ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠦᠭᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠥᠯᠥᠭᠡ᠂ 6 ᠰᠠᠷ᠎ᠠ ᠵᠢᠨ 13᠎ᠠᠴᠠ 14᠎ᠤ ᠡᠳᠦᠷ ᠪᠤᠯᠲᠠᠯ᠎ᠠ᠂ ᠪᠡᠭᠡᠵᠢᠩ ᠬᠤᠳᠠ ᠵᠢᠨ ᠨᠠᠮ ᠵᠠᠰᠠᠭ᠎ᠤᠨ ᠲᠥᠯᠥᠭᠡᠯᠡᠭᠴᠢᠳ᠎ᠤᠨ ᠪᠦᠯᠭᠦᠮ ᠮᠠᠨ᠎ᠤ ᠣᠷᠣᠨ᠎ᠳᠤ ᠰᠢᠨᠵᠢᠯᠡᠨ ᠪᠠᠢ᠌ᠴᠠᠭ᠋ᠠᠵᠤ᠂ ᠪᠡᠭᠡᠵᠢᠩ ᠥᠪᠥᠷ ᠮᠣᠩᠭᠣᠯ᠎ᠤᠨ ᠪᠦᠭᠦ ᠲᠠᠯ᠎ᠠ ᠵᠢᠨ ᠬᠠᠮᠲᠤᠷᠠᠯᠴᠠᠭ᠎ᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠤᠯᠠᠮ ᠨᠢᠭᠡ ᠠᠯᠬᠤᠮ ᠠᠬᠢᠭᠤᠯᠪᠠ᠃ ᠲᠥᠪ᠎ᠤᠨ ᠤᠯᠤᠰ ᠲᠥᠷᠥ ᠵᠢᠨ ᠲᠣᠪᠴᠢᠶ᠎ᠠ ᠵᠢᠨ ᠭᠡᠰᠢᠭᠦᠨ᠂ ᠪᠡᠭᠡᠵᠢᠩ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠶᠢᠨ ᠯᠢ᠂ ᠪᠡᠭᠡᠵᠢᠩ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ ᠵᠢᠨ ᠳᠠᠷᠤᠭ᠎ᠠ ᠶᠢᠨ ᠶᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠴᠤᠭᠭ᠋ᠠᠷ ᠰᠢᠨᠵᠢᠯᠡᠨ ᠪᠠᠢ᠌ᠴᠠᠭ᠋ᠠᠭᠰᠠᠨ ᠪᠥᠭᠡᠳ ᠶᠠᠷᠢᠯᠴᠠᠬᠤ ᠬᠤᠷᠠᠯ ᠬᠢᠪᠡ᠃
6 ᠰᠠᠷ᠎ᠠ ᠵᠢᠨ 14᠎ᠤ ᠡᠳᠦᠷ᠂ ᠪᠡᠭᠡᠵᠢᠩ ᠬᠤᠳᠠ ᠵᠢᠨ ᠨᠠᠮ ᠵᠠᠰᠠᠭ᠎ᠤᠨ ᠲᠥᠯᠥᠭᠡᠯᠡᠭᠴᠢᠳ᠎ᠤᠨ ᠪᠦᠯᠭᠦᠮ ᠪᠡᠭᠡᠵᠢᠩ᠎ᠤᠨ ᠪᠠᠷᠢᠯᠭ᠎ᠠ ᠵᠢᠨ ᠠᠵᠢᠯ᠎ᠤᠨ ᠠᠷᠠᠴᠢᠯᠠᠨ ᠬᠠᠮᠠᠭ᠋ᠠᠯᠠᠬᠤ ᠪᠦᠯᠦᠭᠯᠡᠯ᠎ᠤᠨ ᠤᠯᠠᠭ᠋ᠠᠨᠬᠠᠳᠠ᠎ᠳᠠᠬᠢ ᠬᠤᠪᠢᠶᠠᠷᠢ ᠺᠤᠮᠫᠠᠨᠢ᠎ᠳᠤ ᠬᠦᠷᠴᠦ᠂ ᠣᠶᠤᠨᠲᠤ ᠬᠢᠨᠠᠨ ᠬᠡᠮᠵᠢᠬᠦ ᠲᠥᠬᠦᠭᠡᠷᠦᠮᠵᠢ ᠪᠠ ᠣᠶᠤᠨᠲᠤ ᠬᠣᠲᠠ ᠵᠢᠨ ᠬᠠᠮᠢᠶᠠᠷᠤᠯᠲᠠ ᠵᠢᠨ ᠬᠣᠲᠠ ᠵᠢᠨ ᠶᠠᠪᠤᠳᠠᠯ᠎ᠤᠨ ᠲᠠᠪᠴᠠᠩ᠎ᠤᠨ ᠪᠦᠲᠦᠭᠡᠨ ᠪᠠᠢ᠌ᠭᠤᠯᠤᠯᠲᠠ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠨ ᠦᠵᠡᠪᠡ᠃ (ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ)
ᠬᠣᠶᠠᠷ ᠡᠳᠦᠷ᠎ᠤᠨ ᠬᠤᠭᠤᠴᠠᠭ᠋ᠠᠨ᠎ᠳᠤ᠂ ᠪᠡᠭᠡᠵᠢᠩ ᠬᠤᠳᠠ ᠵᠢᠨ ᠨᠠᠮ ᠵᠠᠰᠠᠭ᠎ᠤᠨ ᠲᠥᠯᠥᠭᠡᠯᠡᠭᠴᠢᠳ᠎ᠤᠨ ᠪᠦᠯᠭᠦᠮ ᠤᠷᠢᠳ ᠬᠣᠵᠢᠳ ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠎ᠳᠤ ᠬᠦᠷᠴᠦ ᠰᠢᠨᠵᠢᠯᠡᠨ ᠪᠠᠢ᠌ᠴᠠᠭ᠋ᠠᠪᠠ᠃ ᠲᠥᠯᠥᠭᠡᠯᠡᠭᠴᠢᠳ᠎ᠤᠨ ᠪᠦᠯᠭᠦᠮ ᠨᠠᠢ᠍ᠮᠠᠨ ᠬᠣᠰᠢᠭᠤᠨ᠎ᠤ ᠡᠯᠧᠺᠲᠷᠣᠨ ᠬᠤᠳᠠᠯᠳᠤᠭ᠋ᠠᠨ᠎ᠤ ᠡᠵᠡᠩᠨᠡᠯᠲᠡ ᠵᠢᠨ ᠲᠥᠪ᠂ ᠼᠠᠢ ᠰᠢᠨ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠺᠤᠮᠫᠠᠨᠢ᠂ ᠠᠤᠬᠠᠨ ᠬᠣᠰᠢᠭᠤᠨ᠎ᠤ ᠨᠦᠩ ᠭᠧᠩ ᠨᠠᠷᠢᠮᠤ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠺᠤᠮᠫᠠᠨᠢ᠎ᠳᠤ ᠠᠵᠤ ᠦᠢ᠍ᠯᠡᠰ ᠵᠶ᠋ᠡᠷ ᠬᠠᠪᠰᠤᠷᠤᠨ ᠲᠡᠳᠬᠦᠬᠦ ᠠᠵᠢᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠦᠢ᠍ᠯᠡᠳᠪᠦᠷᠢᠯᠡᠯ᠎ᠤᠨ ᠱᠤᠭᠤᠮ ᠦᠢ᠍ᠯᠡᠳᠬᠦᠨ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠪᠠᠢ᠌ᠳᠠᠯ᠎ᠢ ᠪᠠᠢ᠌ᠴᠠᠭ᠋ᠠᠨ ᠦᠵᠡᠪᠡ᠃ ᠨᠠᠢ᠍ᠮᠠᠨ ᠬᠣᠰᠢᠭᠤᠨ᠎ᠤ ᠰᠢᠨ᠎ᠡ ᠪᠠᠯᠭ᠋ᠠᠰᠤᠨ᠎ᠤ ᠭᠣᠣᠯ ᠡᠷᠡᠭᠦᠯ ᠬᠠᠮᠠᠭ᠋ᠠᠯᠠᠯ᠎ᠤᠨ ᠬᠣᠷᠢᠶ᠎ᠠ᠂ ᠠᠤᠬᠠᠨ ᠬᠣᠰᠢᠭᠤᠨ᠎ᠤ ᠰᠢᠨ ᠬᠣᠶ ᠪᠠᠯᠭ᠋ᠠᠰᠤᠨ᠎ᠤ ᠨᠠᠢ᠍ᠮᠠᠳᠤᠭ᠋ᠠᠷ ᠪᠠᠭ᠎ᠠ ᠰᠤᠷᠭ᠋ᠠᠭᠤᠯᠢ᠎ᠳᠤ ᠲᠣᠰ ᠲᠣᠰ ᠡᠮᠴᠢᠯᠡᠭᠡ ᠪᠠ ᠰᠤᠷᠭ᠋ᠠᠨ ᠬᠥᠮᠦᠵᠢᠯ ᠵᠶ᠋ᠡᠷ ᠬᠠᠪᠰᠤᠷᠤᠨ ᠲᠡᠳᠬᠦᠬᠦ ᠠᠵᠢᠯ᠎ᠢ ᠣᠢ᠌ᠯᠠᠭ᠋ᠠᠵᠤ᠂ ᠪᠡᠭᠡᠵᠢᠩ ᠬᠣᠲᠠ᠎ᠠᠴᠠ ᠥᠪᠥᠷ ᠮᠣᠩᠭᠣᠯ᠎ᠳᠤ ᠲᠣᠮᠢᠯᠠᠨ ᠠᠵᠢᠯᠯᠠᠭᠤᠯᠵᠤ ᠪᠠᠢ᠌ᠭ᠎ᠠ ᠡᠮᠴᠢ ᠪᠠ ᠪᠠᠭᠰᠢ ᠵᠢᠨ ᠲᠥᠯᠥᠭᠡᠯᠡᠭᠴᠢ ᠵᠢ ᠪᠣᠯᠭᠣᠭ᠋ᠠᠨ ᠦᠵᠡᠪᠡ᠃ ᠵᠢᠩ ᠳ᠋ᠦᠩ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠤᠯᠠᠭ᠋ᠠᠨᠬᠠᠳᠠ᠎ᠳᠠᠬᠢ ᠪᠣᠯᠪᠠᠰᠤᠷᠠᠯ ᠠᠵᠢᠯ ᠣᠯᠭᠣᠯᠲᠠ ᠵᠢᠨ ᠰᠠᠭᠤᠷᠢᠨ᠎ᠳᠤ ᠭᠦᠳᠡᠯᠮᠦᠷᠢ ᠬᠦᠴᠦᠨ᠎ᠤ ᠬᠠᠮᠵᠢᠯᠴᠠᠭ᠋ᠠᠨ᠎ᠤ ᠪᠠᠢ᠌ᠳᠠᠯ᠎ᠢ ᠨᠠᠷᠢᠨ ᠣᠢ᠌ᠯᠠᠭ᠋ᠠᠵᠤ᠂ ᠲᠤᠬᠠᠢ ᠵᠢᠨ ᠲᠠᠯᠠᠪᠠᠢ᠎ᠳᠤ ᠪᠣᠳᠠᠲᠤ ᠠᠵᠢᠯᠯᠠᠭ᠋ᠠᠨ᠎ᠤ ᠪᠣᠯᠪᠠᠰᠤᠷᠠᠯ᠎ᠢ ᠦᠵᠡᠪᠡ᠃ ᠲᠥᠯᠥᠭᠡᠯᠡᠭᠴᠢᠳ᠎ᠤᠨ ᠪᠦᠯᠭᠦᠮ ᠪᠠᠰᠠ ᠪᠡᠭᠡᠵᠢᠩ᠎ᠤᠨ ᠪᠠᠷᠢᠯᠭ᠎ᠠ ᠵᠢᠨ ᠠᠵᠢᠯ᠎ᠤᠨ ᠠᠷᠠᠴᠢᠯᠠᠨ ᠬᠠᠮᠠᠭ᠋ᠠᠯᠠᠬᠤ ᠪᠦᠯᠦᠭᠯᠡᠯ᠎ᠤᠨ ᠤᠯᠠᠭ᠋ᠠᠨᠬᠠᠳᠠ᠎ᠳᠠᠬᠢ ᠬᠤᠪᠢᠶᠠᠷᠢ ᠺᠤᠮᠫᠠᠨᠢ᠎ᠳᠤ ᠬᠦᠷᠴᠦ᠂ ᠣᠶᠤᠨᠲᠤ ᠬᠢᠨᠠᠨ ᠬᠡᠮᠵᠢᠬᠦ ᠲᠥᠬᠦᠭᠡᠷᠦᠮᠵᠢ ᠪᠠ ᠣᠶᠤᠨᠲᠤ ᠬᠣᠲᠠ ᠵᠢᠨ ᠬᠠᠮᠢᠶᠠᠷᠤᠯᠲᠠ ᠵᠢᠨ ᠬᠣᠲᠠ ᠵᠢᠨ ᠶᠠᠪᠤᠳᠠᠯ᠎ᠤᠨ ᠲᠠᠪᠴᠠᠩ᠎ᠤᠨ ᠪᠦᠲᠦᠭᠡᠨ ᠪᠠᠢ᠌ᠭᠤᠯᠤᠯᠲᠠ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠨ ᠦᠵᠡᠪᠡ᠃ ᠡᠨᠡ ᠬᠦ᠌ ᠬᠤᠭᠤᠴᠠᠭ᠋ᠠᠨ᠎ᠳᠤ᠂ ᠲᠥᠯᠥᠭᠡᠯᠡᠭᠴᠢᠳ᠎ᠤᠨ ᠪᠦᠯᠭᠦᠮ ᠬᠠᠷᠠᠴᠢᠨ ᠬᠣᠰᠢᠭᠤᠨ᠎ᠤ ᠡᠮᠡᠭᠡᠯ ᠠᠭᠤᠯᠠ ᠲᠣᠰᠬᠣᠨ᠎ᠳᠤ ᠬᠦᠷᠴᠦ ᠣᠢ᠌ᠵᠢᠭᠤᠯᠤᠨ ᠨᠣᠭᠣᠭ᠋ᠠᠷᠠᠭᠤᠯᠬᠤ᠂ ᠠᠮᠢ ᠠᠬᠤᠢ ᠵᠢᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠡᠷᠭᠡ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠣᠢ᠌ᠯᠠᠭ᠋ᠠᠵᠤ᠂ ᠶᠠᠳᠠᠭᠤ᠎ᠠᠴᠠ ᠠᠩᠭᠢᠵᠢᠷᠠᠭᠰᠠᠨ ᠡᠷᠦᠭᠡ ᠮᠠ ᠵᠢᠨ ᠪᠦᠸᠧ ᠵᠢᠨ ᠭᠡᠷ᠎ᠲᠤ ᠬᠦᠷᠴᠦ ᠲᠣᠬᠣᠨᠢᠭᠤᠯᠪᠠ᠃
14᠎ᠤ ᠦᠳᠡ ᠵᠢᠨ ᠡᠮᠦᠨ᠎ᠡ᠂ ᠬᠣᠶᠠᠷ ᠲᠠᠯ᠎ᠠ᠎ᠪᠠᠷ ᠵᠶ᠋ᠠᠨ ᠪᠡᠭᠡᠵᠢᠩ ᠬᠤᠳᠠ·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠣᠷᠣᠨ᠎ᠤ ᠬᠠᠮᠵᠢᠯᠴᠠᠭ᠋ᠠᠨ᠎ᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠵᠣᠯᠭ᠋ᠠᠯᠴᠠᠭ᠎ᠠ ᠬᠢᠵᠦ ᠰᠠᠨᠠᠯ ᠵᠶ᠋ᠠᠨ ᠰᠣᠯᠢᠯᠴᠠᠪᠠ᠃
ᠶᠢᠨ ᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠡᠭᠡᠵᠢᠩ ᠬᠤᠳᠠ ᠵᠢᠨ ᠬᠥᠭᠵᠢᠯᠲᠡ ᠵᠢ ᠳᠡᠮᠵᠢᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠥᠷᠨᠢᠭᠦᠯᠬᠦ ᠪᠣᠯ ᠨᠠᠮ᠎ᠤᠨ ᠲᠥᠪ ᠬᠣᠷᠢᠶ᠎ᠠ᠎ᠠᠴᠠ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ᠂ ᠬᠠᠮᠲᠤ ᠵᠢᠨ ᠪᠠᠶᠠᠵᠢᠯ᠎ᠢ ᠠᠬᠢᠭᠤᠯᠬᠤ ᠵᠢ ᠪᠣᠳᠣᠯᠬᠢᠯᠠᠵᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠡᠢ᠃ ᠪᠢᠳᠡ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠨᠠᠩ ᠶᠡᠬᠡ ᠡᠷᠴᠢ ᠵᠣᠷᠢᠭ᠂ ᠨᠠᠩ ᠣᠨᠣᠪᠴᠢᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠰᠤᠷᠲᠠᠯ ᠵᠶ᠋ᠠᠷ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ᠂ ᠪᠠᠰᠠ ᠴᠤ᠌ ᠰᠢᠯᠵᠢᠯᠲᠡ ᠵᠢᠨ ᠬᠤᠭᠤᠴᠠᠭ᠋ᠠᠨ᠎ᠤ ᠡᠴᠦᠰ᠎ᠤᠨ ᠨᠢᠭᠡ ᠵᠢᠯ ᠮᠥᠨ᠂ ᠵᠠᠩᠭᠢᠯᠠᠭ᠎ᠠ ᠵᠢᠨ ᠬᠦᠷᠢᠶ᠎ᠡ ᠪᠠ ᠭᠣᠣᠯᠳᠠᠯᠭ᠎ᠠ᠎ᠲᠠᠢ ᠭᠣᠭᠴᠣᠭ᠎ᠠ ᠵᠢ ᠴᠢᠩᠭ᠎ᠠ ᠠᠩᠬᠠᠷᠴᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠵᠢ ᠥᠷᠭᠡᠳᠬᠡᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠤ᠂ ᠳᠤᠲᠠᠭᠤᠳᠠᠯ ᠬᠦᠷᠦᠯᠴᠡᠬᠦ ᠦᠭᠡᠢ ᠲᠠᠯ᠎ᠠ᠎ᠪᠠᠨ ᠨᠥᠬᠥᠪᠦᠷᠢᠯᠡᠨ᠂ ᠨᠠᠩ ᠣᠯᠠᠨ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠢ᠃《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠤᠷᠢᠳᠤᠬᠢ ᠵᠢ ᠵᠠᠯᠭ᠋ᠠᠮᠵᠢᠯᠠᠨ ᠬᠣᠢ᠌ᠲᠤᠬᠢ᠎ᠳᠤ ᠵᠠᠮ ᠨᠡᠭᠡᠭᠡᠬᠦ ᠵᠠᠩᠭᠢᠯᠠᠭ᠎ᠠ ᠵᠢᠨ ᠬᠤᠭᠤᠴᠠᠭ᠎ᠠ ᠮᠥᠨ᠂ ᠪᠠᠰᠠ ᠴᠤ᠌ ᠴᠢᠨᠠᠷ ᠰᠠᠢ᠌ᠲᠠᠢ ᠬᠥᠭᠵᠢᠯᠲᠡ ᠵᠢ ᠰᠢᠨ᠎ᠡ ᠳᠡᠭᠲᠡᠷ᠎ᠲᠤ ᠭᠠᠷᠭ᠋ᠠᠬᠤ ᠴᠢᠬᠤᠯᠠ ᠠᠵᠠ ᠲᠣᠭᠢᠶᠠᠯ᠎ᠤᠨ ᠬᠤᠭᠤᠴᠠᠭ᠎ᠠ ᠮᠥᠨ᠂ ᠰᠢᠨ᠎ᠡ ᠬᠥᠭᠵᠢᠯᠲᠡ ᠵᠢᠨ ᠱᠠᠲᠤᠨ᠎ᠤ ᠱᠠᠭ᠋ᠠᠷᠳᠠᠯᠭ᠎ᠠ ᠪᠠ ᠣᠨᠴᠠᠯᠢᠭ᠎ᠢ ᠪᠠᠲᠤ ᠡᠵᠡᠮᠳᠡᠵᠦ᠂ ᠡᠯ᠎ᠡ ᠬᠦᠷᠢᠶᠡᠨ᠎ᠳᠠᠬᠢ ᠬᠠᠮᠵᠢᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠳᠡᠭᠡᠷ᠎ᠡ ᠬᠦᠴᠦ ᠣᠷᠣᠭᠤᠯᠵᠤ᠂ ᠲᠠᠭᠢᠨ ᠶᠠᠳᠠᠭᠤᠷᠠᠬᠤ ᠵᠢ ᠰᠡᠷᠭᠡᠢ᠌ᠯᠡᠬᠦ ᠲᠣᠣᠷ᠎ᠢ ᠬᠠᠮᠲᠤ᠎ᠪᠠᠷ ᠪᠠᠢ᠌ᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠪᠠᠷ ᠶᠠᠳᠠᠭᠤ᠎ᠠᠴᠠ ᠠᠩᠭᠢᠵᠢᠷᠠᠭᠤᠯᠤᠭᠰᠠᠨ ᠭᠠᠵᠠᠷ ᠣᠷᠣᠨ᠎ᠤ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠠᠮᠵᠢᠯᠴᠠᠨ ᠰᠢᠨ᠎ᠡ ᠵᠢ ᠡᠭᠦᠳᠬᠦ ᠵᠢ ᠴᠢᠩᠭ᠋ᠠᠳᠬᠠᠬᠤ ᠳᠡᠭᠡᠷ᠎ᠡ ᠬᠦᠴᠦ ᠲᠠᠯᠪᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ ᠪᠤᠵᠠᠭ᠋ᠠᠢ᠌ᠷᠠᠭᠤᠯᠬᠤ ᠬᠡᠷᠡᠭᠲᠡᠢ᠃ ᠠᠵᠤ ᠦᠢ᠍ᠯᠡᠰ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠬᠦ ᠳᠡᠭᠡᠷ᠎ᠡ ᠬᠦᠴᠦ ᠲᠠᠯᠪᠢᠵᠤ᠂ ᠬᠠᠮᠲᠤ᠎ᠪᠠᠷ ᠪᠠᠢ᠌ᠭᠤᠯᠤᠭᠰᠠᠨ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠢ ᠢᠵᠢ ᠪᠦᠷᠢᠳᠦᠭᠦᠯᠬᠦ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠩ ᠣᠯᠠᠨ ᠪᠡᠭᠡᠵᠢᠩ᠎ᠤᠨ ᠠᠵᠤ ᠠᠬᠤᠢ᠌ᠯᠠᠯ᠎ᠤᠨ ᠥᠪᠡᠷᠲᠡᠭᠡᠨ ᠵᠠᠰᠠᠬᠤ ᠣᠷᠣᠨ᠎ᠳᠤ ᠢᠷᠡᠵᠦ ᠪᠡᠯᠡ ᠣᠷᠣᠭᠤᠯᠤᠨ ᠦᠢ᠍ᠯᠡᠰ ᠵᠶ᠋ᠡᠨ ᠬᠥᠭᠵᠢᠭᠦᠯᠬᠦ ᠵᠢ ᠬᠥᠲᠥᠯᠥᠨ ᠵᠢᠯᠤᠭᠣᠳᠴᠤ᠂ 《ᠪᠣᠬᠢᠷᠳᠤᠯ ᠦᠭᠡᠢ ᠢᠳᠡᠭᠡᠨ》᠂ 《ᠪᠣᠬᠢᠷᠳᠤᠯ ᠦᠭᠡᠢ ᠴᠠᠭᠢᠯᠭ᠋ᠠᠨ ᠬᠦᠴᠦᠨ》᠂ 《ᠪᠣᠬᠢᠷᠳᠤᠯ ᠦᠭᠡᠢ ᠪᠣᠳᠣᠯᠲᠠ ᠵᠢᠨ ᠬᠦᠴᠦᠨ》 ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠬᠡᠷᠡᠭᠲᠡᠢ᠃ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠵᠤ᠂ ᠪᠡᠭᠡᠵᠢᠩ᠎ᠤᠨ ᠰᠤᠷᠭ᠋ᠠᠨ ᠬᠥᠮᠦᠵᠢᠯ ᠡᠮ ᠡᠮᠨᠡᠯᠭᠡ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠲᠤᠬᠠᠢ ᠵᠢᠨ ᠭᠠᠵᠠᠷ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠎ᠳᠤ ᠬᠦᠴᠦᠨ ᠨᠡᠮᠡᠷᠢᠯᠡᠵᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠢ᠃ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠳᠡᠭᠡᠷ᠎ᠡ ᠬᠦᠴᠦ ᠲᠠᠯᠪᠢᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠬᠣᠶᠠᠷ ᠭᠠᠵᠠᠷ᠎ᠤᠨ ᠴᠢᠨᠠᠷ ᠰᠠᠢ᠌ᠲᠠᠢ ᠬᠥᠭᠵᠢᠯᠲᠡ ᠵᠢᠨ ᠪᠣᠬᠢᠷᠳᠤᠯ ᠦᠭᠡᠢ ᠰᠠᠭᠤᠷᠢ ᠵᠢ ᠪᠡᠬᠢᠵᠢᠭᠦᠯᠬᠦ ᠬᠡᠷᠡᠭᠲᠡᠢ ᠭᠡᠵᠦ ᠬᠡᠯᠡᠪᠡ᠃
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠠᠴᠠ᠂ ᠪᠡᠭᠡᠵᠢᠩ ᠬᠤᠳᠠ ᠵᠢᠨ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ ᠪᠣᠯᠣᠨ ᠬᠠᠪᠰᠤᠷᠤᠯᠭ᠎ᠠ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠬᠤ᠎ᠪᠠᠨ ᠢᠯᠡᠳᠬᠡᠵᠦ᠂ ᠪᠡᠭᠡᠵᠢᠩ ᠬᠤᠳᠠ᠎ᠠᠴᠠ ᠲᠣᠮᠢᠯᠠᠵᠤ ᠲᠦᠷ ᠴᠠᠭ ᠲᠤᠰᠢᠶᠠᠯ ᠡᠭᠦᠷᠭᠡᠯᠡᠭᠰᠡᠨ ᠺᠠᠳ᠋ᠷ ᠪᠣᠯᠣᠨ ᠬᠠᠪᠰᠤᠷᠤᠨ ᠲᠡᠳᠬᠦᠬᠦ ᠪᠦᠯᠭᠦᠮ᠎ᠤᠨ ᠭᠠᠷᠭ᠋ᠠᠭᠰᠠᠨ ᠴᠢᠷᠮᠠᠢ᠌ᠯᠭ᠎ᠠ ᠪᠣᠯᠣᠨ ᠬᠤᠪᠢ ᠨᠡᠮᠡᠷᠢ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠯ ᠳᠣᠣᠷ᠎ᠠ᠂ ᠣᠯᠠᠨ ᠵᠢᠯ᠎ᠤᠨ ᠲᠤᠷᠰᠢ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠡᠭᠡᠵᠢᠩ ᠬᠣᠲᠠ ᠵᠢᠨ ᠳᠡᠮᠵᠢᠯᠭᠡ᠎ᠨᠢ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠴᠢᠬᠤᠯᠠ ᠠᠬᠢᠭᠤᠯᠬᠤ ᠦᠢ᠍ᠯᠡᠳᠦᠯ ᠦᠵᠡᠭᠦᠯᠪᠡ᠃ ᠪᠢᠳᠡ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ᠎ᠢ ᠳ᠋ᠦᠩᠨᠡᠬᠦᠯᠦᠭᠡ ᠤᠶᠠᠯᠳᠤᠭᠤᠯᠤᠨ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠠᠵᠢᠯ ᠪᠣᠯᠣᠨ ᠦᠷ᠎ᠡ ᠪᠦᠲᠦᠮᠵᠢ ᠵᠢ ᠪᠦᠭᠦ ᠲᠠᠯ᠎ᠠ᠎ᠪᠠᠷ ᠰᠢᠰᠲ᠋ᠧᠮ᠎ᠲᠠᠢ ᠳ᠋ᠦᠩᠨᠡᠵᠦ᠂ ᠰᠠᠢ᠌ᠨ ᠲᠤᠷᠰᠢᠯᠭ᠎ᠠ ᠰᠠᠢ᠌ᠨ ᠠᠷᠭ᠎ᠠ ᠬᠢᠳᠡᠯ᠎ᠢ ᠪᠣᠯᠪᠠᠰᠤᠷᠠᠭᠤᠯᠤᠨ ᠭᠠᠷᠭ᠋ᠠᠬᠤ ᠵᠢᠨ ᠵᠡᠷᠭᠡ᠎ᠪᠠᠷ ᠲᠡᠭᠦᠨ᠎ᠢ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠠᠵᠢᠯ᠎ᠳᠤ ᠬᠡᠷᠡᠭᠯᠡᠨ᠎ᠡ᠃ ᠪᠡᠭᠡᠵᠢᠩ ᠬᠤᠳᠠ ᠲᠡᠷᠢᠭᠦᠨ᠎ᠤ ᠮᠡᠷᠭᠡᠵᠢᠯ᠂ ᠡᠯᠪᠡᠭ ᠪᠠᠶᠠᠯᠢᠭ ᠴᠢᠳᠠᠪᠤᠷᠢᠲᠠᠨ ᠪᠠ ᠥᠷᠭᠡᠨ ᠠᠭᠤᠳᠠᠮ ᠵᠠᠬ᠎ᠠ ᠳᠡᠯᠭᠡᠭᠦᠷ᠎ᠤᠨ ᠣᠷᠣᠨ ᠵᠠᠢᠲᠠᠢ᠂ ᠥᠪᠥᠷ ᠮᠣᠩᠭᠣᠯ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠲᠠᠢ ᠶᠤᠮ᠂ ᠤᠳᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠨᠢᠭᠡᠨᠲᠡ ᠪᠦᠭᠦ ᠲᠠᠯ᠎ᠠ ᠵᠢᠨ ᠬᠠᠮᠲᠤᠷᠠᠯᠴᠠᠭ᠋ᠠᠨ᠎ᠤ ᠱᠠᠲᠤᠨ᠎ᠳᠤ ᠣᠷᠣᠪᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠠᠵᠢᠯ᠎ᠢ ᠲᠥᠯᠥᠪᠵᠢᠭᠦᠯᠬᠦ ᠴᠣᠩᠬᠣᠪᠴᠢ ᠬᠤᠭᠤᠴᠠᠭ᠎ᠠ ᠵᠢ ᠠᠳᠬᠤᠵᠤ᠂ ᠬᠠᠮᠲᠤᠷᠠᠯᠴᠠᠭ᠋ᠠᠨ᠎ᠤ ᠣᠷᠣᠨ ᠵᠠᠢ ᠵᠢ ᠢᠳᠡᠪᠬᠢᠲᠡᠢ ᠥᠷᠭᠡᠳᠬᠡᠵᠦ᠂ ᠵᠠᠬ᠎ᠠ ᠳᠡᠯᠭᠡᠭᠦᠷ᠎ᠢ ᠬᠠᠮᠲᠤ᠎ᠪᠠᠷ ᠨᠡᠭᠡᠭᠡᠨ ᠬᠥᠭᠵᠢᠭᠦᠯᠬᠦ ᠵᠡᠷᠭᠡ ᠲᠠᠯ᠎ᠠ᠎ᠪᠠᠷ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ᠎ᠪᠠᠷ ᠴᠢᠷᠮᠠᠢ᠌ᠬᠤ ᠬᠡᠷᠡᠭᠲᠡᠢ᠃ ᠪᠡᠭᠡᠵᠢᠩ ᠬᠣᠲᠠ ᠵᠢᠨ᠎ᠬᠢᠨ ᠥᠪᠥᠷ ᠮᠣᠩᠭᠣᠯ᠎ᠢ ᠬᠦᠴᠦᠲᠡᠢ ᠬᠠᠪᠰᠤᠷᠴᠤ᠂ ᠪᠣᠳᠠᠲᠠᠢ ᠲᠡᠳᠬᠦᠵᠦ ᠪᠤᠢ᠂ ᠥᠪᠥᠷ ᠮᠣᠩᠭᠣᠯ ᠴᠤ᠌ ᠨᠡᠢ᠌ᠰᠯᠡᠯ᠎ᠤᠨ ᠬᠥᠭᠵᠢᠯᠲᠡ᠎ᠳᠤ ᠴᠢᠳᠠᠯ᠎ᠤᠨ ᠬᠢᠷᠢ᠎ᠪᠠᠷ ᠵᠶ᠋ᠡᠨ ᠴᠢᠷᠮᠠᠢ᠌ᠵᠤ᠂ ᠪᠡᠭᠡᠵᠢᠩ ᠬᠣᠲᠠ᠎ᠳᠤ ᠲᠠᠰᠤᠷᠠᠯᠲᠠ ᠦᠭᠡᠢ 《ᠪᠣᠬᠢᠷᠳᠤᠯ ᠦᠭᠡᠢ ᠡᠨᠧᠷᠭᠢ》᠂ 《ᠪᠣᠬᠢᠷᠳᠤᠯ ᠦᠭᠡᠢ ᠪᠣᠳᠣᠯᠲᠠ ᠵᠢᠨ ᠬᠦᠴᠦᠨ》᠂ 《ᠪᠣᠬᠢᠷᠳᠤᠯ ᠦᠭᠡᠢ ᠪᠦᠲᠦᠭᠡᠭᠳᠡᠬᠦᠨ》 ᠬᠠᠩᠭ᠋ᠠᠵᠤ᠂ ᠠᠮᠢ ᠠᠬᠤᠢ ᠵᠢᠨ ᠰᠡᠷᠭᠡᠢ᠌ᠯᠡᠯᠲᠡ ᠵᠢᠨ ᠱᠤᠭᠤᠮ᠎ᠢ ᠰᠠᠢ᠌ᠲᠤᠷ ᠰᠠᠬᠢᠵᠤ᠂ 《ᠬᠠᠮᠠᠭ᠋ᠠᠯᠠᠯᠲᠠ ᠵᠢᠨ ᠭᠣᠣᠯ》᠎ᠤᠨ ᠦᠢ᠍ᠯᠡᠳᠦᠯ ᠵᠶ᠋ᠠᠨ ᠰᠠᠢ᠌ᠲᠤᠷ ᠪᠠᠳᠠᠷᠠᠭᠤᠯᠤᠨ᠎ᠠ᠃ ᠪᠦᠭᠦ ᠣᠷᠣᠨ᠎ᠤ ᠡᠯ᠎ᠡ ᠱᠠᠲᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠰᠠᠭᠤᠳᠠᠯ᠎ᠢ ᠭᠦᠨᠵᠡᠭᠡᠢ ᠰᠤᠳᠤᠯᠵᠤ᠂ ᠬᠡᠷᠡᠭᠴᠡᠭᠡ ᠵᠢ ᠣᠨᠣᠴᠠᠲᠠᠢ ᠳᠤᠷᠠᠳᠴᠤ᠂ ᠪᠡᠭᠡᠵᠢᠩ ᠬᠤᠳᠠ ᠵᠢᠨ ᠬᠣᠯᠪᠣᠭᠳᠠᠯ ᠪᠦᠬᠦᠢ ᠲᠠᠯ᠎ᠠ ᠵᠢᠨᠬᠢᠨᠯᠦᠭᠡ ᠣᠯᠣᠯᠴᠠᠭ᠎ᠠ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠪᠡᠭᠡᠵᠢᠩ ᠥᠪᠥᠷ ᠮᠣᠩᠭᠣᠯ᠎ᠤᠨ ᠪᠦᠭᠦ ᠲᠠᠯ᠎ᠠ ᠵᠢᠨ ᠬᠠᠮᠲᠤᠷᠠᠯᠴᠠᠭ᠎ᠠ ᠨᠡᠩ ᠤᠯᠠᠨ ᠨᠡᠩ ᠪᠣᠳᠠᠲᠠᠢ ᠦᠷ᠎ᠡ ᠪᠦᠲᠦᠭᠡᠯ ᠣᠯᠬᠤ ᠵᠢ ᠠᠬᠢᠭᠤᠯᠬᠤ ᠬᠡᠷᠡᠭᠲᠡᠢ ᠭᠡᠵᠦ ᠬᠡᠯᠡᠪᠡ᠃
ᠶᠠᠷᠢᠯᠴᠠᠬᠤ ᠬᠤᠷᠠᠯ᠎ᠠᠴᠠ ᠡᠮᠦᠨ᠎ᠡ᠂ ᠬᠣᠶᠠᠷ ᠲᠠᠯ᠎ᠠ ᠵᠢᠨ ᠤᠳᠤᠷᠢᠳᠤᠯᠭ᠎ᠠ ᠬᠠᠮᠲᠤ᠎ᠪᠠᠷ ᠪᠡᠭᠡᠵᠢᠩ ᠬᠤᠳᠠ ᠵᠢᠨ ᠮᠠᠨ᠎ᠤ ᠣᠷᠣᠨ᠎ᠳᠤ ᠲᠦᠷ ᠴᠠᠭ ᠲᠤᠰᠢᠶᠠᠯ ᠡᠭᠦᠷᠭᠡᠯᠡᠵᠦ ᠪᠠᠢ᠌ᠭ᠎ᠠ ᠺᠠᠳ᠋ᠷ᠎ᠤᠨ ᠲᠥᠯᠥᠭᠡᠯᠡᠭᠴᠢ ᠵᠢ ᠡᠷᠭᠢᠨ ᠦᠵᠡᠵᠦ ᠲᠣᠬᠣᠨᠢᠭᠤᠯᠪᠠ᠃
ᠪᠡᠭᠡᠵᠢᠩ ᠬᠣᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠣᠣ ᠯᠧᠢ᠂ ᠸᠸᠨ ᠰᠢᠶᠠᠨ᠂ ᠮᠧᠩ ᠰᠢᠶᠠᠨ ᠳ᠋ᠦᠩ᠂ ᠢᠦᠢ ᠯᠢ ᠰᠢᠨ᠂ ᠲᠠᠢ᠌ᠴᠢᠨ ᠨᠠᠷ ᠠᠵᠢᠯᠯᠠᠭ᠎ᠠ᠎ᠳᠤ ᠣᠷᠣᠯᠴᠠᠵᠠᠢ᠃