ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2025-12-30

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ᠎ᠤᠨ ᠠᠯᠪᠠᠨ ᠮᠡᠳᠡᠭᠡ

(2025 ᠣᠨ᠎ᠤ 12 ᠰᠠᠷ᠎ᠠ᠎ᠶ᠋ᠢᠨ 29 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ᠎ᠡᠴᠡ ᠪᠠᠲᠤᠯᠠᠪᠠ)

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ 2025 ᠣᠨ᠎ᠤ 12 ᠰᠠᠷ᠎ᠠ᠎ᠶ᠋ᠢᠨ 29 ᠤ᠋ ᠡᠳᠦᠷ ᠬᠥᠬᠡᠬᠣᠲᠠ᠎ᠳᠤ ᠬᠤᠷᠠᠯᠳᠤᠪᠠ᠃

ᠡᠨᠡ ᠤᠳᠠᠭ᠎ᠠ᠎ᠶ᠋ᠢᠨ ᠪᠥᠬᠥᠳᠡ ᠬᠤᠷᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠭᠡᠱᠢᠭᠦᠨ 69 ᠬᠥᠮᠦᠨ᠂ ᠣᠷᠣᠯᠠᠭ᠍ᠴᠢ ᠭᠡᠱᠢᠭᠦᠨ 9 ᠬᠥᠮᠦᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠨ ᠪᠣᠯᠤᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠡᠰᠡᠭ ᠭᠣᠣᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠰᠡᠭ ᠦᠨᠳᠦᠰᠦᠨ ᠱᠠᠲᠤᠨ᠎ᠤ ᠲᠥᠯᠥᠭᠡᠯᠡᠭ᠌ᠴᠢ ᠬᠤᠷᠠᠯ᠎ᠳᠤ ᠰᠤᠯᠠ ᠣᠷᠣᠯᠴᠠᠵᠠᠢ᠃

12 ᠰᠠᠷ᠎ᠠ᠎ᠶᠢᠨ 29᠎ᠤ ᠡᠳᠦᠷ᠂ ᠦᠪᠠᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠸᠸᠢ ᠵᠦᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ᠎ᠤᠨ ᠠᠩᠬᠠᠳᠤᠭᠠᠷ ᠪᠦᠭᠦᠳᠡ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃

                ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

ᠪᠥᠬᠥᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠡᠷᠭᠢᠯᠡᠪᠡ᠃ ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠢᠯᠡᠳᠭᠡᠯ ᠪᠣᠯᠤᠨ 2026 ᠣᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠰᠣᠨᠣᠰᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠠᠵᠤ ᠠᠬᠤᠶ᠎ᠶ᠋ᠢᠨ ᠠᠵᠢᠯ᠎ᠤᠨ ᠲᠤᠬᠠᠶ ᠪᠣᠳᠠᠲᠠᠶ ᠪᠠᠢᠷᠢᠯᠠᠭᠤᠯᠤᠯᠲᠠ ᠬᠢᠪᠠ᠃

ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠡᠴᠡ ᠨᠠᠭᠠᠱᠢᠬᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠢ ᠭᠦᠶ᠋ᠴᠡᠳ ᠨᠤᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠵᠢᠯ᠎ᠢ ᠦᠷᠭᠦᠯᠵᠢᠯᠡᠨ ᠪᠠᠢᠷᠢᠯᠠᠭᠤᠯᠤᠨ ᠠᠬᠢᠭᠤᠯᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠶᠡᠬᠡ ᠪᠡᠷ ᠴᠢᠩᠭᠠᠳᠬᠠᠵᠤ᠂ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠢᠳᠡᠪᠬᠢᠳᠠᠢ ᠭᠤᠶᠤᠴᠢᠯᠡᠨ ᠣᠯᠵᠤ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ᠎ᠪᠠᠷ ᠠᠵᠠ ᠲᠣᠬᠢᠶᠠᠯ ᠪᠣᠯᠭᠠᠵᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠤ᠂ ᠠᠵᠤ ᠠᠬᠤᠶ᠂ ᠤᠯᠤᠰ ᠲᠦᠷᠦ᠍᠂ ᠰᠣᠶᠣᠯ᠂ ᠨᠡᠢᠭᠡᠮ᠂ ᠠᠮᠢ ᠠᠬᠤᠢ᠎ᠶ᠋ᠢᠨ ᠪᠣᠯᠪᠠᠰᠤᠨ ᠪᠠ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠦᠨ ᠠᠵᠢᠯ ᠦᠢᠯᠡᠰ ᠤ᠋ᠨ ᠯᠠᠪᠳᠠᠭᠤᠨ ᠬᠦᠭᠵᠢᠯᠳᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠲᠡᠭᠦᠰ ᠠᠮᠵᠢᠯᠲᠠ᠎ᠲᠠᠶ ᠰᠡᠭᠦᠯ ᠬᠤᠷᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠴᠢᠨᠠᠷᠲᠠᠶ ᠣᠨᠴᠠᠯᠢᠭ᠎ᠢ ᠭᠦᠨᠵᠡᠭᠡᠶ ᠵᠠᠳᠠᠯᠵᠤ᠂ ᠡᠯ᠎ᠡ ᠲᠠᠯ᠎ᠠ᠎ᠶ᠋ᠢᠨ ᠰᠠᠨᠠᠯ ᠰᠠᠨᠠᠭᠤᠯᠭ᠎ᠠ᠎ᠶ᠋ᠢ ᠶᠡᠷᠦᠩᠬᠡᠢᠯᠡᠨ᠂ ᠥᠩᠭᠡᠷᠡᠭᠡᠭ᠌ᠰᠡᠨ᠎ᠤ ᠠᠵᠢᠯ᠎ᠤᠨ ᠰᠠᠭᠤᠷᠢᠨ ᠳᠡᠭᠡᠷ᠎ᠡ᠂ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠷᠢᠯᠳᠦᠭᠦᠯᠪᠡ᠂ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠤᠨ᠎ᠠ᠂ ᠶᠡᠷᠦᠩᠬᠡᠶ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ᠎ᠶᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠨᠠᠢᠳᠠᠪᠤᠷᠢᠵᠢᠭᠤᠯᠤᠨ᠎ᠠ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ ᠢ᠋ ᠪᠦᠲᠦᠭᠡᠨ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ ᠢ᠋ ᠪᠠᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠳᠣᠯᠣᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ ᠢ᠋ ᠰᠠᠢᠳᠤᠷ ᠠᠳᠬᠤᠨ᠎ᠠ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠥᠪᠥᠷ ᠮᠣᠩᠭᠣᠯ ᠤ᠋ᠨ ᠪᠥᠬᠥ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠷᠭ᠎ᠠ ᠵᠠᠮ ᠨᠠᠩ ᠲᠣᠳᠣᠷᠬᠠᠶ ᠪᠣᠯᠵᠤ᠂ ᠭᠠᠷᠳᠡᠴᠡ ᠨᠠᠩ ᠲᠣᠳᠣᠷᠬᠠᠶ ᠪᠣᠯᠪᠠ᠃ ᠡᠳᠡᠭᠡᠷ ᠠᠮᠵᠢᠯᠲᠠ᠎ᠶ᠋ᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ ᠳ᠋ᠦ ᠪᠤᠢ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠦ ᠪᠤᠢ᠂ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠪᠣᠯᠤᠨ᠎ᠠ ᠭᠡᠵᠤ ᠰᠠᠨᠠᠯ ᠨᠢᠭᠡᠳᠠᠢ ᠦᠵᠡᠪᠡ᠃

12 ᠰᠠᠷ᠎ᠠ᠎ᠶᠢᠨ 29᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠦᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ ᠬᠥᠬᠡᠬᠤᠲᠠ᠎ᠳᠦ ᠬᠤᠷᠠᠯᠳᠤᠪᠠ᠃

               ᠰᠤᠷᠪᠤᠯᠵᠢᠯᠠᠭᠴᠢ ᠮᠠ ᠵᠢᠶᠠᠨ ᠪᠢᠩ  ᠰᠡᠭᠦᠳᠡᠷᠯᠡᠪᠡ

ᠪᠥᠬᠥᠳᠡ ᠬᠤᠷᠠᠯ᠎ᠡᠴᠡ᠂ ᠢᠷᠡᠬᠦ᠌ ᠵᠢᠯ᠎ᠦᠨ ᠠᠵᠢᠯ᠎ᠢ ᠰᠠᠢᠲᠤᠷ ᠬᠢᠬᠦ᠌᠎ᠳᠦ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠬᠥᠭ᠌ᠵᠢᠯᠲᠡ ᠪᠠ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠦᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠤ᠂ ᠬᠡᠷᠡᠭ᠌ᠴᠡᠭᠡ᠎ᠶ᠋ᠢ ᠦᠷᠭᠦᠯᠵᠢᠯᠡᠨ ᠬᠥᠭ᠌ᠵᠢᠭᠡᠵᠤ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠵᠤ᠂ ᠨᠡᠮᠡᠭ᠌ᠳᠡᠯ ᠢ᠋ ᠰᠢᠯᠢᠳᠡᠭᠵᠢᠭᠦᠯᠵᠤ᠂ ᠨᠦᠬᠡᠴᠡ ᠵᠢ ᠠᠮᠢᠳᠤᠯᠢᠭᠵᠢᠭᠤᠯᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃

ᠪᠦᠬᠦᠳᠡ ᠬᠤᠷᠠᠯ᠎ᠡᠴᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠵᠢᠨ᠎ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠵᠤ᠂ ᠪᠠᠢᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠤᠬᠠᠭᠤᠯᠭ᠎ᠠ ᠬᠥᠮᠦᠵᠢᠯ᠎ᠦᠨ ᠲᠣᠭ᠍ᠲᠠᠴᠠ᠎ᠶ᠋ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠠᠬᠢ ᠪᠣᠶ ᠪᠣᠯᠭᠠᠬᠤ ᠭᠡᠷᠡᠭᠳᠠᠢ᠃ ᠭᠣᠣᠯ ᠰᠢᠵᠢᠮ ᠢ᠋ ᠲᠤᠭᠤᠰᠢᠯᠠᠭᠤᠯᠬᠤ ᠱᠠᠭᠠᠷᠳᠠᠯᠭ᠎ᠠ᠎ᠶ᠋ᠢ ᠪᠣᠳᠠᠲᠠᠢ ᠠᠵᠢᠯ᠎ᠯᠤᠭ᠎ᠠ ᠳᠡᠭᠡᠳᠦ ᠬᠡᠮᠵᠢᠶ᠎ᠡ᠎ᠪᠡᠷ ᠠᠭᠤᠰᠤᠯᠴᠠᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠶᠠᠵᠢᠨ ᠬᠠᠮᠲᠤ᠎ᠪᠠᠷ ᠡᠳ᠋ᠯᠡᠬᠦ᠌ ᠪᠣᠳᠠᠰ᠎ᠤᠨ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠶᠡᠬᠡ᠎ᠪᠡᠷ ᠬᠥᠭ᠌ᠵᠢᠭᠦᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠠᠤᠯᠢ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠰᠠᠢᠲᠤᠷ ᠪᠦᠳᠦᠭᠡᠨ ᠪᠠᠢᠭᠤᠯᠵᠤ᠂  ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠩ ᠲᠡᠭᠦᠯᠳᠡᠷᠵᠢᠭ᠌ᠰᠡᠨ ᠨᠡᠢᠭᠡᠮ᠎ᠦᠨ ᠨᠥᠬᠥᠴᠡᠯ᠎ᠢ ᠡᠭᠦᠳᠴᠦ᠍᠂ ᠪᠦᠬᠦ ᠤᠷᠤᠨ ᠤ᠋ ᠺᠠᠳ᠋ᠷ ᠤᠯᠠᠨ ᠲᠦᠮᠡᠨ᠎ᠢ ᠳᠠᠢ᠌ᠴᠢᠯᠠᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠭᠡᠷᠡᠭᠳᠠᠢ᠃ ᠶᠡᠷᠦᠩᠬᠡᠢ ᠱᠦᠵᠢ ᠰᠢ᠎ᠵᠢᠨ᠎ᠫᠢᠩ᠎ᠦᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ᠎ᠶ᠋ᠢᠨ 《ᠲᠦᠷᠪᠡᠨ ᠣᠨᠴᠠᠭᠠᠢ》᠎ᠶᠢᠨ ᠲᠤᠬᠠᠢ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠺᠠᠳ᠋ᠷ᠎ᠢ ᠰᠣᠩᠭᠣᠵᠤ ᠬᠥᠮᠦᠵᠢᠭᠦᠯᠵᠦ᠍ ᠬᠠᠮᠢᠶᠠᠷᠴᠤ᠌ ᠬᠡᠷᠡᠭ᠌ᠯᠡᠬᠦ᠌ ᠪᠦᠬᠦ᠌ ᠬᠡᠯᠬᠢᠶ᠎ᠡ᠎ᠳᠦ ᠢᠯᠡᠷᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠪᠦᠬᠦ᠌ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠪᠥᠬᠥᠳᠡ ᠬᠤᠷᠠᠯ᠎ᠡᠴᠡ᠂ ᠶᠡᠷᠦᠩᠬᠡᠶ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠨᠠᠩ ᠶᠡᠬᠡ ᠱᠢᠨ᠎ᠡ ᠵᠢᠳᠬᠦᠯ ᠴᠢᠷᠮᠠᠢᠯᠭ᠎ᠠ᠎ᠶ᠋ᠢ ᠲᠠᠰᠤᠷᠠᠯᠲᠠ ᠥᠬᠡᠶ ᠢᠯᠡᠷᠡᠭᠦᠯᠬᠦ᠌ ᠬᠡᠷᠡᠭ᠌ᠲᠡᠶ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ᠎ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠤᠤᠰ ᠡᠵᠡᠮᠳᠡᠯ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ᠂ ᠣᠷᠴᠢᠨ ᠲᠣᠭᠣᠷᠢᠨ᠎ᠳᠤ ᠨᠠᠢᠷᠰᠠᠭ᠂ ᠦᠵᠡᠰᠭᠦᠯᠡᠩᠲᠦ ᠰᠠᠢᠬᠠᠨ ᠬᠥᠭ᠌ᠵᠢᠭ᠌ᠰᠡᠨ ᠥᠪᠥᠷ ᠮᠣᠩᠭᠣᠯ᠎ᠢ ᠪᠥᠲᠥᠭᠡᠨ ᠪᠠᠢᠭᠤᠯᠬᠤ ᠭᠡᠷᠡᠭᠳᠠᠢ᠃ ᠬᠥᠭ᠌ᠵᠢᠯᠲᠡ ᠪᠠ ᠠᠮᠤᠷ ᠲᠦᠪᠱᠢᠨ ᠢ᠋ ᠨᠡᠩ ᠰᠠᠢᠳᠤᠷ ᠨᠢᠭᠡᠳᠦᠯᠳᠠᠢ ᠲᠦᠯᠦᠪᠵᠢᠭᠦᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠭᠤᠤᠯᠳᠠᠯᠭ᠎ᠠ᠎ᠲᠠᠶ ᠬᠦᠷᠢᠶᠡᠨ᠎ᠳ᠋ᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠢᠯᠢ ᠬᠢᠵᠠᠭᠠᠷ᠎ᠢ ᠮᠠᠨᠳᠤᠭᠤᠯᠵᠤ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》 ᠶ᠋ᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠳᠠ᠎ᠶᠢᠨ ᠭᠤᠤᠯ》 ᠤ᠋ᠨ ᠦᠢᠯᠡᠳᠤᠯ ᠵᠢᠡᠨ ᠰᠠᠢᠳᠤᠷ ᠪᠠᠳᠠᠷᠠᠭᠤᠯᠬᠤ ᠭᠡᠷᠡᠭᠳᠠᠢ᠃ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠢ᠋ ᠪᠦᠳᠦᠭᠡᠨ ᠪᠠᠢᠭᠤᠯᠵᠤ᠂ ᠤᠯᠠᠮᠵᠢᠯᠠᠯᠲᠤ ᠡᠨᠧᠷᠭᠢ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠡᠷ ᠠᠱᠢᠭ᠍ᠯᠠᠬᠤ᠎ᠶ᠋ᠢ ᠴᠢᠩᠭᠠᠳᠭᠠᠨ᠂ ᠱᠢᠨ᠎ᠡ ᠡᠨᠧᠷᠭᠢ᠎ᠵᠢ ᠨᠡᠭᠡᠭᠡᠨ ᠠᠱᠢᠭ᠍ᠯᠠᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠭᠡᠷᠡᠭᠳᠠᠢ᠃ ᠮᠠᠯ ᠠᠵᠤ ᠠᠬᠤᠶ ᠲᠠᠷᠢᠶᠠᠯᠠᠩ ᠤ᠋ᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠢᠯᠡᠳᠪᠦᠷᠢᠯᠡᠯ᠎ᠦᠨ ᠰᠠᠭᠤᠷᠢᠨ ᠢ᠋ ᠪᠦᠲᠦᠭᠡᠨ ᠪᠠᠢᠭᠤᠯᠵᠤ᠂ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢᠨ ᠲᠦᠪᠰᠢᠨ ᠢ᠋ ᠬᠦᠴᠦᠯᠡᠨ ᠳᠡᠭᠡᠭ᠌ᠰᠢᠯᠡᠭᠦᠯᠵᠦ᠍᠂ ᠨᠠᠷᠢᠯᠢᠭ ᠭᠦᠨᠵᠡᠭᠡᠶ ᠡᠳ᠋ᠰᠢᠬᠦᠯᠤᠨ ᠪᠤᠯᠪᠠᠰᠤᠷᠠᠭᠤᠯᠬᠤ᠎ᠶ᠋ᠢ ᠶᠡᠬᠡ ᠪᠡᠷ ᠠᠬᠢᠭᠤᠯᠵᠤ᠂ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠂ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠮᠠᠯ ᠠᠵᠤ ᠠᠬᠤᠶ᠎ᠲᠠᠷᠢᠶᠠᠯᠠᠩ ᠤ᠋ᠨ ᠲᠣᠮᠣ ᠣᠷᠣᠨ᠎ᠡᠴᠡ ᠮᠠᠯ ᠠᠵᠤ ᠠᠬᠤᠶ᠎ᠲᠠᠷᠢᠶᠠᠯᠠᠩ ᠤ᠋ᠨ ᠬᠦᠴᠦᠷᠬᠡᠭ ᠣᠷᠣᠨ ᠲᠡᠢᠰᠢ ᠯᠠᠪᠳᠠᠭᠤᠨ ᠪᠠᠲᠤᠲᠠᠶ ᠤᠷᠤᠭ᠍ᠰᠢᠯᠠᠬᠤ ᠭᠡᠷᠡᠭᠳᠠᠢ᠃ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠨ᠂ ᠦᠷᠬᠦᠯᠵᠢᠯᠡᠨ ᠴᠡᠭ ᠢ᠋ ᠴᠢᠩᠭᠠᠳᠭᠠᠵᠤ᠂ ᠬᠡᠪᠴᠢᠶ᠎ᠡ ᠵᠢ ᠥᠷᠭᠡᠳᠭᠡᠨ᠂ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠬᠢᠯᠢ ᠠᠯᠤᠰᠯᠠᠭ᠍ᠰᠠᠨ ᠰᠠᠭᠤᠷᠢ ᠲᠦᠬᠦᠭᠡᠷᠤᠮᠵᠢ ᠪᠠ ᠣᠳᠣᠬᠢᠴᠢᠯᠠᠭ᠍ᠰᠠᠨ ᠣᠶᠤᠨᠴᠢ ᠬᠢᠯᠢ᠎ᠶᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠢᠯᠢ᠎ᠶᠢᠨ ᠪᠣᠭᠣᠮᠲᠠ ᠪᠠ ᠳᠣᠲᠣᠷ᠎ᠠ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠭᠠᠳᠠᠭᠠᠳᠤ ᠬᠠᠨᠳᠤᠯᠭᠠᠳᠤ ᠠᠵᠤ ᠦᠶ᠋ᠯᠡᠰ᠎ᠢ ᠶᠡᠬᠡ ᠪᠡᠷ ᠬᠥᠭ᠌ᠵᠢᠭᠦᠯᠦᠨ᠂ ᠭᠠᠳᠠᠭᠠᠳᠤ᠎ᠶ᠋ᠢᠨ ᠠᠷᠠᠯᠵᠢᠶᠠᠴᠢᠨ᠎ᠤ ᠪᠠᠯᠠ ᠣᠷᠣᠭᠤᠯᠤᠯᠲᠠ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ ᠢ᠋ ᠪᠦᠷᠢᠨᠱᠢᠬᠦᠯᠵᠦ᠍᠂ ᠦᠶ᠋ᠯᠡᠴᠢᠯᠡᠭᠡᠨ᠎ᠦ ᠠᠷᠠᠯᠵᠢᠶ᠎ᠠ᠎ᠶ᠋ᠢᠨ ᠬᠥᠭ᠌ᠵᠢᠯᠲᠡ᠎ᠶ᠋ᠢ ᠵᠣᠷᠢᠭ᠍ᠵᠢᠭᠤᠯᠤᠨ ᠳᠡᠮᠵᠢᠵᠦ᠍᠂ ᠣᠯᠠᠨ ᠬᠦᠷᠢᠶᠠᠨ᠎ᠳᠦ ᠬᠠᠮᠲᠤᠷᠠᠯᠴᠠᠵᠤ ᠬᠠᠮᠲᠤ ᠪᠠᠷ ᠠᠱᠢᠭ ᠭᠥᠷᠳᠡᠬᠦ᠌᠎ᠶ᠋ᠢ ᠠᠬᠢᠭᠤᠯᠤᠨ᠂ ᠣᠯᠠᠨ ᠤᠯᠤᠰ᠎ᠤᠨ 《ᠨᠠᠢᠵᠠ᠎ᠶ᠋ᠢᠨ ᠲᠣᠭᠣᠷᠢᠭ》 ᠢ᠋ ᠤᠯᠠᠮ ᠨᠢᠭᠡ ᠠᠯᠬᠤᠮ ᠥᠷᠭᠡᠳᠭᠡᠬᠦ ᠭᠡᠷᠡᠭᠳᠠᠢ ᠭᠡᠵᠤ ᠴᠢᠬᠤᠯᠠᠴᠢᠯᠠᠪᠠ᠃

ᠪᠥᠬᠥᠳᠡ ᠬᠤᠷᠠᠯ᠎ᠡᠴᠡ᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠳᠠᠪᠤᠷᠢ ᠲᠠᠰ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠨᠢᠭᠡ᠎ᠳᠦ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ᠎ᠳᠤ ᠰᠠᠭᠤᠷᠢᠯᠠᠨ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠲᠥᠬᠥᠭᠡᠷᠦᠮᠵᠢ᠎ᠶ᠋ᠢ ᠱᠢᠨᠡᠳᠭᠡᠬᠦ᠌ ᠪᠠ ᠮᠡᠷᠭᠡᠵᠢᠯ᠎ᠦᠨ ᠥᠭᠡᠷᠡᠴᠢᠯᠡᠯᠲᠡ ᠬᠢᠵᠦ᠍ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠱᠢᠨ᠎ᠡ᠎ᠪᠡᠷ ᠮᠠᠨᠳᠤᠬᠰᠡᠨ ᠠᠵᠤ ᠦᠶ᠋ᠯᠡᠰ᠎ᠢ ᠪᠤᠵᠠᠭᠠᠢᠷᠠᠭᠤᠯᠬᠤ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠬᠤ᠎ᠶ᠋ᠢ ᠠᠬᠢᠭᠤᠯᠵᠤ᠂ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠬᠥᠭ᠌ᠵᠢᠬᠦ᠌᠎ᠶ᠋ᠢ ᠠᠬᠢᠭᠤᠯᠤᠨ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠢ᠋ ᠪᠥᠲᠥᠭᠡᠨ ᠪᠠᠢᠭᠤᠯᠬᠤ ᠭᠡᠷᠡᠭᠳᠠᠢ᠃ ᠬᠣᠶᠠᠷ᠎ᠲᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠶᠡᠬᠡ᠎ᠪᠡᠷ ᠠᠬᠢᠭᠤᠯᠵᠤ᠂ ᠤᠨᠴᠠᠯᠢᠬ᠍ᠳᠤ ᠳᠠᠪᠠᠭᠤᠯᠢᠭ ᠠᠵᠤ ᠦᠢᠯᠡᠰ ᠪᠣᠯᠤᠨ ᠬᠥᠭ᠌ᠵᠢᠭᠦᠯᠬᠦ ᠴᠢᠬᠤᠯᠠᠳᠠᠢ ᠬᠦᠷᠢᠶ᠎ᠡ᠎ᠶ᠋ᠢ ᠤᠨᠢᠯᠠᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠬᠡᠷᠡᠭ᠌ᠯᠡᠯᠳᠡ ᠪᠡᠷ ᠬᠥᠳᠡᠯᠭᠡᠭᠦᠷ ᠪᠣᠯᠭᠠᠬᠤ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠭᠤᠯᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠤᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ ᠭᠡᠷᠡᠭᠳᠠᠢ᠃ ᠭᠤᠷᠪᠠ᠎ᠳᠤ᠂ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠬᠡᠷᠡᠭ᠌ᠯᠡᠭᠡ᠎ᠶ᠋ᠢ ᠠᠬᠢᠭᠤᠯᠬᠤ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠬᠡᠷᠡᠭ᠌ᠯᠡᠭᠡᠨ᠎ᠦ ᠱᠢᠨ᠎ᠡ ᠨᠡᠮᠡᠭ᠌ᠳᠡᠯ᠎ᠦᠨ ᠴᠡᠭ᠎ᠢ ᠲᠦᠷᠭᠡᠯᠡᠨ ᠪᠣᠢᠵᠢᠭᠤᠯᠵᠤ᠂ ᠪᠣᠳᠠᠰ᠎ᠲᠦ ᠪᠡᠯᠡ ᠣᠷᠣᠭᠤᠯᠬᠤ ᠪᠠ᠎ᠬᠥᠮᠦᠨ᠎ᠳᠤ ᠪᠡᠯᠡ ᠤᠷᠤᠭᠤᠯᠬᠤ᠎ᠵᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠨ᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭ᠍ᠰᠠᠨ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠴᠢᠬᠤᠯᠠ ᠶᠡᠬᠡ ᠲᠦᠷᠦᠯ ᠵᠦᠢᠯ ᠢᠯᠠᠩᠭᠤᠶ᠎ᠠ ᠱᠢᠨ᠎ᠡ᠎ᠪᠡᠷ ᠪᠠᠢᠭᠤᠯᠤᠬᠰᠠᠨ ᠲᠦᠷᠦᠯ ᠵᠦᠢᠯ᠎ᠢ ᠲᠦᠷᠭᠡᠯᠡᠨ ᠨᠠᠢᠳᠠᠪᠤᠷᠢᠵᠢᠭᠤᠯᠵᠤ᠂ ᠲᠦᠷᠭᠡᠯᠡᠨ ᠡᠬᠢᠯᠡᠭᠦᠯᠵᠤ ᠲᠦᠷᠭᠡᠯᠡᠨ ᠪᠠᠢᠭᠤᠯᠬᠤ᠎ᠶ᠋ᠢ ᠠᠬᠢᠭᠤᠯᠵᠤ᠂ ᠳᠣᠲᠣᠭᠠᠳᠤ ᠬᠡᠷᠡᠭ᠌ᠴᠡᠭᠡ᠎ᠶ᠋ᠢᠨ ᠨᠡᠮᠡᠭ᠌ᠳᠡᠯ᠎ᠦᠨ ᠱᠢᠨ᠎ᠡ ᠣᠷᠣᠨ ᠵᠠᠢ᠎ᠶ᠋ᠢ ᠲᠠᠰᠤᠷᠠᠯᠳᠠ ᠦᠭᠡᠢ ᠥᠷᠭᠡᠳᠭᠡᠨ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ ᠬᠡᠷᠡᠭᠲᠡᠢ᠃ ᠳᠥᠷᠪᠡ᠎ᠳᠦ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠭᠣᠮᠲᠠ ᠱᠢᠪᠲᠤᠯᠬᠤ᠎ᠶ᠋ᠢ ᠦᠷᠭᠦᠯᠵᠢᠯᠡᠭᠦᠯᠵᠦ᠍᠂ 《ᠬᠣᠶᠠᠷ ᠣᠭ᠍ᠲᠣ ᠭᠤᠢᠪᠢᠰᠢ ᠥᠬᠡᠶ》 ᠶ᠋ᠢ ᠪᠠᠷᠢᠮᠲᠠᠯᠠᠨ ᠨᠠᠢᠳᠠᠪᠤᠷᠢᠵᠢᠭᠤᠯᠵᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠶᠡᠬᠡ᠎ᠪᠡᠷ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ ᠥᠷᠨᠢᠭᠦᠯᠵᠦ᠍᠂ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠲᠣᠭ᠍ᠲᠠᠴᠠ᠎ᠶ᠋ᠢ ᠪᠠᠢᠭᠤᠯᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠠᠣᠯᠢ᠎ᠪᠡᠷ ᠵᠠᠰᠠᠬᠤ᠎ᠵᠢ ᠴᠢᠩᠭᠠᠳᠭᠠᠨ ᠪᠠᠲᠤᠯᠠᠭ᠎ᠠ᠎ᠶ᠋ᠢ ᠱᠢᠯᠢᠳᠡᠭ᠌ᠵᠢᠭᠦᠯᠵᠦ᠍᠂ ᠠᠮᠠᠯᠠᠯᠳᠠ ᠪᠡᠨ ᠪᠡᠶᠡᠯᠡᠬᠦᠯᠬᠦ᠎ᠶ᠋ᠢ ᠴᠢᠬᠤᠯᠠᠴᠢᠯᠠᠨ ᠵᠢᠱ᠌ᠢᠯᠲᠡ᠎ᠶ᠋ᠢ ᠱᠢᠯᠢᠳᠡᠭ᠌ᠵᠢᠭᠦᠯᠵᠦ᠍᠂ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠬᠤ ᠬᠡᠷᠡᠭᠲᠡᠢ᠃ ᠲᠠᠪᠤ᠎ᠳᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠬᠣᠲᠠ ᠬᠥᠳᠡᠭᠡ᠎ᠶ᠋ᠢᠨ ᠠᠭᠤᠰᠤᠯᠴᠠᠯ ᠪᠠ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠮᠢᠩᠭ᠎ᠠ ᠲᠦᠮᠡᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠤᠷᠤᠰᠢᠨ ᠰᠠᠭᠤᠷᠢᠰᠢᠵᠤ ᠠᠵᠢᠯᠯᠠᠬᠤ᠎ᠳᠤ ᠲᠣᠬᠢᠲᠠᠢ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠡᠮᠬᠢ ᠵᠢᠷᠤᠮ᠎ᠲᠠᠶ᠂ ᠬᠡᠰᠡᠭ ᠪᠦᠯᠦᠭ᠌ᠵᠢᠭᠦᠯᠦᠨ ᠠᠬᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠠᠵᠤ ᠦᠶ᠋ᠯᠡᠰ᠎ᠦᠨ ᠬᠥᠭ᠌ᠵᠢᠯᠲᠡ ᠬᠢᠭᠡᠳ ᠬᠣᠲᠠ᠎ᠶ᠋ᠢᠨ ᠴᠢᠳᠠᠮᠵᠢ᠎ᠶ᠋ᠢ ᠱᠢᠯᠢᠳᠡᠭ᠌ᠵᠢᠭᠦᠯᠬᠦ᠌ ᠬᠤᠤᠰ ᠴᠢᠭ᠌ᠯᠡᠯ᠎ᠢᠶᠡᠷ ᠬᠦᠴᠦᠨ ᠣᠯᠭᠣᠬᠤ᠎ᠶ᠋ᠢ ᠠᠬᠢᠭᠤᠯᠵᠤ᠂ ᠵᠣᠬᠢᠴᠠᠩᠭᠤᠶ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ ᠬᠡᠷᠡᠭᠲᠡᠢ᠃ ᠵᠢᠷᠭᠤᠭ᠎ᠠ᠎ᠳᠤ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠶ᠋ᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ ᠱᠢᠨ᠎ᠡ ᠳᠦᠷᠰᠦ ᠪᠠᠢᠳᠠᠯ᠎ᠢ ᠢᠳᠡᠪᠬᠢᠲᠡᠢ ᠪᠣᠢᠵᠢᠭᠤᠯᠵᠤ᠂ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠰᠣᠶᠣᠯ᠎ᠤᠨ ᠤᠯᠠᠨ ᠤᠯᠤᠰ᠎ᠲᠠᠬᠢ ᠳᠠᠮᠵᠢᠭᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠰᠣᠶᠣᠯ᠎ᠤᠨ ᠬᠦᠴᠦᠷᠬᠡᠭ ᠣᠷᠣᠨ᠎ᠢ ᠪᠦᠳᠦᠭᠡᠨ ᠪᠠᠢᠭᠤᠯᠬᠤ ᠬᠡᠷᠡᠭᠲᠡᠢ᠃ ᠳᠣᠯᠣᠭ᠎ᠠ᠎ᠳᠤ᠂ ᠠᠷᠠᠳ᠎ᠤᠨ ᠠᠮᠢᠳᠤᠷᠠᠯ᠎ᠢ ᠬᠠᠮᠤᠭ ᠡᠴᠡ ᠴᠢᠬᠤᠯᠠᠴᠢᠯᠠᠬᠤ᠎ᠵᠢ ᠢᠮᠠᠭ᠍ᠲᠠ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠦ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ᠎ᠱᠢᠶ᠋ᠳᠪᠦᠷᠢᠯᠡᠬᠦ᠌ ᠳ᠋ᠦ ᠠᠩᠬᠠᠷᠤᠯ ᠲᠦᠪᠯᠡᠷᠡᠬᠦᠯᠦᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠡᠮ ᠡᠮᠨᠡᠯᠭᠡ ᠰᠡᠷᠭᠡᠢᠯᠡᠬᠦ ᠡᠮᠨᠡᠬᠦ ᠡᠷᠡᠭᠦᠯᠵᠢᠭᠦᠯᠬᠦ  ᠬᠠᠮᠢᠶᠠᠷᠬᠤ ᠦᠶ᠋ᠯᠡᠴᠢᠯᠡᠭᠡ᠂ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠬᠦ᠌᠂ ᠦᠷᠡᠵᠢᠯ᠎ᠦᠨ ᠨᠥᠬᠥᠷᠰᠡᠭ ᠬᠡᠯᠪᠡᠷᠢ᠎ᠶ᠋ᠢᠨ ᠨᠡᠢᠭᠡᠮ᠎ᠢ ᠪᠥᠲᠥᠭᠡᠨ ᠪᠠᠢᠭᠤᠯᠬᠤ᠂ ᠵᠠᠮ ᠬᠠᠷᠢᠯᠴᠠᠭ᠎ᠠ ᠰᠠᠭᠠᠳ ᠥᠬᠡᠶ ᠨᠡᠪᠲᠡᠷᠡᠬᠦ᠌᠂ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠵᠢᠭᠦᠯᠦᠨ ᠱᠢᠶ᠋ᠳᠪᠦᠷᠢᠯᠡᠬᠦ᠌᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ᠂ ᠬᠣᠲᠠ ᠬᠥᠳᠡᠭᠡ᠎ᠶ᠋ᠢᠨ ᠣᠷᠣᠱᠢᠨ ᠰᠠᠭᠤᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠵᠡᠷᠭᠡ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠪᠦᠬᠦᠳᠡ ᠬᠤᠷᠠᠯ᠎ᠡᠴᠡ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠦᠨᠳᠦᠰᠦᠨ ᠪᠠᠲᠤᠯᠠᠭ᠎ᠠ ᠬᠠᠩᠭᠠᠬᠤ ᠬᠡᠷᠡᠭ᠌ᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠳᠤᠷᠢᠳᠭᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ ᠵᠢ ᠶᠡᠭᠡ ᠪᠡᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠡᠯ᠎ᠡ ᠲᠠᠯ᠎ᠠ᠎ᠶ᠋ᠢ ᠳᠠᠭᠠᠭᠤᠯᠤᠨ ᠨᠢᠭ᠍ᠲᠠᠷᠠᠭᠤᠯᠵᠤ ᠬᠠᠮᠲᠤ᠎ᠪᠠᠷ ᠲᠡᠮᠡᠴᠡᠬᠦ᠌ ᠬᠡᠷᠡᠭ᠌ᠲᠡᠢ᠃ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠱᠢᠨᠵᠢᠯᠡᠬᠦ᠌ ᠤᠬᠠᠭᠠᠨᠴᠢ᠎ᠪᠠᠷ ᠰᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭ᠍ᠲᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ 《ᠬᠡᠨᠡᠨ ᠪᠠᠯᠠᠢ ᠪᠡᠷ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠦᠩᠭᠡ᠎ᠶᠢᠨ ᠳᠡᠳᠦᠢ ᠤᠪᠤᠷ ᠵᠢᠡᠨ ᠢᠯᠡᠳᠭᠡᠬᠦ᠂ ᠬᠠᠷᠢᠭᠤᠴᠠᠯᠭ᠎ᠠ ᠲᠦᠯᠬᠢᠵᠦ ᠳᠤᠳᠠᠭᠠᠨ ᠵᠠᠢᠳᠠᠬᠤ》 ᠦᠵᠡᠭ᠌ᠳᠡᠯ᠎ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭᠲᠡᠢ᠃ 《ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ》 ᠪᠠᠢᠬᠤ ᠰᠠᠨᠠᠭ᠎ᠠ ᠠᠬᠤᠢ ᠪᠣᠯᠤᠨ 《ᠠᠮᠵᠢᠯᠲᠠ ᠭᠠᠷᠭᠠᠬᠤ᠎ᠳᠤ ᠪᠢ ᠯᠠᠪᠲᠠᠢ ᠪᠠᠢᠬᠤ》 ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠳᠠᠲᠤ ᠶᠠᠪᠤᠳᠠᠯ ᠰᠠᠢ᠌ᠨ ᠶᠠᠪᠤᠳᠠᠯ᠎ᠢ ᠢᠯᠡᠭᠦᠬᠡᠨ ᠬᠢᠵᠦ᠍᠂ 《ᠱᠢᠨ᠎ᠡ ᠳᠠᠷᠤᠭ᠎ᠠ ᠬᠠᠭᠤᠴᠢᠨ ᠲᠠᠩᠰᠠ᠎ᠶ᠋ᠢ ᠦᠯᠦ᠍ ᠬᠠᠮᠢᠶᠠᠷᠬᠤ》 ᠪᠣᠯᠤᠨ 《ᠲᠦᠷᠢ ᠲᠥᠷᠬᠦ᠌᠎ᠶ᠋ᠢᠨ ᠢᠨᠵᠧᠨᠧᠷᠢᠩ》᠂ 《ᠵᠠᠰᠠᠭ᠎ᠤᠨ ᠠᠮᠵᠢᠯᠲᠠ᠎ᠶ᠋ᠢᠨ ᠢᠨᠵᠧᠨᠧᠷᠢᠩ》᠎ᠢ᠋ ᠡᠷᠡᠰ ᠬᠣᠷᠢᠭ᠍ᠯᠠᠬᠤ ᠬᠡᠷᠡᠭ᠌ᠲᠡᠢ᠃ ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠭᠤᠯ᠎ᠢ ᠢᠮᠠᠭ᠍ᠲᠠ ᠪᠠᠷᠢᠮᠲᠠᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠬᠤ ᠬᠡᠷᠡᠭᠲᠡᠢ᠃ ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ᠎ᠢᠶᠡᠷ ᠰᠡᠵᠢᠭ᠌ᠯᠡᠭ᠌ᠳᠡᠭ᠌ᠰᠡᠨ ᠭᠡᠷᠡᠭ ᠵᠡᠷᠭᠡ ᠰᠤᠷᠭᠠᠮᠵᠢ᠎ᠶ᠋ᠢ ᠭᠦᠨᠵᠡᠭᠡᠢ ᠱᠢᠩᠭᠡᠭᠡᠨ ᠠᠪᠴᠤ᠌᠂ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠲᠥᠪᠯᠡᠷᠡᠭ᠌ᠰᠡᠨ᠂ ᠡᠬᠢ ᠪᠠᠶᠠᠯᠢᠭ ᠲᠥᠪᠯᠡᠷᠡᠭ᠌ᠰᠡᠨ ᠬᠦᠷᠢᠶᠡᠨ᠎ᠦ ᠢᠯᠵᠢᠷᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠴᠢᠩᠭᠠᠳᠭᠠᠵᠤ᠂ ᠢᠯᠵᠢᠷᠡᠯ᠎ᠢ ᠵᠠᠰᠠᠬᠤ ᠶᠡᠷᠦᠩᠬᠡᠢᠯᠡᠭ᠌ᠰᠡᠨ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠰᠠᠢ᠌ᠨ ᠰᠠᠢᠬᠠᠨ ᠴᠢᠳᠠᠪᠤᠷᠢᠲᠠᠨ᠎ᠤ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠬᠦᠴᠡᠯ᠂ ᠶᠠᠷᠢᠶ᠎ᠠ ᠬᠡᠯᠡᠯᠴᠡᠭᠡᠨ᠎ᠦ ᠣᠷᠴᠢᠨ ᠨᠦᠬᠦᠴᠡᠯ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠪᠥᠬᠦᠳᠡ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》᠎ᠶᠢᠨ ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠰᠤᠷᠤᠯᠴᠠᠨ ᠡᠵᠡᠮᠱᠢᠵᠦ᠍᠂ ᠡᠬᠦᠨ᠎ᠳᠦ ᠠᠭᠤᠯᠤᠭ᠍ᠳᠠᠵᠤ ᠪᠠᠢᠭ᠎ᠠ ᠴᠢᠬᠤᠯᠠ ᠶᠡᠬᠡ ᠤᠯᠤᠰ ᠲᠥᠷᠥ᠎ᠶ᠋ᠢᠨ ᠠᠴᠢ ᠬᠣᠯᠪᠣᠭ᠍ᠳᠠᠯ᠂ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠨᠠᠷᠢᠯᠢᠭ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠢᠷᠡᠬᠦ᠌ ᠵᠢᠯ᠎ᠦᠨ ᠬᠠᠷᠠᠯᠲᠠ᠎ᠪᠠᠨ ᠪᠡᠶᠡᠯᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠦ ᠲᠠᠯᠪᠢᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠱᠢᠭᠤᠴᠢ ᠣᠷᠣᠨ᠎ᠢ ᠪᠥᠬᠥ᠌ ᠣᠷᠣᠨ ᠪᠦᠰᠡ᠎ᠪᠡᠷ ᠪᠥᠲᠥᠭᠡᠨ ᠪᠠᠢᠭᠤᠯᠵᠤ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠳᠤᠷᠰᠢᠯᠲᠠ᠎ᠶᠢᠨ ᠣᠷᠣᠨ᠎ᠢ ᠡᠭᠦᠳᠦᠨ ᠪᠠᠢᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠶᠠᠰᠤ ᠴᠢᠨᠠᠷ᠎ᠤᠨ ᠣᠨ᠎ᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠳᠠ ᠡᠴᠡ ᠬᠠᠷᠢᠭᠤ ᠲᠤᠰᠭᠠᠭ᠍ᠰᠠᠨ ᠠᠰᠠᠭᠤᠳᠠᠯ᠎ᠢ ᠨᠠᠷᠢᠨ ᠬᠢᠨᠠᠮᠠᠭᠠᠶ ᠴᠡᠭ᠌ᠴᠡᠯᠡᠨ ᠰᠠᠢᠵᠢᠷᠠᠭᠤᠯᠵᠤ᠂ ᠤᠯᠤᠰ᠎ᠤᠨ ᠲᠠᠰ᠎ᠤᠨ ᠨᠠᠩ ᠣᠯᠠᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠬᠤ ᠬᠡᠷᠡᠭᠳᠡᠢ᠃ ᠤᠯᠤᠰ᠎ᠤᠨ ᠬᠣᠷᠸ᠎ᠠ ᠠᠵᠤ ᠠᠬᠤᠶ ᠪᠣᠯᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ ᠵᠢᠴᠢ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠲᠤᠬᠠᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠪᠠ ᠱᠢᠨ᠎ᠡ᠎ᠪᠡᠷ ᠮᠠᠨᠳᠤᠬᠰᠠᠨ ᠠᠵᠤ ᠦᠶ᠋ᠯᠡᠰ᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠲᠥᠷᠥᠯ ᠵᠦᠶ᠋ᠯ᠎ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠣᠳᠠᠲᠠᠢᠵᠢᠭᠤᠯᠬᠤ ᠬᠡᠷᠡᠭᠳᠡᠢ᠃ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠡᠮᠦᠨᠡᠬᠢ ᠬᠤᠭᠤᠴᠠᠭᠠᠨ᠎ᠤ ᠠᠵᠢᠯ᠎ᠢ ᠨᠠᠷᠢᠯᠢᠭ ᠬᠢᠵᠦ᠍᠂ ᠲᠥᠷᠥᠯ ᠵᠦᠢᠯ᠎ᠦᠨ ᠪᠣᠯᠪᠠᠰᠤᠷᠠᠩᠭᠤᠶ ᠪᠣᠯᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠬᠤᠯᠪᠤᠭᠠᠯᠠᠨ ᠬᠢᠨᠠᠵᠤ ᠬᠤᠯᠪᠤᠭᠠᠯᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠲᠥᠷᠥᠯ ᠵᠦᠢᠯ᠎ᠢ ᠲᠦᠷᠭᠡᠨ ᠬᠢᠨᠠᠨ ᠵᠥᠪᠱᠢᠶᠡᠷᠡᠵᠦ᠍᠂ ᠡᠷᠳᠡᠭᠡᠨ ᠠᠵᠢᠯ ᠡᠬᠢᠯᠡᠭᠦᠯᠬᠦ᠌᠎ᠶ᠋ᠢ ᠠᠬᠢᠭᠤᠯᠬᠤ ᠬᠡᠷᠡᠭᠳᠡᠢ᠃ 《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠲᠠᠸᠠᠷ ᠪᠠ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠨ᠂ ᠠᠮᠠᠷᠠᠯᠲᠠ᠎ᠶ᠋ᠢᠨ ᠡᠳᠦᠷ᠎ᠦᠨ ᠠᠵᠤ ᠠᠬᠤᠶ᠂ ᠤᠷᠤᠯᠳᠤᠭᠠᠨ᠎ᠤ ᠠᠵᠤ ᠠᠬᠤᠶ᠂ ᠲᠣᠭ᠍ᠯᠠᠯᠲᠠ᠎ᠶ᠋ᠢᠨ ᠠᠵᠤ ᠠᠬᠤᠶ ᠪᠠ ᠢᠳᠡᠭᠡᠨ ᠤᠮᠳᠠᠭᠠᠨ᠂ ᠡᠷᠡᠭᠦᠯᠵᠢᠯ ᠰᠤᠪᠢᠯᠠᠯᠲᠠ ᠵᠡᠷᠭᠡ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢ ᠶᠡᠬᠡ ᠪᠡᠷ ᠬᠥᠭ᠌ᠵᠢᠭᠦᠯᠬᠦ ᠬᠡᠷᠡᠭᠳᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠦᠶ᠋ᠯᠡᠳᠬᠦ᠌᠂ ᠡᠪᠡᠰᠦᠨ᠎ᠦ ᠦᠶ᠋ᠯᠡᠰ ᠴᠠᠭᠠᠨ ᠢᠳᠡᠭᠡ᠎ᠶᠢᠨ ᠦᠶ᠋ᠯᠡᠰ ᠵᠡᠷᠭᠡ ᠣᠨᠴᠠᠯᠢᠭ᠍ᠲᠤ ᠳᠠᠪᠠᠭᠤᠯᠢᠭ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠪᠤᠳᠤᠯᠲᠠ᠎ᠶᠢᠨ ᠬᠦᠴᠦᠨ ᠪᠠ ᠴᠠᠬᠢᠯᠭᠠᠨ᠎ᠬᠦᠴᠦᠨ ᠤ᠋ ᠬᠠᠮᠵᠢᠯᠴᠠᠭ᠎ᠠ᠂ ᠰᠠᠯᠬᠢ ᠬᠡᠷᠡᠯ ᠢ᠋ ᠤᠰᠤᠲᠥ᠋ᠷᠥᠭ᠌ᠴᠢᠵᠢᠭᠤᠯᠤᠨ ᠬᠠᠳᠠᠭᠠᠯᠠᠬᠤ᠂ ᠤᠢᠷ᠎ᠠ ᠣᠭ᠍ᠲᠠᠷᠭᠤᠶ᠎ᠶ᠋ᠢᠨ ᠠᠵᠤ ᠠᠬᠤᠶ᠂ 《ᠵᠣᠬᠢᠶᠠᠮᠠᠯ ᠣᠶᠤᠨ ᠴᠢᠳᠠᠪᠤᠷᠢ +》 ᠵᠡᠷᠭᠡ ᠱᠢᠨ᠎ᠡ᠎ᠪᠡᠷ ᠮᠠᠨᠳᠤᠬᠰᠠᠨ ᠬᠦᠷᠢᠶ᠎ᠡ ᠴᠠᠷᠠᠭ᠎ᠠ᠎ᠳᠤ ᠲᠥᠪᠯᠡᠷᠡᠭᠦᠯᠦᠨ ᠨᠢᠭᠡ ᠪᠦᠯᠦᠭ ᠤᠷᠢᠳᠠᠴᠢ ᠤᠳᠤᠷᠢᠳᠤᠮᠵᠢ᠎ᠶ᠋ᠢᠨ ᠴᠢᠨᠠᠷᠲᠠᠶ ᠲᠥᠷᠥᠯ ᠵᠦᠶ᠋ᠯ᠎ᠢ ᠪᠠᠢᠷᠢᠱᠢᠭᠤᠯᠵᠤ᠂ ᠨᠢᠭᠡ ᠪᠦᠯᠦᠭ ᠠᠵᠤ ᠦᠢᠯᠡᠰᠵᠢᠭ᠌ᠰᠡᠨ ᠦᠷ᠎ᠡ ᠪᠦᠲᠦᠭᠡᠯ᠎ᠢ ᠪᠦᠷᠢᠯᠳᠦᠭᠦᠯᠬᠦ ᠬᠡᠷᠡᠭᠳᠡᠢ᠃ ᠠᠷᠠᠳ᠎ᠤᠨ ᠠᠮᠢᠳᠤᠷᠠᠯ ᠢ᠋ ᠬᠠᠮᠤᠭ ᠡᠴᠡ ᠴᠢᠬᠤᠯᠠᠴᠢᠯᠠᠬᠤ ᠵᠢ ᠢᠮᠠᠭ᠍ᠲᠠ ᠪᠠᠷᠢᠮᠲᠠᠯᠠᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠯᠠᠪᠳᠠᠭᠤᠨ᠎ᠢᠶᠠᠷ ᠬᠡᠷᠡᠭ᠌ᠵᠢᠭᠦᠯᠬᠦ ᠬᠡᠷᠡᠭᠳᠡᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠦᠨᠡᠨ ᠡᠴᠡ ᠵᠦᠪ᠎ᠢ ᠡᠷᠢᠨ᠂ ᠭᠦᠢᠴᠡᠳᠭᠡᠯ ᠲᠣᠭ᠎ᠠ᠎ᠶ᠋ᠢ ᠱᠢᠨᠵᠢᠯᠡᠬᠦ᠌ ᠤᠬᠠᠭᠠᠨᠴᠢ ᠪᠥᠭᠡᠳ ᠵᠦᠢ ᠵᠣᠬᠢᠰᠲᠠᠶ ᠲᠣᠬᠢᠷᠠᠭᠤᠯᠵᠤ᠂ 《ᠪᠠᠭ᠎ᠠ ᠮᠥᠷᠲᠡᠭᠡᠨ ᠨᠠᠷᠢᠯᠢᠭ》 ᠪᠠᠢᠯᠭᠠᠬᠤ ᠵᠠᠷᠴᠢᠮ ᠶᠣᠰᠣᠭᠠᠷ ᠲᠤᠰᠭᠠᠶ ᠵᠦᠢᠯ᠎ᠦᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠬᠡᠳᠦ ᠤᠯᠠᠰᠢᠷᠠᠵᠤ᠂ ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ᠌᠎ᠶ᠋ᠢ ᠡᠷᠡᠰ ᠬᠣᠷᠢᠭ᠍ᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠪᠥᠬᠥᠳᠡ ᠬᠤᠷᠠᠯ᠎ᠡᠴᠡ᠂ ᠢᠷᠡᠬᠦ᠌ ᠵᠢᠯ᠎ᠦᠨ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠡᠷᠬᠡᠪᠰᠢ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠭᠡᠬᠦ᠌ ᠡᠨᠡ ᠬᠦ᠌ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠶᠡᠷᠦᠩᠬᠡᠢ ᠭᠠᠷᠳᠠᠴᠠ ᠵᠢ ᠪᠠᠲᠤ ᠡᠵᠡᠮᠳᠡᠵᠦ᠍᠂ ᠴᠥᠬᠥᠷᠡᠰᠢ ᠦᠭᠡᠢ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠳᠠᠮᠵᠢᠨ 《ᠬᠣᠶᠠᠷ ᠵᠢᠬᠰᠠᠭᠠᠯᠲᠠ ᠳ᠋ᠦ ᠲᠣᠭ᠍ᠲᠠᠪᠤᠷᠢᠵᠢᠭᠤᠯᠬᠤ》᠂ 《ᠬᠣᠶᠠᠷ ᠲᠠᠯ᠎ᠡ ᠪᠡᠷ ᠦᠷᠭᠦᠯᠵᠢᠯᠡᠨ ᠲᠦᠷᠦᠭᠦᠨ᠎ᠳᠦ ᠶᠠᠪᠤᠬᠤ》 ᠶ᠋ᠢ ᠪᠠᠷᠢᠮᠳᠠᠯᠠᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠵᠢᠮ᠎ᠡ ᠶᠣᠰᠣ᠎ᠶ᠋ᠢ ᠬᠦᠨᠳᠦᠳᠭᠡᠨ᠂ ᠡᠯ᠎ᠡ ᠵᠦᠶ᠋ᠯ᠎ᠦᠨ ᠠᠵᠢᠯ᠎ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠳᠦ ᠬᠠᠷᠢᠭᠤᠴᠠᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠪᠤᠶᠠᠨ ᠦᠶ᠋ᠯᠡᠳᠬᠦ᠌ ᠬᠡᠷᠡᠭ᠌ᠲᠡᠶ᠃ ᠢᠳᠡᠪᠬᠢᠲᠡᠶ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠴᠦᠰ᠎ᠲᠦᠨᠢ ᠲᠤᠯᠲᠠᠯ᠎ᠠ ᠭᠦᠢᠴᠡᠳᠭᠡᠬᠦ ᠴᠢᠳᠠᠪᠤᠷᠢ᠂ ᠨᠡᠪᠲᠡᠯᠬᠦ᠌ ᠬᠦᠴᠦᠨ᠎ᠢ ᠳᠡᠭᠡᠭ᠌ᠰᠢᠯᠡᠭᠦᠯᠵᠦ᠍᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠨᠠᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠤᠯᠤᠰ ᠲᠦᠷᠦ᠍᠎ᠶ᠋ᠢ ᠡᠷᠬᠢᠮᠯᠡᠬᠦ᠌᠂ ᠦᠨᠡᠨᠴᠢ ᠱᠢᠳᠤᠷᠭᠤ᠎ᠶ᠋ᠢ ᠡᠷᠬᠢᠮᠯᠡᠬᠦ᠌ ᠦᠨᠳᠦᠷᠴᠡ ᠡᠴᠡ ᠲᠥᠪ᠎ᠦᠨ ᠲᠣᠭᠣᠷᠢᠨ ᠪᠠᠢᠴᠠᠭᠠᠯᠳᠠ ᠡᠴᠡ ᠬᠠᠷᠢᠭᠤ ᠲᠤᠰᠭᠠᠭ᠍ᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠴᠠᠭ᠎ᠤᠨ ᠳᠠᠷᠠᠭᠠᠯᠠᠯ ᠠᠬᠢᠴᠠ᠎ᠶ᠋ᠢ ᠰᠠᠢᠲᠤᠷ ᠠᠳᠭᠤᠵᠤ᠂ ᠦᠩᠭᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ᠎ᠶ᠋ᠢ ᠭᠦᠨᠵᠡᠭᠡᠢᠷᠡᠭᠦᠯᠵᠦ᠍᠂ ᠠᠰᠠᠭᠤᠳᠠᠯ᠎ᠢ ᠱᠢᠢᠳᠪᠦᠷᠢᠯᠡᠬᠦ᠌᠎ᠪᠡᠷ ᠳᠠᠮᠵᠢᠨ ᠠᠵᠢᠯ᠎ᠢᠶᠠᠨ ᠰᠠᠢᠵᠢᠷᠠᠭᠤᠯᠵᠤ᠂ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠥᠬᠥᠳᠡ ᠬᠤᠷᠠᠯ᠎ᠡᠴᠡ᠂ ᠱᠢᠨ᠎ᠡ ᠵᠢᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ᠂ ᠨᠡᠭᠦᠷᠡᠰᠦ ᠴᠠᠬᠢᠯᠭᠠᠨ ᠴᠢᠯᠠᠭᠤᠨ ᠲᠣᠰᠣ ᠱᠢᠲᠠᠮᠠᠬᠠᠶ ᠬᠡᠶ᠎ᠶ᠋ᠢᠨ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ᠎ᠶ᠋ᠢ ᠴᠢᠩᠭᠠᠳᠭᠠᠵᠤ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠵᠤ᠂ ᠠᠶᠤᠯᠭᠦᠶ ᠦᠶ᠋ᠯᠡᠳᠪᠦᠷᠢᠯᠡᠯ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠂ ᠭᠤᠤᠯᠳᠠᠯᠭ᠎ᠠ᠎ᠲᠠᠶ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ᠌ ᠵᠡᠷᠭᠡ ᠠᠵᠢᠯ᠎ᠢ ᠨᠠᠷᠢᠨ ᠬᠢᠨᠠᠮᠠᠭᠠᠶ ᠰᠠᠢᠲᠤᠷ ᠬᠢᠵᠦ᠍᠂ ᠨᠡᠢᠭᠡᠮ᠎ᠦᠨ ᠠᠮᠤᠷ ᠲᠦᠪᠱᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠪᠠᠲᠤᠯᠠᠬᠤ ᠬᠡᠷᠡᠭ᠌ᠲᠡᠶ ᠭᠡᠵᠦ ᠱᠠᠭᠠᠷᠳᠠᠪᠠ᠃

ᠪᠥᠬᠥᠳᠡ ᠬᠤᠷᠠᠯ᠎ᠡᠴᠡ ᠵᠢᠶᠠᠩ ᠬᠣᠩ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠠᠰᠠᠭᠤᠳᠠᠯ᠎ᠤᠨ ᠲᠤᠬᠠᠶ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠬᠢᠨᠠᠨ ᠪᠠᠢᠴᠠᠭᠠᠭ᠍ᠰᠠᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠡᠭᠦᠨ᠎ᠡᠴᠡ ᠡᠮᠦᠨ᠎ᠡ ᠭᠠᠷᠭᠠᠭ᠍ᠰᠠᠨ ᠵᠢᠶᠠᠩ ᠬᠣᠩ᠎ᠢ ᠨᠠᠮ᠎ᠡᠴᠡ ᠬᠥᠭᠡᠭᠡᠬᠦ᠌ ᠱᠢᠢᠳᠭᠡᠯ᠎ᠢ ᠨᠤᠲᠠᠯᠠᠪᠠ᠃

ᠪᠥᠬᠦᠳᠡ ᠬᠤᠷᠠᠯ᠎ᠡᠴᠡ᠂ ᠣᠷᠣᠨ ᠳᠠᠶᠠᠭᠠᠷ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠯ᠎ᠡ ᠵᠦᠢᠯ᠎ᠦᠨ ᠠᠵᠢᠯ᠎ᠢᠶᠠᠨ ᠴᠢᠨᠠᠷ ᠰᠠᠢᠲᠠᠢ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠭᠦᠯᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠵᠢ ᠪᠠᠳᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠰᠦᠭᠡᠢ ᠭᠡᠵᠦ᠍ ᠤᠷᠢᠶᠠᠯᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ