5 ᠰᠠᠷ᠎ᠠ ᠵᠢᠨ 29᠎ᠤ ᠡᠳᠦᠷ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ᠎ᠠᠴᠠ ᠵᠢᠯᠤᠭᠣᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠭᠰᠡᠨ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠣᠷᠣᠬᠤᠢ · ᠥᠪᠥᠷ ᠮᠣᠩᠭᠣᠯ᠎ᠳᠠᠬᠢ ᠠᠶᠠᠯᠠᠯ》᠎ᠤᠨ ᠠᠵᠢᠯᠯᠠᠭ᠎ᠠ ᠪᠠᠶᠠᠨᠨᠠᠭᠤᠷ᠎ᠲᠤ ᠶᠠᠪᠤᠭᠳᠠᠪᠠ᠃
ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠭᠢᠯᠡᠭᠴᠢ ᠫᠠᠨ ᠶᠤᠸᠠᠢ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠪᠠᠢ᠌ᠩᠭᠤ ᠵᠢᠨ ᠳᠡᠳ᠋ ᠲᠡᠷᠢᠭᠦᠯᠡᠭᠴᠢ ᠱᠧᠨ ᠶᠢᠩ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠪᠠᠶᠠᠷ᠎ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠪᠠᠢ᠌ᠳᠠᠯ᠎ᠢ ᠲᠠᠨᠢᠯᠴᠠᠭᠤᠯᠪᠠ᠃ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠳᠡᠳ᠋ ᠲᠡᠷᠢᠭᠦᠯᠡᠭᠴᠢ ᠹᠠᠩ ᠭᠤᠸᠠᠩ ᠬᠤᠸᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃
ᠫᠠᠨ ᠶᠤᠸᠠᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠬᠢᠯᠢ ᠬᠢᠵᠠᠭ᠋ᠠᠷ ᠣᠷᠣᠨ᠎ᠤ ᠵᠠᠰᠠᠯᠲᠠ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠪᠡ᠃ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ ᠪᠣᠯᠣᠨ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠣᠷᠣᠬᠤᠢ》 ᠠᠵᠢᠯᠯᠠᠭ᠎ᠠ ᠵᠢ ᠪᠦᠲᠦᠭᠡᠯᠴᠢ ᠴᠢᠨᠠᠷᠲᠠᠢ ᠥᠷᠨᠢᠭᠦᠯᠵᠦ᠂ ᠬᠢᠯᠢ ᠬᠢᠵᠠᠭ᠋ᠠᠷ ᠣᠷᠣᠨ᠎ᠤ ᠮᠤᠵᠢ ᠣᠷᠣᠨ ᠪᠣᠯᠣᠨ ᠵᠡᠭᠦᠨ ᠳᠤᠮᠳᠠ ᠣᠷᠣᠨ᠎ᠤ ᠮᠤᠵᠢ ᠵᠢᠨ ᠬᠣᠭᠣᠷᠣᠨᠳᠤ ᠬᠠᠮᠲᠤᠷᠠᠯᠴᠠᠭ᠎ᠠ ᠥᠷᠨᠢᠭᠦᠯᠬᠦ ᠰᠢᠨ᠎ᠡ ᠣᠷᠣᠨ ᠵᠠᠢ ᠵᠢ ᠨᠡᠭᠡᠭᠡᠵᠦ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠰᠢᠨ᠎ᠡ ᠠᠷᠭ᠎ᠠ ᠵᠠᠮ᠎ᠢ ᠪᠠᠶᠠᠯᠢᠭᠵᠢᠭᠤᠯᠵᠤ᠂ ᠬᠢᠯᠢ ᠬᠢᠵᠠᠭ᠋ᠠᠷ᠎ᠤᠨ ᠭᠠᠵᠠᠷ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠰᠢᠨ᠎ᠡ ᠠᠴᠢᠶᠠᠯᠠᠪᠤᠷᠢ ᠵᠢ ᠪᠤᠢ ᠪᠣᠯᠭ᠋ᠠᠪᠠ᠃ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠰᠠᠭᠤᠷᠢᠯᠠᠵᠤ᠂ 《ᠣᠷᠣᠬᠤ》 ᠴᠢᠭᠯᠡᠯ᠎ᠢ ᠪᠠᠲᠤ ᠡᠵᠡᠮᠳᠡᠵᠦ᠂ 《ᠣᠷᠣᠬᠤ》 ᠵᠢᠨ ᠪᠣᠳᠠᠲᠤ ᠦᠷ᠎ᠡ ᠪᠦᠲᠦᠮᠵᠢ ᠵᠢ ᠨᠡᠮᠡᠭᠳᠡᠭᠦᠯᠵᠦ᠂ 《ᠣᠷᠣᠬᠤ》 ᠵᠢᠨ ᠠᠭᠤᠯᠬᠤᠨ᠎ᠢ ᠪᠠᠶᠠᠯᠢᠭᠵᠢᠭᠤᠯᠵᠤ᠂ 《ᠣᠷᠣᠬᠤ》 ᠵᠢᠨ ᠣᠣᠷ ᠲᠤᠨᠳᠠᠰᠤ ᠵᠢ ᠵᠤᠵᠠᠭ᠋ᠠᠳᠬᠠᠵᠤ᠂ 《ᠣᠷᠣᠬᠤ》 ᠵᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠢᠯᠢ ᠬᠢᠵᠠᠭ᠋ᠠᠷ ᠣᠷᠣᠨ᠎ᠳᠤ ᠣᠷᠣᠬᠤ ᠡᠨᠡ ᠬᠦ᠌ ᠶᠡᠬᠡ ᠶᠠᠪᠤᠳᠠᠯ᠎ᠢ ᠭᠦᠨᠵᠡᠭᠡᠢ ᠪᠣᠳᠠᠲᠠᠢ ᠥᠷᠨᠢᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠢᠯᠢ ᠬᠢᠵᠠᠭ᠋ᠠᠷ ᠣᠷᠣᠨ᠎ᠳᠤ ᠣᠷᠣᠬᠤ ᠪᠦᠭᠦ ᠶᠠᠪᠤᠴᠠ᠎ᠳᠤ ᠲᠤᠭᠤᠰᠢᠯᠠᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠪᠡᠯᠡ ᠮᠥᠩᠭᠥ᠎ᠪᠠᠨ ᠠᠪᠴᠤ᠂ ᠮᠡᠷᠭᠡᠵᠢᠯ ᠵᠶ᠋ᠡᠨ ᠠᠪᠴᠤ᠂ ᠲᠦᠷᠦᠯ ᠵᠦᠢ᠍ᠯ ᠵᠶ᠋ᠡᠨ ᠠᠪᠴᠤ ᠬᠢᠯᠢ ᠬᠢᠵᠠᠭ᠋ᠠᠷ ᠣᠷᠣᠨ᠎ᠳᠤ ᠣᠷᠣᠬᠤ ᠵᠢᠨ ᠬᠠᠮᠲᠤ ᠬᠥᠮᠥᠰ᠎ᠤᠨ ᠬᠣᠣᠰ ᠴᠢᠭᠯᠡᠯ ᠵᠶ᠋ᠡᠷ ᠶᠡᠬᠡ᠎ᠪᠠᠷ ᠰᠢᠯᠵᠢᠭᠦ᠂ ᠦᠨᠳᠦᠰᠦᠲᠡᠨ᠎ᠨᠦᠭᠦᠳ᠎ᠤᠨ ᠶᠡᠬᠡ ᠠᠭᠤᠰᠤᠯᠴᠠᠯ᠎ᠢ ᠳᠠᠢ᠌ᠴᠢᠯᠠᠬᠤ ᠵᠢ ᠠᠬᠢᠭᠤᠯᠬᠤ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠢᠯᠢ ᠬᠢᠵᠠᠭ᠋ᠠᠷ ᠣᠷᠣᠨ ᠪᠣᠯᠣᠨ ᠡᠷᠭᠢᠨ ᠲᠣᠭᠣᠷᠢᠨ᠎ᠤ ᠤᠯᠠᠨ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠳᠤ ᠢᠳᠡᠪᠬᠢᠲᠡᠢ ᠣᠷᠤᠯᠴᠠᠬᠤ ᠵᠢ ᠠᠬᠢᠭᠤᠯᠵᠤ᠂ ᠳᠤᠮᠳᠠᠳᠤ ᠵᠢᠨ ᠪᠣᠯᠪᠠᠰᠤᠨ ᠪᠣᠯᠣᠨ ᠳᠤᠮᠳᠠᠳᠤ ᠤᠯᠤᠰ᠎ᠤᠨ ᠳᠦᠷᠢ ᠲᠥᠷᠬᠦ ᠵᠢ ᠨᠡᠩ ᠰᠠᠢ᠌ᠲᠤᠷ ᠢᠯᠡᠷᠡᠭᠦᠯᠬᠦ ᠬᠡᠷᠡᠭᠲᠡᠢ ᠭᠡᠵᠡᠢ᠃
ᠱᠧᠨ ᠶᠢᠩ᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠣᠷᠣᠬᠤᠢ》 ᠠᠵᠢᠯᠯᠠᠭ᠎ᠠ᠎ᠨᠢ ᠬᠢᠯᠢ ᠬᠢᠵᠠᠭ᠋ᠠᠷ ᠣᠷᠣᠨ᠎ᠤ ᠠᠵᠤ ᠠᠬᠤᠢ ᠵᠢᠨ ᠬᠥᠭᠵᠢᠯᠲᠡ ᠵᠢ ᠬᠦᠴᠦᠲᠡᠢ ᠠᠬᠢᠭᠤᠯᠤᠨ᠂ ᠠᠵᠢᠯ ᠣᠯᠭᠣᠯᠲᠠ ᠵᠢ ᠨᠡᠮᠡᠭᠳᠡᠭᠦᠯᠦᠨ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠭᠰᠠᠨ ᠪᠥᠭᠡᠳ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠣᠨ ᠵᠠᠢ ᠵᠢ ᠥᠷᠭᠡᠳᠬᠡᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠬᠢᠯᠢ ᠬᠢᠵᠠᠭ᠋ᠠᠷ ᠣᠷᠣᠨ᠎ᠤ ᠬᠠᠮᠲᠤ᠎ᠪᠠᠷ ᠠᠰᠢᠭ ᠭᠦᠷᠳᠡᠭᠦ ᠬᠥᠭᠵᠢᠯᠲᠡ᠂ ᠥᠭᠡᠳᠡ ᠥᠭᠡᠳᠡ᠎ᠠᠴᠠ᠎ᠪᠠᠨ ᠲᠡᠮᠡᠦᠯᠬᠦ ᠵᠢ ᠪᠡᠶᠡᠯᠡᠭᠦᠯᠵᠡᠢ᠃ ᠶᠡᠷᠦᠩᠬᠡᠢ ᠱᠦᠵᠢ ᠰᠢ ᠵᠢᠨ ᠫᠢᠩ᠎ᠤᠨ ᠬᠢᠯᠢ ᠬᠢᠵᠠᠭ᠋ᠠᠷ ᠣᠷᠣᠨ᠎ᠤ ᠵᠠᠰᠠᠯᠲᠠ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠵᠢᠯᠯᠠᠭ᠋ᠠᠨ᠎ᠤ ᠴᠢᠭᠯᠡᠯ ᠵᠶ᠋ᠡᠨ ᠪᠠᠲᠤᠳᠬᠠᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ ᠣᠷᠣᠨ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ ᠣᠷᠣᠨ᠎ᠢ ᠪᠡᠬᠢᠵᠢᠭᠦᠯᠬᠦ ᠴᠠᠭ ᠦᠶ᠎ᠡ ᠵᠢᠨ ᠡᠭᠦᠷᠭᠡ ᠵᠢ ᠵᠣᠷᠢᠭᠲᠠᠢ ᠡᠭᠦᠷᠭᠡᠯᠡᠵᠦ᠂ ᠠᠵᠤ ᠠᠬᠤᠢ᠌ᠯᠠᠯ᠎ᠤᠨ ᠬᠥᠭᠵᠢᠯᠲᠡ ᠵᠢ ᠤᠯᠤᠰ᠎ᠤᠨ ᠬᠥᠭᠵᠢᠯ ᠴᠡᠴᠡᠭᠯᠡᠯ᠂ ᠦᠨᠳᠦᠰᠦᠲᠡᠨ᠎ᠤ ᠬᠥᠭᠵᠢᠯ ᠮᠠᠨᠳᠤᠯ᠂ ᠠᠷᠠᠳ ᠲᠦᠮᠡᠨ᠎ᠤ ᠵᠣᠯ ᠵᠢᠷᠭ᠋ᠠᠯ᠎ᠲᠠᠢ ᠨᠢᠭᠲᠠ ᠤᠶᠠᠯᠳᠤᠭᠤᠯᠵᠤ᠂ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠬᠥᠳᠡᠯᠭᠡᠬᠦ ᠬᠦᠴᠦᠨ᠂ ᠠᠮᠢᠵᠢᠷᠠᠯ᠎ᠤᠨ ᠬᠦᠴᠦᠨ ᠨᠡᠮᠡᠷᠢᠯᠡᠭᠡᠷᠡᠢ; ᠠᠵᠢᠯᠯᠠᠭ᠎ᠠ ᠵᠢᠨ ᠭᠣᠣᠯᠳᠠᠯᠭ᠎ᠠ ᠵᠢ ᠲᠤᠪᠤᠢ᠍ᠢ᠍ᠯᠭ᠋ᠠᠵᠦ᠂ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠵᠦ᠂ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠥᠪᠥᠷ ᠮᠣᠩᠭᠣᠯ᠎ᠤᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠠᠭᠤᠰᠤᠯᠴᠠᠬᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠲᠤ ᠠᠭᠤᠰᠤᠯᠴᠠᠬᠤ᠎ᠳᠤ ᠬᠦᠴᠦᠨ ᠴᠢᠳᠠᠯ ᠵᠶ᠋ᠠᠨ ᠡᠷᠭᠦᠭᠡᠷᠡᠢ; ᠠᠵᠢᠯᠯᠠᠭ᠎ᠠ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠂ ᠴᠢᠨᠠᠷ ᠰᠠᠢ᠌ᠲᠠᠢ ᠪᠡᠯᠡ ᠣᠷᠣᠭᠤᠯᠤᠯᠲᠠ ᠵᠢᠨ ᠲᠥᠷᠥᠯ ᠵᠦᠢ᠍ᠯ ᠵᠶ᠋ᠡᠷ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠵᠦ᠂ ᠬᠢᠯᠢ ᠬᠢᠵᠠᠭ᠋ᠠᠷ᠎ᠤᠨ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ ᠪᠠ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠵᠢᠨ ᠬᠠᠷᠢᠴᠠᠭ᠎ᠠ ᠵᠢ ᠰᠠᠢ᠌ᠲᠤᠷ ᠡᠵᠡᠮᠳᠡᠵᠦ᠂ ᠠᠵᠤ ᠠᠬᠤᠢ ᠵᠢᠨ ᠦᠷ᠎ᠡ ᠠᠰᠢᠭ ᠬᠢᠭᠡᠳ ᠨᠡᠢ᠌ᠭᠡᠮ᠎ᠤᠨ ᠦᠷ᠎ᠡ ᠠᠰᠢᠭ᠎ᠢ ᠬᠠᠮᠲᠤᠳᠤᠨᠢ ᠬᠠᠷᠠᠭ᠋ᠠᠯᠵᠠᠵᠤ᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠣᠷᠣᠬᠤᠢ》 ᠠᠵᠢᠯᠯᠠᠭ᠎ᠠ ᠵᠢᠨ ᠶᠡᠷᠦᠩᠬᠡᠢ᠌ᠯᠡᠭᠰᠡᠨ ᠶᠠᠰᠤ ᠴᠢᠨᠠᠷ ᠦᠷ᠎ᠡ ᠠᠰᠢᠭ᠎ᠢ ᠴᠢᠷᠮᠠᠢ᠌ᠨ ᠳᠡᠭᠡᠭᠰᠢᠯᠡᠭᠦᠯᠦᠭᠡᠷᠡᠢ ᠭᠡᠵᠦ ᠥᠷᠭᠡᠨ ᠣᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ᠎ᠬᠢᠨ᠎ᠳᠤ ᠬᠦᠰᠡᠵᠦ ᠪᠠᠢ᠌ᠨ᠎ᠠ ᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠤᠨ ᠨᠠᠢ᠌ᠳᠠᠯᠭ᠎ᠠ᠎ᠪᠠᠷ᠂ ᠸᠠᠩ ᠯᠢ ᠰᠢᠶᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠵᠣᠴᠢᠳ᠎ᠢ ᠬᠠᠯᠠᠭᠤᠨ ᠵᠶ᠋ᠠᠷ ᠤᠭᠲᠤᠵᠤ ᠪᠠᠢ᠌ᠬᠤ᠎ᠪᠠᠨ ᠢᠯᠡᠳᠬᠡᠵᠦ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠴᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠤ ᠥᠪᠥᠷ ᠮᠣᠩᠭᠣᠯ᠎ᠢ ᠬᠠᠯᠠᠮᠵᠢᠯᠠᠨ ᠳᠡᠮᠵᠢᠵᠤ ᠢᠷᠡᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠣᠷᠣᠬᠤᠢ · ᠥᠪᠥᠷ ᠮᠣᠩᠭᠣᠯ᠎ᠳᠠᠬᠢ ᠠᠶᠠᠯᠠᠯ》᠎ᠤᠨ ᠠᠵᠢᠯᠯᠠᠭ᠎ᠠ᠎ᠨᠢ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠳᠣᠲᠣᠨᠣ᠎ᠪᠠᠷ ᠬᠠᠯᠠᠮᠵᠢᠯᠠᠵᠤ ᠪᠠᠢ᠌ᠬᠤ ᠵᠢ ᠭᠦᠢ᠍ᠴᠡᠳ ᠢᠯᠡᠷᠡᠭᠦᠯᠵᠦ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠤᠯᠤᠰ ᠲᠥᠷᠥ ᠵᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠪᠦᠭᠦ ᠣᠷᠣᠨ ᠳᠠᠶᠠᠭ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ 《ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠪᠡ᠃ ᠣᠳᠣᠬᠠᠨ᠎ᠳᠤ ᠥᠪᠥᠷ ᠮᠣᠩᠭᠣᠯ᠎ᠤᠨ ᠬᠥᠭᠵᠢᠯᠲᠡ ᠵᠢᠨ ᠪᠠᠢ᠌ᠳᠠᠯ ᠶᠠᠭ ᠡᠷᠴᠢᠮᠲᠡᠢ ᠶᠠᠪᠤᠭᠳᠠᠵᠤ᠂ ᠬᠤᠳᠠᠯᠳᠤᠭ᠋ᠠᠨ᠎ᠤ ᠠᠵᠠ ᠲᠣᠭᠢᠶᠠᠯ ᠮᠠᠰᠢ ᠰᠠᠢ᠌ᠨ ᠪᠠᠢ᠌ᠨ᠎ᠠ᠃ ᠠᠵᠤ ᠠᠬᠤᠢ᠌ᠯᠠᠯᠲᠠᠳᠤᠨ ᠣᠲᠣ ᠦᠶ᠎ᠡ ᠵᠢᠨ ᠲᠣᠨᠣᠭᠯᠠᠯ ᠦᠢ᠍ᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠪᠦᠯᠦᠭᠵᠢᠯ᠎ᠤᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ ᠮᠠᠨ᠎ᠤ ᠣᠷᠣᠨ᠎ᠲᠠᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠭᠠᠷ ᠬᠣᠯᠪᠣᠨ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ᠎ᠢ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠬᠤ ᠵᠢ ᠴᠢᠩ ᠰᠡᠳᠬᠢᠯ᠎ᠠᠴᠠ᠎ᠪᠠᠨ ᠪᠠᠶᠠᠷᠯᠠᠨ ᠤᠭᠲᠤᠵᠤ ᠪᠠᠢ᠌ᠨ᠎ᠠ ᠭᠡᠪᠡ᠃
ᠠᠵᠢᠯᠯᠠᠭ᠎ᠠ ᠵᠢᠨ ᠶᠡᠬᠡ ᠬᠤᠷᠠᠯ ᠳᠡᠭᠡᠷ᠎ᠡ᠂ ᠴᠢ ᠠᠨ ᠰᠢᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠴᠢ ᠰᠢᠶᠠᠩ ᠳ᠋ᠦᠩ᠂ ᠮᠦ᠍ ᠶᠤᠸᠠᠨ ᠠᠵᠤ ᠦᠢ᠍ᠯᠡᠰ᠎ᠤᠨ ᠪᠦᠯᠦᠭᠯᠡᠯ ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠵᠠᠬᠢᠷᠤᠯ ᠴᠢᠨ ᠶᠢᠩ ᠯᠢᠨ᠂ ᠣᠷᠳᠣᠰ ᠪᠡᠯᠡ ᠣᠷᠣᠭᠤᠯᠤᠯᠲᠠ ᠵᠢᠨ ᠬᠤᠪᠢ ᠡᠵᠡᠮᠳᠡᠬᠦ ᠪᠦᠯᠦᠭᠯᠡᠯ᠎ᠤᠨ ᠶᠡᠷᠦᠩᠬᠡᠢ ᠵᠠᠬᠢᠷᠤᠯ ᠸᠠᠩ ᠵᠧᠨ᠂ ᠯᠢᠶᠠᠨ ᠪᠠᠩ ᠡᠮ ᠦᠢ᠍ᠯᠡᠳᠬᠦ (ᠥᠪᠥᠷ ᠮᠣᠩᠭᠣᠯ) ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠵᠠᠩ ᠸᠸᠨ ᠢᠦᠢ ᠨᠠᠷ ᠤᠷᠢᠳ ᠬᠣᠵᠢᠳ ᠦᠭᠡ ᠭᠡᠯᠡᠪᠡ; ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠢᠯᠢ ᠬᠢᠵᠠᠭ᠋ᠠᠷ ᠣᠷᠣᠨ᠎ᠤ ᠰᠤᠳᠤᠯᠭ᠋ᠠᠨ᠎ᠤ ᠭᠠᠵᠠᠷ᠎ᠤᠨ ᠳᠡᠳ᠋ ᠳᠠᠷᠤᠭ᠎ᠠ ᠹᠠᠨ ᠧᠨ ᠱ᠌ᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠵᠤ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ》 ᠭᠡᠬᠦ ᠭᠣᠣᠯ ᠰᠡᠳᠦᠪᠲᠦ ᠶᠠᠷᠢᠶ᠎ᠠ ᠢᠯᠡᠳᠬᠡᠯ ᠬᠢᠪᠡ᠃ ᠶᠡᠬᠡ ᠬᠤᠷᠠᠯ᠎ᠠᠴᠠ ᠪᠠᠰᠠ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠣᠷᠣᠬᠤᠢ· ᠥᠪᠥᠷ ᠮᠣᠩᠭᠣᠯ᠎ᠳᠠᠬᠢ ᠠᠶᠠᠯᠠᠯ》᠎ᠤᠨ ᠠᠷᠠᠯᠵᠢᠶᠠᠴᠢᠨ ᠤᠷᠢᠭᠰᠠᠨ ᠦᠷ᠎ᠡ ᠪᠦᠲᠦᠭᠡᠯ᠎ᠢ ᠨᠡᠢ᠌ᠲᠡᠯᠡᠵᠡᠢ᠃
ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠬᠡᠰᠡᠭ ᠮᠤᠵᠢ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠢ᠌ᠮᠠᠭ ᠬᠤᠲᠠ ᠵᠢᠨ ᠵᠠᠰᠠᠭ᠎ᠤᠨ ᠣᠷᠳᠣᠨ (ᠵᠠᠰᠠᠭ ᠵᠠᠬᠢᠷᠭ᠎ᠠ)᠎ᠤ ᠬᠠᠷᠢᠭᠤᠴᠠᠯᠭ᠋ᠠᠲᠠᠨ ᠨᠥᠬᠥᠳ ᠵᠢᠴᠢ ᠣᠷᠣᠨ᠎ᠤ ᠳᠣᠲᠣᠨ᠎ᠠ ᠭᠠᠳᠠᠨᠠᠬᠢ ᠬᠠᠮᠢᠶ᠎ᠠ ᠪᠦᠬᠦᠢ ᠬᠤᠳᠠᠯᠳᠤᠭ᠋ᠠᠴᠢᠳ᠎ᠤᠨ ᠡᠪᠯᠡᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠶᠡᠬᠡ ᠬᠤᠷᠠᠯ᠎ᠳᠤ ᠣᠷᠣᠯᠴᠠᠪᠠ᠃
ᠠᠵᠢᠯᠯᠠᠭ᠎ᠠ ᠵᠢᠨ ᠬᠤᠭᠤᠴᠠᠭ᠋ᠠᠨ᠎ᠳᠤ ᠪᠠᠰᠠ ᠤᠮᠠᠷᠠᠲᠤ ᠬᠢᠯᠢ ᠵᠢᠨ ᠰᠣᠶᠣᠯ ᠵᠢᠴᠢ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠪᠣᠯᠣᠨ ᠲᠣᠨᠣᠭᠯᠠᠯ ᠦᠢ᠍ᠯᠡᠳᠬᠦ᠂ ᠬᠢᠯᠢ ᠬᠢᠵᠠᠭ᠋ᠠᠷ᠎ᠤᠨ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠦᠭᠦ ᠤᠯᠤᠰ᠎ᠲᠤ ᠪᠣᠷᠣᠯᠠᠭᠤᠯᠬᠤ ᠵᠡᠷᠭᠡ 3 ᠲᠠᠯᠠᠪᠤᠷ ᠲᠠᠨᠢᠯᠴᠠᠭᠤᠯᠭ᠎ᠠ ᠵᠢᠨ ᠠᠵᠢᠯᠯᠠᠭ᠎ᠠ ᠵᠢᠴᠢ ᠰᠢᠨᠵᠢᠯᠡᠨ ᠪᠠᠢ᠌ᠴᠠᠭ᠋ᠠᠬᠤ ᠰᠢᠷᠢᠰ ᠠᠵᠢᠯᠯᠠᠭ᠎ᠠ ᠥᠷᠨᠢᠭᠦᠯᠬᠦ ᠪᠣᠯᠣᠨ᠎ᠠ᠃