ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠬᠢᠨᠠᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠭᠦᠭᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-05-29


ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ  ᠬᠣᠶᠠᠳᠤᠭ᠋ᠠᠷ᠂ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ  ᠵᠥᠪᠰᠢᠶᠡᠷᠡᠯ ᠵᠶ᠋ᠡᠷ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ ᠣᠢ᠌ᠷ᠎ᠠ ᠵᠢᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠷᠣᠵᠤ ᠰᠠᠭᠤᠵᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠥᠷᠨᠢᠭᠦᠯᠦᠨ᠎ᠡ᠃ 5 ᠰᠠᠷ᠎ᠠ ᠵᠢᠨ 28᠎ᠤ ᠡᠳᠦᠷ᠂ ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠳᠠᠢ᠌ᠴᠢᠯᠠᠯᠲᠠ ᠵᠢᠨ ᠬᠤᠷᠠᠯ ᠭᠦᠭᠡᠬᠣᠲᠠ᠎ᠳᠤ ᠬᠤᠷᠠᠯᠳᠤᠵᠤ᠂ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠣᠣ ᠽᠧᠩ ᠺᠧ᠂ ᠳᠤᠭᠤᠢ᠌ᠯᠠᠩ᠎ᠤᠨ ᠳᠡᠳ᠋ ᠳᠠᠷᠤᠭ᠎ᠠ ᠵᠠᠢ ᠴᠢᠩ ᠲᠣᠰ ᠲᠣᠰ ᠬᠢᠨᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠣᠷᠣᠵᠤ ᠰᠠᠭᠤᠬᠤ ᠳᠠᠢ᠌ᠴᠢᠯᠠᠯᠲᠠ ᠬᠢᠪᠡ᠃


中央第二生态环境保护督察组 督察内蒙古自治区动员会在呼和浩特召开.jpg

5 ᠰᠠᠷ᠎ᠠ ᠵᠢᠨ 28᠎ᠤ ᠡᠳᠦᠷ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠬᠢᠨᠠᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠭᠦᠭᠡᠬᠣᠲᠠ᠎ᠳᠤ ᠬᠤᠷᠠᠯᠳᠤᠪᠠ᠃

ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ



ᠶᠣᠣ ᠽᠧᠩ ᠺᠧ᠂ ᠰᠢ ᠵᠢᠨ ᠫᠢᠩ  ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ 《ᠲᠦᠷᠪᠡᠨ ᠪᠦᠭᠦ ᠲᠠᠯ᠎ᠠ》 ᠵᠢᠨ  ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠵᠢᠨ ᠴᠢᠬᠤᠯᠠ ᠠᠭᠤᠯᠭ᠎ᠠ ᠪᠤᠯᠭ᠋ᠠᠵᠤ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠭᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠪᠠ᠃ 2024 ᠣᠨ᠎ᠤ 7 ᠰᠠᠷ᠎ᠠ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ  ᠭᠤᠷᠪᠠᠳᠤᠭ᠋ᠠᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠪᠠ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ  ᠭᠤᠷᠪᠠᠳᠤᠭ᠋ᠠᠷ ᠪᠦᠭᠦᠳᠡ ᠬᠤᠷᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠡᠷᠦᠩᠬᠡᠢ ᠳᠠᠢ᠌ᠴᠢᠯᠠᠯᠲᠠ᠂ ᠶᠡᠷᠦᠩᠬᠡᠢ ᠪᠠᠢ᠌ᠷᠢᠯᠠᠭᠤᠯᠤᠯᠲᠠ ᠮᠥᠨ᠃ ᠪᠦᠭᠦᠳᠡ ᠬᠤᠷᠠᠯ᠎ᠠᠴᠠ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ  ᠲᠣᠭᠲᠠᠭ᠋ᠠᠯ》᠎ᠢ  ᠬᠢᠨᠠᠨ ᠵᠥᠪᠯᠡᠵᠦ ᠪᠠᠲᠤᠯᠠᠨ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ᠂ ᠠᠷᠪᠢᠯᠠᠨ ᠭᠠᠮᠨᠠᠵᠤ ᠡᠷᠴᠢᠮᠵᠢᠭᠦᠯᠦᠨ ᠬᠡᠷᠡᠭᠯᠡᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ  ᠠᠬᠢᠭᠤᠯᠵᠤ᠂ ᠬᠥᠮᠥᠨ ᠪᠠᠢ᠌ᠭ᠋ᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠵᠢ ᠠᠬᠢᠭᠤᠯᠬᠤ ᠬᠡᠷᠡᠭᠲᠡᠢ》 ᠭᠡᠵᠦ ᠳᠤᠷᠠᠳᠤᠭᠰᠠᠨ ᠪᠥᠭᠡᠳ ᠲᠤᠰᠬᠠᠢ ᠪᠦᠯᠦᠭ ᠵᠶ᠋ᠡᠷ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠶᠡᠬᠡ ᠪᠠᠢ᠌ᠷᠢᠯᠠᠭᠤᠯᠤᠯᠲᠠ ᠬᠢᠵᠦ᠂ ᠰᠢ ᠵᠢᠨ ᠫᠢᠩ  ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠪᠠ ᠪᠠᠢ᠌ᠯᠳᠤᠬᠤ ᠪᠣᠳᠣᠯᠭ᠎ᠠ ᠵᠢᠨ ᠤᠬᠠᠭ᠋ᠠᠯᠠᠯ ᠲᠥᠯᠥᠪᠯᠡᠭᠡ ᠵᠢ ᠭᠦᠢ᠍ᠴᠡᠳ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠭᠠᠷᠭ᠋ᠠᠪᠠ᠃

ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠴᠢᠨᠠᠷ ᠰᠠᠢ᠌ᠲᠠᠢ ᠬᠥᠭᠵᠢᠭᠦᠯᠬᠦ ᠪᠣᠯ ᠰᠢ ᠵᠢᠨ ᠫᠢᠩ  ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠲᠣᠭᠲᠠᠭ᠋ᠠᠭᠰᠠᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠵᠤ᠂ ᠤᠯᠤᠰ᠎ᠤᠨ ᠬᠥᠭᠵᠢᠯᠲᠡ ᠵᠢᠨ ᠪᠦᠭᠦ ᠲᠠᠯ᠎ᠠ᠎ᠳᠤ ᠬᠣᠯᠪᠣᠭᠳᠠᠨ᠎ᠠ᠃ ᠶᠡᠷᠦᠩᠬᠡᠢ ᠱᠦᠵᠢ ᠰᠢ ᠵᠢᠨ ᠫᠢᠩ  ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠷᠢᠳ ᠬᠣᠵᠢᠳ ᠾᠧᠨᠠᠨ᠂ ᠱᠠᠨᠳᠦ᠋ᠩ᠂ ᠭᠠᠨᠰᠤ᠎ᠳᠤ 3 ᠤᠳᠠᠭ᠎ᠠ ᠲᠤᠰᠬᠠᠢ ᠰᠡᠳᠦᠪᠲᠦ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠠᠪᠠ ᠭᠠᠵᠠᠷ᠎ᠲᠤ ᠪᠠᠢ᠌ᠭ᠎ᠠ ᠮᠤᠵᠢ ᠣᠷᠣᠨ᠎ᠳᠤ ᠤᠯᠠᠨ ᠤᠳᠠᠭ᠎ᠠ ᠬᠦᠷᠴᠦ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠲᠣᠳᠣᠷᠬᠠᠢ᠌ᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ ᠣᠨᠴᠠᠭ᠋ᠠᠢ᠌ᠯᠠᠨ 2024 ᠣᠨ᠎ᠤ 9 ᠰᠠᠷ᠎ᠠ ᠵᠢᠨ 12᠎ᠤᠨ ᠡᠳᠦᠷ᠂ ᠶᠡᠷᠦᠩᠬᠡᠢ ᠱᠦᠵᠢ ᠰᠢ ᠵᠢᠨ ᠫᠢᠩ  ᠭᠠᠨᠰᠤ ᠵᠢᠨ ᠯᠠᠨᠵᠧᠦ᠎ᠳᠤ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠪᠦᠭᠦ ᠲᠠᠯ᠎ᠠ᠎ᠪᠠᠷ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ᠂ ᠬᠠᠮᠠᠭ᠋ᠠᠯᠠᠬᠤ᠎ᠨᠢ  ᠵᠠᠩᠭᠢᠯᠠᠭ᠎ᠠ ᠂ ᠵᠠᠰᠠᠬᠤ᠎ᠨᠢ ᠴᠢᠬᠤᠯᠠ ᠭᠡᠬᠦ ᠪᠠᠢ᠌ᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠵᠢ  ᠴᠢᠩᠭ᠎ᠠ ᠠᠳᠬᠤᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠎ᠪᠠᠷ ᠬᠥᠳᠡᠯᠭᠡᠬᠦ ᠬᠦᠴᠦᠨ ᠪᠤᠯᠭ᠋ᠠᠵᠤ᠂ ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠢ  ᠪᠠᠷᠢᠮᠲᠠᠯᠠᠵᠤ᠂ ᠤᠰᠤᠨ᠎ᠤ ᠬᠡᠮᠵᠢᠶ᠎ᠡ᠎ᠪᠠᠷ ᠪᠣᠳᠠᠲᠠᠢ ᠠᠵᠢᠯᠯᠠᠬᠤ᠂ ᠤᠰᠤ ᠠᠷᠪᠢᠯᠠᠬᠤ ᠵᠢ ᠤᠷᠢᠳ ᠵᠢᠠᠷ ᠪᠣᠳᠣᠯᠬᠢᠯᠠᠬᠤ ᠵᠢ  ᠪᠠᠷᠢᠮᠲᠠᠯᠠᠵᠤ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ  ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠠᠷᠭ᠎ᠠ ᠰᠦᠪᠡᠭᠴᠢᠯᠡᠬᠦ ᠵᠣᠬᠢᠴᠠᠭᠤᠯᠤᠨ ᠠᠬᠢᠭᠤᠯᠬᠤ ᠵᠢ  ᠪᠠᠷᠢᠮᠲᠠᠯᠠᠵᠤ᠂ ᠪᠦᠭᠦ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠰᠢᠨ᠎ᠡ ᠳᠡᠭᠲᠡᠷ᠎ᠲᠤ ᠭᠠᠷᠬᠤ᠂ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ᠎ᠲᠠᠢ ᠪᠤᠯᠬᠤ ᠵᠢ  ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠰᠢᠨ᠎ᠡ ᠦᠷ᠎ᠡ ᠪᠦᠲᠦᠮᠵᠢ᠎ᠲᠠᠢ ᠪᠤᠯᠬᠤ᠂ ᠠᠷᠠᠳ ᠣᠯᠠᠨ᠎ᠤ ᠠᠮᠢᠳᠤᠷᠠᠯ ᠰᠢᠨ᠎ᠡ ᠰᠠᠢ᠌ᠵᠢᠷᠠᠯᠲᠠ᠎ᠲᠠᠢ ᠪᠤᠯᠬᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠤᠶ ᠪᠤᠯᠭ᠋ᠠᠬᠤ ᠬᠡᠷᠡᠭᠲᠡᠢ᠃

ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠴᠢᠬᠤᠯᠠ ᠶᠡᠬᠡ ᠪᠠᠢ᠌ᠭᠤᠯᠤᠯ᠎ᠤᠨ ᠰᠢᠨ᠎ᠡ ᠵᠢ ᠡᠭᠦᠳᠬᠦ ᠪᠠ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠮᠥᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠦᠨᠡᠨᠬᠦ ᠲᠤᠰᠠᠲᠠᠢ ᠪᠣᠳᠠᠲᠠᠢ ᠠᠷᠭ᠎ᠠ ᠪᠠ ᠳᠦᠷᠢᠮ᠎ᠤᠨ ᠪᠠᠲᠤᠯᠠᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ  ᠬᠢᠨᠠᠨ ᠪᠠᠢ᠌ᠴᠠᠭ᠋ᠠᠬᠤ ᠵᠠᠩᠭᠢᠯᠠᠭ᠎ᠠ ᠵᠢᠨ ᠭᠣᠭᠴᠣᠭ᠎ᠠ ᠪᠦᠷᠢ᠂ ᠵᠠᠩᠭᠢᠯᠠᠭ᠎ᠠ ᠵᠢᠨ ᠴᠠᠭ ᠮᠥᠴᠡ ᠪᠦᠷᠢ᠎ᠳᠤ᠂ ᠵᠠᠯᠠᠭᠤᠷ᠎ᠢ ᠡᠵᠡᠮᠳᠡᠨ ᠴᠢᠭᠯᠡᠯ᠎ᠢ ᠲᠣᠭᠲᠠᠭ᠋ᠠᠵᠤ᠂ ᠳᠠᠭ᠋ᠠᠭᠤᠯᠤᠨ ᠤᠷᠤᠭᠰᠢᠯᠠᠵᠤ᠂ ᠠᠯᠢ ᠣᠯᠠᠨ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠬᠢᠨᠠᠨ ᠪᠠᠢ᠌ᠴᠠᠭ᠋ᠠᠬᠤ ᠠᠵᠢᠯ᠎ᠤᠨ ᠣᠯᠣᠭᠰᠠᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠪᠠ᠃ 2025 ᠣᠨ᠎ᠤ 3 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ  ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠢ᠌ᠴᠠᠭ᠋ᠠᠬᠤ ᠠᠵᠢᠯ᠎ᠤᠨ ᠳᠦᠷᠢᠮ》᠎ᠢ  ᠬᠢᠨᠠᠨ ᠵᠥᠪᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠢ᠌ᠴᠠᠭ᠋ᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠬᠢᠨᠠᠨ ᠪᠠᠢ᠌ᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠬᠤ ᠤᠯᠤᠰ ᠲᠥᠷᠦ ᠵᠢᠨ ᠬᠠᠷᠢᠭᠤᠴᠠᠯᠭ᠎ᠠ ᠵᠢ ᠤᠯᠠᠮ ᠪᠣᠳᠠᠲᠠᠢ᠌ᠵᠢᠭᠤᠯᠵᠤ᠂ ᠬᠠᠷᠢᠭᠤᠴᠠᠯᠭ᠎ᠠ ᠵᠢᠨ ᠳᠦᠷᠢᠮ ᠡᠨᠡ ᠬᠦ᠌ 《ᠵᠠᠩᠭᠢᠯᠠᠭ᠎ᠠ》 ᠵᠢ  ᠪᠠᠲᠤ ᠡᠵᠡᠮᠳᠡᠵᠦ᠂ ᠶᠡᠬᠡ ᠲᠠᠯ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠴᠢᠩᠭ᠎ᠠ ᠪᠠᠢ᠌ᠬᠤ ᠦᠨᠳᠦᠰᠦᠨ ᠭᠦᠭ ᠠᠶᠠᠰ᠎ᠢ ᠪᠠᠷᠢᠮᠲᠠᠯᠠᠵᠤ᠂ ᠵᠣᠷᠢᠭᠲᠠᠢ᠎ᠪᠠᠷ ᠬᠠᠲᠠᠭᠤ᠎ᠲᠠᠢ᠎ᠨᠢ ᠬᠠᠯᠳᠠᠵᠤ᠂ ᠦᠷᠭᠦᠯᠵᠢᠯᠡᠨ ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠨᠠᠮ᠎ᠤᠨ ᠲᠥᠪ ᠬᠣᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠡᠷᠡᠭᠵᠢᠭᠦᠯᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠰᠠᠢ᠌ᠳ ᠯᠢ ᠴᠢᠶᠠᠩ᠂ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ ᠴᠤ᠌ ᠬᠢᠨᠠᠨ ᠪᠠᠢ᠌ᠴᠠᠭ᠋ᠠᠬᠤ ᠠᠵᠢᠯ᠎ᠳᠤ ᠣᠯᠠᠨ ᠤᠳᠠᠭ᠎ᠠ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ ᠤᠯᠤᠰ ᠲᠥᠷᠥ ᠵᠢᠨ ᠵᠣᠭᠰᠣᠴᠠ᠎ᠪᠠᠨ ᠤᠯᠠᠮ ᠳᠡᠭᠡᠭᠰᠢᠯᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠭᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠰᠠᠪᠠ ᠭᠠᠵᠠᠷ᠎ᠤᠨ ᠬᠢᠨᠠᠨ ᠪᠠᠢ᠌ᠴᠠᠭ᠋ᠠᠯᠲᠠ ᠪᠣᠯᠣᠨ ᠮᠤᠵᠢ ᠵᠢᠨ ᠬᠡᠪᠴᠢᠶᠡᠨ᠎ᠤ ᠬᠢᠨᠠᠨ ᠪᠠᠢ᠌ᠴᠠᠭ᠋ᠠᠯᠲᠠ ᠵᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠠᠬᠢᠴᠠ᠎ᠲᠠᠢ ᠪᠤᠯᠬᠤ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠢᠯᠡᠳᠲᠡ ᠰᠠᠢ᠌ᠵᠢᠷᠠᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠬᠤ ᠵᠢ  ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠶᠣᠣ ᠽᠧᠩ ᠺᠧ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢ  ᠰᠠᠢ᠌ᠲᠤᠷ ᠬᠢᠬᠦ᠎ᠳᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ᠎ᠪᠠᠨ ᠪᠤᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢ  ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠭᠣᠣᠯᠳᠠᠯᠭ᠎ᠠ ᠵᠢᠨ  ᠳᠣᠲᠣᠷᠠᠬᠢ ᠭᠣᠣᠯᠳᠠᠯᠭ᠎ᠠ ᠪᠤᠯᠭ᠋ᠠᠵᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠪᠠ ᠴᠢᠩᠭ᠎ᠠ ᠪᠠᠢ᠌ᠬᠤ ᠦᠨᠳᠦᠰᠦᠨ ᠭᠦᠭ ᠠᠶᠠᠰ᠎ᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ ᠬᠠᠤᠯᠢ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠠᠵᠤ ᠠᠬᠤᠢ ᠵᠢᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠢᠨᠠᠨ ᠪᠠᠢ᠌ᠴᠠᠭ᠋ᠠᠬᠤ᠎ᠳᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠲᠦᠷᠦ ᠵᠢᠨ ᠪᠣᠳᠣᠯᠭ᠎ᠠ ᠵᠢ ᠵᠣᠯᠭ᠋ᠠᠭᠤᠯᠬᠤ᠂ ᠣᠷᠣᠨ ᠪᠦᠰᠡ ᠵᠢ ᠵᠣᠬᠢᠴᠠᠭᠤᠯᠬᠤ᠂ ᠲᠣᠭᠲᠠᠴᠠ ᠵᠢᠨ ᠪᠠᠢ᠌ᠭᠤᠯᠤᠯᠲᠠ ᠵᠡᠷᠭᠡ ᠰᠠᠪᠠ ᠭᠠᠵᠠᠷ᠎ᠤᠨ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ᠂ ᠨᠡᠢ᠌ᠲᠡᠯᠢᠭ ᠴᠢᠨᠠᠷᠲᠠᠢ ᠠᠰᠠᠭᠤᠳᠠᠯ᠎ᠢ ᠠᠩᠬᠠᠷᠬᠤ᠎ᠪᠠᠷ ᠪᠠᠷᠠᠬᠤ ᠦᠭᠡᠢ ᠪᠠᠰᠠ ᠡᠯ᠎ᠡ ᠮᠤᠵᠢ (  ᠣᠷᠣᠨ ) ᠵᠢᠨ  ᠠᠵᠤ ᠠᠬᠤᠢ ᠨᠡᠢ᠌ᠭᠡᠮ᠎ᠤᠨ ᠬᠥᠭᠵᠢᠯᠲᠡ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠳᠠᠪᠠᠭᠤᠯᠢᠭ᠂ ᠠᠮᠢ ᠠᠬᠤᠢ ᠵᠢᠨ ᠠᠮᠤᠷ ᠲᠦᠪᠰᠢᠨ᠎ᠤ ᠪᠠᠢ᠌ᠷᠢ ᠲᠣᠭᠲᠠᠭ᠋ᠠᠯᠲᠠ᠎ᠲᠠᠢ ᠤᠶᠠᠯᠳᠤᠭᠤᠯᠬᠤ ᠵᠢ  ᠴᠢᠬᠤᠯᠠᠴᠢᠯᠠᠵᠤ᠂ ᠡᠯ᠎ᠡ ᠮᠤᠵᠢ (  ᠣᠷᠣᠨ ) ᠵᠢᠨ  ᠲᠣᠪᠣᠢ᠌ᠮ᠎ᠠ ᠠᠰᠠᠭᠤᠳᠠᠯ᠎ᠢ ᠣᠨᠣᠪᠴᠢᠲᠠᠢ ᠡᠷᠢᠬᠦ ᠬᠡᠷᠡᠭᠲᠡᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ; ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠬᠠᠲᠤᠨ ᠭᠣᠣᠯ᠎ᠢ ᠬᠠᠮᠠᠭ᠋ᠠᠯᠠᠬᠤ ᠬᠠᠤᠯᠢ ᠵᠡᠷᠭᠡ ᠬᠠᠤᠯᠢ ᠲᠣᠭᠲᠠᠭ᠋ᠠᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ; 《ᠤᠰᠤ᠎ᠪᠠᠷ ᠳᠥᠷᠪᠡ ᠵᠢ ᠲᠣᠭᠲᠠᠭ᠋ᠠᠬᠤ》 ᠴᠢᠬᠤᠯᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠭᠰᠠᠨ᠂ ᠣᠨᠴᠠᠭ᠋ᠠᠢ᠌ᠯᠠᠨ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠴᠢᠩᠭ᠎ᠠ ᠬᠢᠵᠠᠭ᠋ᠠᠷᠯᠠᠯ ᠪᠤᠯᠭ᠋ᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ; ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠪᠠᠢ᠌ᠳᠠᠯ᠎ᠤᠨ ᠲᠠᠯ᠎ᠠ᠎ᠪᠠᠷ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ  ᠰᠠᠭ᠋ᠠᠷᠮᠠᠭᠵᠢᠭᠤᠯᠬᠤ ᠵᠢ  ᠢᠳᠡᠪᠬᠢᠲᠡᠢ ᠯᠠᠪᠳᠠᠭᠤᠨ ᠠᠬᠢᠭᠤᠯᠵᠤ᠂ 《ᠬᠣᠶᠠᠷ ᠥᠨᠳᠥᠷ ᠨᠢᠭᠡ ᠳᠣᠣᠷ᠎ᠠ》 ᠲᠦᠷᠦᠯ ᠵᠦᠢ᠍ᠯ᠎ᠢ ᠰᠣᠬᠣᠷ ᠪᠠᠯᠠᠢ ᠡᠬᠢᠯᠡᠭᠦᠯᠬᠦ ᠵᠢ  ᠡᠷᠡᠰ ᠬᠣᠷᠢᠭᠯᠠᠭᠰᠠᠨ ᠪᠠᠢ᠌ᠳᠠᠯ; ᠠᠭᠤᠯᠠ ᠤᠰᠤ ᠤᠢ ᠮᠣᠳᠣ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠵᠤ᠂ ᠬᠠᠤᠯᠢ ᠲᠣᠭᠲᠠᠭ᠋ᠠᠯ᠎ᠠᠴᠠ  ᠵᠥᠷᠢᠴᠡᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠡᠵᠡᠯᠡᠭᠰᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠣᠷᠢᠭ᠎ᠠ ᠱᠤᠭᠤᠮ᠎ᠢ ᠰᠢᠪᠲᠤᠯᠤᠨ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠤᠭᠰᠠᠨ᠂ ᠭᠣᠣᠯ᠎ᠤᠨ ᠬᠡᠪᠡᠯᠢ ᠵᠢ  ᠡᠵᠡᠯᠡᠭᠰᠡᠨ᠂ ᠠᠮᠢ ᠠᠬᠤᠢ ᠵᠢ ᠡᠪᠳᠡᠭᠰᠡᠨ᠂ ᠬᠡᠭᠡᠷ᠎ᠡ ᠵᠢᠨ ᠠᠮᠢᠳᠠᠨ᠎ᠢ ᠬᠠᠮᠠᠭ᠋ᠠᠯᠠᠭᠰᠠᠨ ᠪᠠᠢ᠌ᠳᠠᠯ; ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠠᠬᠢᠴᠠ ᠵᠢᠨ ᠪᠠᠢ᠌ᠳᠠᠯ; ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ᠂ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠭᠰᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠯᠠᠩᠭᠤᠶ᠎ᠠ ᠪᠠᠷᠢᠯᠭ᠎ᠠ ᠵᠢᠨ ᠬᠣᠭ ᠨᠣᠪᠰᠢ ᠵᠢ ᠰᠢᠢ᠍ᠳᠪᠦᠷᠢᠯᠡᠵᠦ ᠲᠣᠬᠢᠷᠠᠭᠤᠯᠤᠭᠰᠠᠨ ᠪᠠᠢ᠌ᠳᠠᠯ; ᠬᠦᠨᠳᠦ ᠲᠡᠮᠦᠷᠯᠢᠭ᠎ᠤᠨ ᠪᠣᠬᠢᠷᠳᠤᠯ᠎ᠢ ᠵᠠᠰᠠᠬᠤ ᠪᠠ ᠠᠶᠤᠯ ᠲᠦᠭᠰᠢᠭᠦᠷᠢ ᠵᠢ ᠰᠡᠷᠭᠡᠢ᠌ᠯᠡᠬᠦ᠎ᠳᠤ ᠬᠣᠯᠪᠣᠭᠳᠠᠭᠰᠠᠨ ᠪᠠᠢ᠌ᠳᠠᠯ; ᠬᠢᠨᠠᠨ ᠪᠠᠢ᠌ᠴᠠᠭ᠋ᠠᠬᠤ ᠪᠠ ᠠᠮᠢ ᠠᠬᠤᠢ ᠣᠷᠴᠢᠨ ᠲᠣᠭᠣᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ; ᠠᠷᠠᠳ ᠤᠯᠠᠨ᠎ᠤ ᠲᠤᠰᠬᠠᠯ ᠲᠣᠪᠣᠢ᠌ᠮ᠎ᠠ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ; ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ》᠂ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ  ᠨᠠᠢ᠌ᠳᠠᠪᠤᠷᠢᠵᠢᠭᠤᠯᠤᠭᠰᠠᠨ ᠪᠠᠢ᠌ᠳᠠᠯ ᠵᠡᠷᠭᠡ ᠵᠢ  ᠭᠣᠣᠯᠳᠠᠯᠭ᠎ᠠ᠎ᠲᠠᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ᠃

ᠰᠦᠨ ᠱᠤᠤ ᠴᠧᠩ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢ᠍ᠯᠡᠳᠦᠯᠭᠡ ᠮᠥᠨ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ  ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠠᠬᠢᠭᠤᠯᠤᠨ ᠨᠠᠢ᠌ᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ ᠭᠡᠵᠦ ᠢᠯᠡᠳᠬᠡᠪᠡ᠃ ᠰᠦᠨ ᠱᠤᠤ ᠴᠧᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ  ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠬᠢᠨᠠᠨ ᠪᠠᠢ᠌ᠴᠠᠭ᠋ᠠᠬᠤ᠎ᠳᠤ ᠬᠠᠮᠵᠢᠯᠴᠠᠬᠤ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ᠃ ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠪᠠᠢ᠌ᠳᠠᠯ ᠵᠶ᠋ᠡᠨ ᠲᠠᠨᠢᠯᠴᠠᠭᠤᠯᠬᠤ᠂ ᠮᠠᠲ᠋ᠧᠷᠢᠶᠠᠯ ᠬᠠᠩᠭ᠋ᠠᠬᠤ᠂ ᠲᠤᠰᠬᠠᠢ ᠶᠠᠷᠢᠯᠴᠠᠬᠤ᠂ ᠰᠤᠷᠪᠤᠯᠵᠢᠯᠠᠨ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠬᠤ᠂ ᠮᠡᠳᠡᠭᠡ ᠵᠠᠩᠭᠢ ᠵᠢ ᠢᠯᠡ ᠪᠤᠯᠭ᠋ᠠᠬᠤ᠂ ᠵᠣᠬᠢᠴᠠᠭᠤᠯᠤᠨ ᠪᠠᠲᠤᠯᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠡᠷᠡᠰ ᠰᠠᠢ᠌ᠲᠤᠷ ᠬᠢᠵᠦ᠂ ᠬᠢᠨᠠᠨ ᠪᠠᠢ᠌ᠴᠠᠭ᠋ᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠬᠢᠨᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠤᠯᠭ᠋ᠠᠵᠤ᠂ ᠭᠣᠣᠯᠳᠠᠯᠭ᠎ᠠ ᠵᠢ ᠴᠢᠩᠭ᠎ᠠ ᠠᠩᠬᠠᠷᠴᠤ᠂ ᠦᠨᠡᠨ ᠬᠦ᠌ ᠠᠳᠬᠤᠨ ᠪᠣᠳᠠᠲᠠᠢ ᠰᠠᠢ᠌ᠵᠢᠷᠠᠭᠤᠯᠵᠤ᠂ ᠤᠨᠢᠨ ᠳᠡᠭᠡᠷ᠎ᠡ᠎ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠨᠢᠭᠡ᠎ᠠᠴᠠ ᠨᠥᠭᠦᠭᠡ ᠵᠢ ᠵᠦᠢ᠍ᠴᠢᠯᠡᠨ ᠮᠡᠳᠡᠵᠦ᠂ ᠳᠦᠷᠢᠮ ᠲᠣᠭᠲᠠᠭ᠋ᠠᠯ ᠲᠣᠭᠲᠠᠭ᠋ᠠᠵᠤ᠂ ᠡᠯ᠎ᠡ ᠵᠦᠢ᠍ᠯ᠎ᠤᠨ ᠠᠰᠠᠭᠤᠳᠠᠯ᠎ᠢ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠪᠣᠳᠠᠲᠠᠢ ᠲᠦᠷᠭᠡᠨ ᠠᠬᠢᠭᠤᠯᠬᠤ ᠬᠡᠷᠡᠭᠲᠡᠢ᠃ ᠲᠣᠰ ᠤᠳᠠᠭ᠎ᠠ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠪᠠᠷ ᠠᠵᠠ ᠲᠣᠭᠢᠶᠠᠯ ᠪᠤᠯᠭ᠋ᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠨᠠᠩ ᠶᠡᠬᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ ᠳᠡᠭᠡᠷ᠎ᠡ᠂ ᠵᠠᠢ ᠴᠢᠩ ᠬᠢᠨᠠᠨ ᠪᠠᠢ᠌ᠴᠠᠭ᠋ᠠᠬᠤ᠎ᠳᠤ ᠬᠠᠮᠵᠢᠯᠴᠠᠬᠤ᠂ ᠬᠢᠨᠠᠨ ᠪᠠᠢ᠌ᠴᠠᠭ᠋ᠠᠬᠤ ᠵᠢᠨ ᠳᠠᠭ᠋ᠠᠤ ᠴᠡᠭᠴᠡᠯᠡᠨ ᠰᠠᠢ᠌ᠵᠢᠷᠠᠭᠤᠯᠬᠤ᠂ ᠮᠡᠳᠡᠭᠡ ᠵᠠᠩᠭᠢ ᠵᠢ ᠢᠯᠡ ᠪᠤᠯᠭ᠋ᠠᠬᠤ᠂ ᠣᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ ᠬᠠᠤᠯᠢ ᠶᠣᠰᠣᠭ᠋ᠠᠷ ᠬᠢᠨᠠᠨ ᠪᠠᠢ᠌ᠴᠠᠭ᠋ᠠᠬᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠵᠡᠷᠭᠡ ᠠᠵᠢᠯ᠎ᠳᠤ ᠱᠠᠭ᠋ᠠᠷᠳᠠᠯᠭ᠎ᠠ ᠳᠤᠷᠠᠳᠤᠭᠰᠠᠨ ᠪᠥᠭᠡᠳ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠭᠦ ᠪᠦᠷᠢᠯᠳᠦᠭᠦᠨ᠎ᠤ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠬᠦ᠂ ᠬᠢᠨᠠᠨ ᠪᠠᠢ᠌ᠴᠠᠭ᠋ᠠᠭᠳᠠᠬᠤ ᠣᠷᠣᠨ ᠨᠤᠲᠤᠭ ᠪᠣᠯᠣᠨ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠲᠤᠬᠠᠢ ᠣᠪᠣᠷ ᠵᠶ᠋ᠠᠨ ᠢᠯᠡᠳᠬᠡᠪᠡ᠃ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠭᠦ ᠪᠦᠷᠢᠯᠳᠦᠭᠦᠨ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠬᠥᠮᠥᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠵᠠᠢ᠃ ᠡᠯ᠎ᠡ ᠠᠢ᠌ᠮᠠᠭ ᠬᠤᠳᠠ ᠵᠢᠨ ᠨᠠᠮ ᠵᠠᠰᠠᠭ᠎ᠤᠨ ᠤᠳᠤᠷᠢᠳᠬᠤ ᠨᠥᠬᠥᠳ ᠸᠢᠳᠢᠤ᠋ ᠬᠤᠷᠠᠯ ᠵᠶ᠋ᠠᠷ ᠳᠠᠮᠵᠢᠨ ᠬᠤᠷᠠᠯ᠎ᠳᠤ ᠰᠤᠯᠠ ᠣᠷᠣᠯᠴᠠᠵᠠᠢ᠃

ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠢᠨᠠᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠴᠠᠭ᠎ᠨᠢ 1 ᠰᠠᠷ᠎ᠠ ᠪᠣᠯᠣᠨ᠎ᠠ᠃ ᠣᠷᠣᠵᠤ ᠰᠠᠭᠤᠬᠤ ᠬᠤᠭᠤᠴᠠᠭ᠋ᠠᠨ᠎ᠳᠤ (2025 ᠣᠨ᠎ᠤ 5 ᠰᠠᠷ᠎ᠠ ᠵᠢᠨ 28 - 6 ᠰᠠᠷ᠎ᠠ ᠵᠢᠨ 28᠎ᠤ ᠡᠳᠦᠷ) ᠲᠤᠰᠬᠠᠢ ᠲᠣᠬᠢᠷᠠᠭᠤᠯᠤᠭᠰᠠᠨ ᠵᠢᠵᠢᠭᠦᠷᠯᠡᠬᠦ ᠤᠲᠠᠰᠤ᠄ 0471 - 4819165᠂ ᠲᠤᠰᠬᠠᠢ ᠰᠢᠤᠳᠠᠨ᠎ᠤ ᠬᠠᠢ᠌ᠷᠴᠠᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠭᠡᠬᠣᠲᠠ ᠵᠢᠨ A980 ᠨᠣᠮᠧᠷᠲᠤ ᠰᠢᠤᠳᠠᠨ᠎ᠤ ᠬᠠᠢ᠌ᠷᠴᠠᠭ᠃ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠢᠯᠡᠴᠢᠯᠡᠨ ᠮᠡᠳᠡᠭᠦᠯᠬᠦ ᠤᠲᠠᠰᠤ ᠵᠢ ᠭᠥᠯᠢᠶᠡᠨ ᠠᠪᠬᠤ ᠴᠠᠭ᠎ᠨᠢ ᠡᠳᠦᠷ ᠪᠦᠷᠢ ᠵᠢᠨ 8᠄ 00 - 20᠄ 00 ᠪᠣᠯᠣᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠱᠠᠭ᠋ᠠᠷᠳᠠᠯᠭ᠎ᠠ ᠪᠠ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠳᠤᠭᠤᠢ᠌ᠯᠠᠩ ᠭᠣᠣᠯᠳᠠᠭᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ᠎ᠬᠢ ᠵᠠᠬᠢᠳᠠᠯ ᠪᠠ ᠵᠠᠬᠢᠳᠠᠯ ᠰᠤᠷᠪᠤᠯᠵᠢᠯᠠᠯ ᠵᠶ᠋ᠡᠷ ᠲᠠᠮᠵᠢᠨ ᠲᠤᠰᠬᠠᠭᠰᠠᠨ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠵᠦ᠂ ᠪᠤᠰᠤᠳ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠵᠠᠬᠢᠳᠠᠯ ᠰᠤᠷᠪᠤᠯᠵᠢᠯᠠᠯ ᠵᠶ᠋ᠡᠷ ᠲᠡᠮᠵᠢᠨ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠢᠨᠠᠨ ᠪᠠᠢ᠌ᠴᠠᠭ᠋ᠠᠭᠳᠠᠬᠤ ᠭᠠᠵᠠᠷ ᠣᠷᠣᠨ᠎ᠳᠤ ᠲᠤᠰᠢᠶᠠᠨ ᠥᠭᠴᠦ ᠰᠢᠢ᠍ᠳᠪᠦᠷᠢᠯᠡᠭᠦᠯᠦᠨ᠎ᠡ᠃

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ