦᠢᠯ᠎ᠵᠢᠡᠨ ᠪᠠᠶᠠᠯᠢᠭ᠍ᠵᠢᠭᠤᠯᠵᠤ᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠵᠢᠡᠨ ᠥᠷᠭᠡᠳᠭᠡᠵᠦ᠍᠂ ᠢᠳᠡᠭᠡᠨ᠎ᠦ ᠠᠮᠤᠷ ᠲᠦᠪᠱᠢᠨ᠎ᠢ ᠴᠢᠩᠭ᠎ᠠ ᠠᠳᠭᠤᠵᠤ᠂ ᠦᠷᠢᠰᠦᠯᠳᠦᠬᠦ᠌ ᠬᠦᠴᠦᠨ ᠪᠠ ᠡᠵᠡᠩᠨᠡᠯᠲᠡ᠎ᠶ᠋ᠢᠨ ᠦᠷ᠎ᠡ ᠠᠱᠢᠭ᠎ᠵᠢᠡᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠶ᠋ᠢ ᠵᠣᠷᠢᠭ᠍ᠵᠢᠭᠤᠯᠪᠠ᠃ ᠥᠪᠥᠷ ᠮᠣᠩᠭᠣᠯ᠎ᠤᠨ ᠱᠣ᠌ ᠳ᠋ᠦ᠋ ᠺᠠᠶ ᠳ᠋ᠠ ᠢᠳᠡᠭᠡᠨ᠎ᠦ ᠬᠢᠵᠠᠭᠠᠷᠲᠤ ᠺᠣᠮᠫᠠᠨᠢ᠎ᠳᠤ᠂ ᠸᠠᠩ ᠸᠧᠶ ᠵᠥᠩ ᠲᠥᠮᠥᠰᠥᠨ᠎ᠦ ᠦᠷ᠎ᠡ ᠪᠣᠢᠵᠢᠭᠤᠯᠬᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ ᠪᠠ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ ᠵᠡᠷᠭᠡ ᠪᠠᠢᠳᠠᠯ᠎ᠢ ᠣᠢᠯᠠᠭᠠᠵᠤ᠂ ᠦᠷ᠎ᠡ᠎ᠶ᠋ᠢᠨ ᠦᠶ᠋ᠯᠡᠰ᠎ᠦᠨ ᠰᠤᠳᠤᠯᠤᠨ ᠨᠡᠭᠡᠭᠡᠬᠦ᠌ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠣᠯᠪᠠᠰᠤᠷᠠᠭᠤᠯᠤᠭ᠍ᠰᠠᠨ ᠲᠥᠮᠥᠰᠥ᠎ᠶ᠋ᠢ ᠨᠠᠷᠢᠯᠢᠭ ᠡᠳ᠋ᠱᠢᠭᠦᠯᠬᠦ᠌᠎ᠶ᠋ᠢ ᠢᠳᠡᠪᠬᠢᠲᠡᠶ ᠬᠥᠭ᠌ᠵᠢᠭᠦᠯᠵᠦ᠍᠂ ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠎ᠶ᠋ᠢ ᠪᠦᠷᠢᠨᠱᠢᠬᠦᠯᠤᠨ᠂ ᠠᠵᠤ ᠦᠶ᠋ᠯᠡᠰ᠎ᠦᠨ ᠥᠷᠲᠡᠭ᠎ᠢ ᠨᠡᠮᠡᠭ᠌ᠳᠡᠭᠦᠯᠬᠦ᠌᠂ ᠠᠵᠤ ᠠᠬᠤᠢᠯᠠᠯ᠎ᠤᠨ ᠦᠷ᠎ᠡ ᠠᠱᠢᠭ᠎ᠢ ᠨᠡᠮᠡᠭ᠌ᠳᠡᠭᠦᠯᠬᠦ᠌᠂ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠪᠠᠢᠴᠠᠭᠠᠨ ᠰᠤᠳᠤᠯᠬᠤ ᠳᠤᠮᠳᠠ᠂ ᠸᠠᠩ ᠸᠧᠢ ᠵᠦᠩ ᠪᠠᠰᠠ ᠹᠸᠩᠵᠸᠨ ᠬᠤᠳᠠ᠎ᠶ᠋ᠢᠨ ᠱᠢᠨ᠎ᠡ ᠬᠤᠳᠠ᠎ᠶᠢᠨ ᠲᠣᠭᠣᠷᠢᠭ ᠵᠡᠭᠡᠯᠢ ᠭᠤᠳᠤᠮᠵᠢ᠎ᠶ᠋ᠢᠨ ᠯᠢ ᠳ᠋ᠦ᠋ ᠨᠡᠢᠭᠡᠮ ᠲᠣᠭᠣᠷᠢᠭ᠎ᠲᠤ ᠬᠦᠷᠴᠦ᠍᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠲᠣᠣᠷᠵᠢᠭᠤᠯᠤᠯᠳᠠ᠎ᠶᠢᠨ ᠲᠤᠬᠢᠷᠠᠭᠤᠯᠤᠯᠳᠠ᠂ ᠤᠯᠠᠨ ᠲᠦᠮᠡᠨ᠎ᠳᠦ ᠦᠢᠯᠡᠴᠢᠯᠡᠬᠦ᠌ ᠵᠡᠷᠭᠡ ᠪᠠᠢᠳᠠᠯ᠎ᠢ ᠣᠢᠯᠠᠭᠠᠪᠠ᠃ ᠲᠡᠷᠡ᠂ ᠨᠡᠢᠭᠡᠮ ᠲᠣᠭᠣᠷᠢᠭ᠎ᠤᠨ ᠠᠵᠢᠯ ᠲᠦᠭ ᠲᠦᠮᠡᠨ ᠠᠢᠯ ᠡᠷᠦᠬᠡ᠎ᠲᠡᠶ ᠬᠣᠯᠪᠣᠭ᠍ᠳᠠᠵᠤ ᠪᠠᠢᠳᠠᠭ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ ᠰᠠᠢᠲᠤᠷ ᠬᠢᠵᠦ᠍᠂ ᠦᠢᠯᠡᠴᠢᠯᠡᠭᠡ᠎ᠶ᠋ᠢ ᠨᠠᠷᠢᠯᠢᠬ᠍ᠵᠢᠭᠤᠯᠬᠤ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠨᠡᠢᠭᠡᠮ ᠲᠣᠭᠣᠷᠢᠭ᠎ᠢ ᠠᠷᠠᠳ ᠣᠯᠠᠨ᠎ᠤ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠶ᠃ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠬᠠᠯᠠᠮᠵᠢᠯᠠᠨ ᠬᠠᠢᠷᠠᠯᠠᠬᠤ᠎ᠶ᠋ᠢ ᠴᠢᠩᠭᠠᠳᠭᠠᠵᠤ᠂ ᠬᠠᠯᠠᠭᠤᠮᠰᠤᠭ᠎ᠢᠶᠡᠷ ᠦᠢᠯᠡᠴᠢᠯᠡᠬᠦ᠂ ᠦᠷᠭᠦᠯᠵᠢᠯᠡᠨ ᠲᠣᠭ᠍ᠲᠠᠭᠤᠨ ᠨᠡᠢᠭᠡᠮ ᠲᠣᠭᠣᠷᠢᠭ᠎ᠤᠨ ᠠᠵᠢᠯᠳᠠᠨ᠎ᠤ ᠡᠩᠨᠡᠭᠡ᠎ᠶ᠋ᠢ ᠪᠠᠢᠭᠤᠯᠬᠤ ᠬᠡᠷᠡᠭ᠌ᠲᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ