ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠬᠢᠩᠭ᠋ᠠᠨ ᠠᠢ᠌ᠮᠠᠭ᠎ᠲᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2025-06-17


6 ᠰᠠᠷ᠎ᠠ ᠵᠢᠨ 15᠎ᠠᠴᠠ 16᠎ᠤ ᠡᠳᠦᠷ ᠪᠤᠯᠲᠠᠯ᠎ᠠ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠢᠩᠭ᠋ᠠᠨ ᠠᠢ᠌ᠮᠠᠭ᠎ᠲᠤ ᠬᠦᠷᠴᠦ ᠂  ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ ᠃  




ᠷᠠᠰᠢᠶᠠᠨ ᠬᠣᠲᠠ᠎ᠳᠤ ᠂  ᠰᠦᠨ ᠱᠤᠤ ᠴᠧᠩ ᠤᠷᠢᠳ ᠬᠣᠵᠢᠳ ᠢᠷᠪᠢᠰᠲᠠᠢ ᠵᠡᠭᠡᠯᠢ ᠭᠤᠳᠤᠮᠵᠢ ᠵᠢᠨ ᠨᠥᠮᠥᠷᠭᠡ ᠨᠡᠢ᠌ᠭᠡᠮ ᠲᠣᠭᠣᠷᠢᠭ ᠂  ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠲᠣᠮᠣ ᠳ᠋ᠠᠢ᠌ᠲ᠋ᠠ ᠵᠢᠨ ᠲᠥᠪ᠎ᠲᠤ ᠬᠦᠷᠴᠦ ᠂  ᠠᠵᠢᠯ ᠶᠠᠪᠤᠳᠠᠯ ᠭᠦᠢ᠍ᠴᠡᠳᠬᠡᠵᠦ ᠪᠠᠢ᠌ᠭ᠎ᠠ ᠣᠯᠠᠨ ᠲᠦᠮᠡᠨ ᠪᠠ ᠠᠵᠢᠯᠲᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ ᠂  ᠲᠤᠬᠠᠢ ᠵᠢᠨ ᠭᠠᠵᠠᠷ᠎ᠤᠨ ᠺᠠᠳ᠋ᠷ᠎ᠠᠴᠠ ᠠᠷᠠᠳ᠎ᠲᠤ ᠲᠥᠭᠦᠮ ᠦᠵᠡᠭᠦᠯᠭᠦ ᠦᠢ᠍ᠯᠡᠴᠢᠯᠡᠭᠡᠨ᠎ᠤ ᠲᠢᠩᠬᠢᠮ᠎ᠳᠤ ᠶᠠᠮᠠᠷ ᠶᠠᠮᠠᠷ ᠠᠷᠠᠳ᠎ᠲᠤ ᠲᠥᠭᠦᠮ ᠦᠵᠡᠭᠦᠯᠭᠦ ᠦᠢ᠍ᠯᠡᠴᠢᠯᠡᠭᠡ ᠥᠷᠨᠢᠭᠦᠯᠵᠦ ᠪᠠᠢ᠌ᠬᠤ ᠂  ᠶᠠᠮᠠᠷ ᠶᠠᠮᠠᠷ ᠠᠷᠠᠳ᠎ᠲᠤ ᠲᠥᠭᠦᠮ ᠦᠵᠡᠭᠦᠯᠭᠦ ᠵᠦᠢ᠍ᠯᠡᠰ᠎ᠢ ᠡᠭᠦᠷᠭᠡᠯᠡᠵᠦ ᠪᠠᠢ᠌ᠬᠤ ᠂  ᠡᠩ᠎ᠤᠨ ᠦᠶ᠎ᠡ᠎ᠳᠤ ᠠᠵᠢᠯ ᠶᠠᠭ᠋ᠠᠷᠠᠤ ᠡᠰᠡᠬᠦ ᠵᠢ ᠠᠰᠠᠭᠤᠨ ᠯᠠᠪᠯᠠᠵᠤ ᠂  ᠦᠨᠳᠦᠰᠦᠨ ᠱᠠᠲᠤᠨ᠎ᠤ ᠡᠭᠦᠷᠭᠡ  ᠲᠤᠰᠢᠶᠠᠯ ᠂  ᠳᠠᠷᠤᠭ᠋ᠠᠰᠤ ᠵᠢ ᠬᠥᠩᠭᠡᠷᠡᠭᠦᠯᠬᠦ ᠦᠷ᠎ᠡ ᠪᠦᠲᠦᠮᠵᠢ ᠵᠡᠷᠭᠡ ᠪᠠᠢ᠌ᠳᠠᠯ᠎ᠢ ᠣᠢ᠌ᠯᠠᠭ᠋ᠠᠪᠠ ᠃  ᠲᠡᠷᠡ ᠂  ᠠᠷᠠᠳ ᠲᠦᠮᠡᠨ᠎ᠳᠤ ᠦᠢ᠍ᠯᠡᠴᠢᠯᠡᠬᠦ᠎ᠳᠤ ᠳᠥᠭᠦᠮ ᠳᠥᠲᠡ ᠥᠨᠳᠥᠷ ᠪᠦᠲᠦᠮᠵᠢᠲᠡᠶ ᠪᠠᠢ᠌ᠬᠤ ᠵᠢ ᠪᠡᠶᠡᠯᠡᠭᠦᠯᠵᠦ ᠂  ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠠᠴᠠ᠎ᠪᠠᠨ ᠡᠭᠦᠰᠴᠦ ᠂  ᠲᠣᠰ ᠲᠣᠰ᠎ᠤᠨ ᠣᠨᠴᠠᠯᠢᠭ᠎ᠲᠤ ᠨᠡᠢ᠌ᠴᠡᠭᠰᠡᠨ ᠠᠷᠠᠳ ᠲᠦᠮᠡᠨ᠎ᠳᠤ ᠦᠢ᠍ᠯᠡᠴᠢᠯᠡᠬᠦ ᠰᠢᠨ᠎ᠡ ᠠᠷᠭ᠎ᠠ ᠵᠠᠮ ᠰᠢᠨ᠎ᠡ ᠵᠠᠭᠪᠤᠷ᠎ᠢ ᠵᠣᠷᠢᠭᠲᠠᠢ᠎ᠪᠠᠷ ᠰᠦᠪᠡᠭᠴᠢᠯᠡᠵᠦ ᠂  ᠠᠵᠢᠯ ᠶᠠᠪᠤᠳᠠᠯ ᠭᠦᠢ᠍ᠴᠡᠳᠬᠡᠬᠦ ᠲᠢᠩᠬᠢᠮ᠎ᠤᠨ ᠪᠠᠢ᠌ᠷᠢᠯᠠᠭᠤᠯᠤᠯᠲᠠ ᠪᠠ ᠠᠵᠢᠯ᠎ᠤᠨ ᠳᠡᠰ ᠳᠠᠷᠠᠭ᠋ᠠᠯᠠᠯ᠎ᠢ ᠰᠢᠯᠢᠳᠡᠭᠵᠢᠭᠦᠯᠵᠦ ᠂  ᠣᠷᠣᠯᠠᠨ ᠭᠦᠢ᠍ᠴᠡᠳᠬᠡᠬᠦ ᠣᠢ᠌ᠯᠠᠭ᠋ᠠᠭᠳᠠᠬᠤᠨ ᠪᠠ ᠳ᠋ᠠᠢ᠌ᠲ᠋ᠠ ᠵᠢ ᠬᠠᠮᠲᠤ᠎ᠪᠠᠷ ᠡᠳ᠋ᠯᠡᠬᠦ ᠵᠢ  ᠴᠢᠩᠭ᠋ᠠᠳᠬᠠᠵᠤ ᠂  ᠬᠣᠲᠠ ᠵᠢᠨ ᠲᠣᠭᠣᠷᠢᠭ᠎ᠲᠤ ᠴᠣᠮᠬᠠᠳᠬᠠᠭᠰᠠᠨ ᠬᠠᠮᠢᠶᠠᠷᠤᠯᠲᠠ ᠵᠢ ᠢᠳᠡᠪᠬᠢᠲᠡᠢ ᠬᠡᠷᠡᠭᠵᠢᠭᠦᠯᠵᠦ ᠂  ᠬᠡᠷᠬᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ᠎ᠳᠤ ᠠᠰᠢᠭᠲᠠᠢ ᠪᠣᠯ ᠲᠡᠷᠡ ᠶᠠᠩᠵᠤ᠎ᠪᠠᠷ ᠬᠢᠵᠦ ᠂  ᠣᠯᠠᠨ ᠲᠦᠮᠡᠨ᠎ᠳᠤ ᠲᠠᠭ᠋ᠠᠰᠢᠶᠠᠭᠳᠠᠬᠤ ᠮᠥᠷᠲᠡᠭᠡᠨ ᠪᠠᠰᠠ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢ ᠪᠡᠶᠡᠯᠡᠭᠦᠯᠬᠦ ᠬᠡᠷᠡᠭᠲᠡᠢ ᠭᠡᠪᠡ ᠃


3.jpg


16᠎ᠤ ᠦᠳᠡ ᠵᠢᠨ ᠡᠮᠦᠨ᠎ᠡ ᠂  ᠰᠦᠨ ᠱᠤᠤ ᠴᠧᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ ᠂  ᠬᠢᠩᠭ᠋ᠠᠨ ᠠᠢ᠌ᠮᠠᠭ ᠂  ᠷᠠᠰᠢᠶᠠᠨ ᠬᠤᠳᠠ ᠵᠢᠨ ᠬᠣᠯᠪᠣᠭᠳᠠᠯ ᠪᠦᠬᠦᠢ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠃  ᠲᠡᠷᠡ ᠂  ᠰᠤᠷᠤᠯᠴᠠᠯᠭ᠎ᠠ ᠬᠥᠮᠦᠵᠢᠯ᠎ᠢ ᠨᠢᠭᠡᠨᠲᠡ 3 ᠰᠠᠷ᠎ᠠ ᠭᠠᠷᠤᠢ ᠥᠷᠨᠢᠭᠦᠯᠵᠡᠢ ᠂  ᠡᠯ᠎ᠡ ᠱᠠᠲᠤᠨ᠎ᠤ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ 《ᠵᠣᠷᠢᠭᠰᠠᠨ᠎ᠳᠠᠭᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠬᠰᠣᠬᠤ ᠦᠭᠡᠢ 》 ᠪᠠᠢ᠌ᠬᠤ ᠡᠷᠴᠢ ᠵᠣᠷᠢᠭ ᠵᠶ᠋ᠠᠷ ᠦᠷᠭᠦᠯᠵᠢᠯᠡᠨ ᠬᠦᠴᠦᠯᠡᠨ ᠠᠳᠬᠤᠵᠤ ᠂  ᠰᠠᠢ᠌ᠨ ᠵᠶ᠋ᠠᠷ ᠡᠬᠢᠯᠡᠭᠦᠯᠵᠦ ᠰᠠᠢ᠌ᠲᠤᠷ ᠲᠡᠭᠦᠰᠬᠡᠵᠦ ᠂  ᠰᠠᠢ᠌ᠲᠤᠷ ᠬᠢᠵᠦ ᠰᠠᠢ᠌ᠨ ᠠᠮᠵᠢᠯᠲᠠ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃  ᠡᠯ᠎ᠡ ᠵᠦᠢ᠍ᠯ᠎ᠤᠨ 《  ᠲᠣᠭᠲᠠᠭᠰᠠᠨ ᠬᠥᠳᠡᠯᠭᠡᠭᠡᠨ 》᠎ᠢ ᠴᠢᠩᠭ᠎ᠠ ᠨᠠᠢ᠌ᠳᠠᠪᠤᠷᠢᠵᠢᠭᠤᠯᠵᠤ ᠂  ᠡᠯ᠎ᠡ ᠭᠣᠭᠴᠣᠭ᠋ᠠᠨ᠎ᠤ ᠠᠵᠢᠯ᠎ᠢ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠵᠦ ᠂  ᠬᠠᠨᠳᠤᠯᠭ᠋ᠠᠲᠤ ᠴᠢᠨᠠᠷᠲᠠᠢ᠎ᠪᠠᠷ ᠳᠤᠲᠠᠭᠤᠳᠠᠯ ᠵᠶ᠋ᠠᠨ ᠪᠠᠢ᠌ᠴᠠᠭ᠋ᠠᠨ ᠨᠥᠬᠥᠪᠦᠷᠢᠯᠡᠵᠦ ᠂  ᠬᠣᠴᠣᠷᠤᠭᠰᠠᠨ ᠡᠭᠦᠷᠭᠡ ᠪᠠᠢ᠌ᠪᠠᠯ ᠱᠠᠯᠠᠪᠳᠠᠨ 《ᠬᠢᠴᠢᠶᠡᠯ ᠨᠥᠬᠥᠪᠦᠷᠢᠯᠡᠵᠦ 》 ᠂  ᠵᠢᠱ᠌ᠢᠯᠲᠡ᠎ᠳᠤ ᠭᠦᠷᠦᠭᠰᠡᠨ ᠦᠭᠡᠢ ᠪᠠᠢ᠌ᠪᠠᠯ 《ᠳᠠᠭᠢᠨ ᠳᠠᠪᠲᠠᠨ ᠪᠤᠯᠪᠠᠰᠤᠷᠠᠭᠤᠯᠬᠤ 》 ᠬᠡᠷᠡᠭᠲᠡᠢ ᠃  ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ ᠂  ᠲᠣᠪᠣᠢ᠌ᠮ᠎ᠠ ᠠᠰᠠᠭᠤᠳᠠᠯ᠎ᠢ ᠬᠦᠴᠦ᠎ᠪᠠᠨ ᠲᠥᠪᠯᠡᠷᠡᠭᠦᠯᠦᠨ ᠴᠡᠭᠴᠡᠯᠡᠨ ᠵᠠᠰᠠᠵᠤ ᠂  ᠣᠶ ᠰᠢᠭᠤᠢ ᠨᠤᠲᠤᠭ ᠪᠡᠯᠴᠢᠭᠡᠷ᠎ᠢ ᠰᠦᠢ᠍ᠳᠬᠡᠬᠦ ᠂  ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠠᠰᠠᠭᠤᠳᠠᠯ ᠪᠣᠯᠣᠨ ᠲᠥᠪ᠎ᠤᠨ ᠲᠣᠭᠣᠷᠢᠨ ᠪᠠᠢ᠌ᠴᠠᠭ᠋ᠠᠯᠲᠠ ᠂  ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠠᠴᠠ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ᠃  ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ᠎ᠢ ᠨᠢᠭᠡ ᠵᠢ ᠢᠯᠡᠷᠡᠭᠦᠯᠪᠡᠯ ᠨᠢᠭᠡ ᠵᠢ ᠴᠢᠩᠭ᠎ᠠ ᠰᠢᠢ᠍ᠳᠬᠡᠬᠦ ᠵᠢᠨ ᠬᠠᠮᠲᠤ ᠨᠡᠢ᠌ᠭᠡᠮ ᠳᠠᠶᠠᠭ᠋ᠠᠷ᠎ᠲᠤ ᠰᠢᠨ᠎ᠡ ᠬᠡᠪ ᠰᠤᠷᠲᠠᠯ᠎ᠢ ᠪᠤᠶ ᠪᠤᠯᠭ᠋ᠠᠵᠤ ᠂  ᠪᠣᠯᠪᠠᠰᠤᠨ ᠢᠳᠡᠭᠡᠨ ᠤᠮᠳᠠᠭ᠋ᠠᠨ᠎ᠢ ᠰᠠᠨᠠᠭ᠋ᠠᠴᠢᠯᠠᠬᠤ ᠬᠡᠷᠡᠭᠲᠡᠢ ᠃  ᠰᠤᠷᠤᠯᠴᠠᠬᠤ ᠪᠠᠢ᠌ᠴᠠᠭ᠋ᠠᠬᠤ ᠰᠠᠢ᠌ᠵᠢᠷᠠᠭᠤᠯᠬᠤ ᠵᠢ ᠥᠴᠥᠬᠡᠨ ᠴᠦ᠍ ᠰᠤᠯᠠᠷᠠᠭᠤᠯᠤᠯ ᠦᠭᠡᠢ ᠰᠠᠢ᠌ᠲᠤᠷ ᠠᠳᠬᠤᠵᠤ ᠂  ᠰᠤᠷᠤᠯᠴᠠᠬᠤ᠎ᠳᠤ ᠶᠠᠰᠤ ᠴᠢᠨᠠᠷ᠎ᠲᠠᠢ ᠂  ᠪᠠᠢ᠌ᠴᠠᠭ᠋ᠠᠬᠤ᠎ᠳᠤ ᠡᠷᠴᠢᠮ᠎ᠲᠠᠢ ᠂  ᠰᠠᠢ᠌ᠵᠢᠷᠠᠭᠤᠯᠬᠤ᠎ᠳᠤ ᠦᠷ᠎ᠡ ᠪᠦᠲᠦᠮᠵᠢᠲᠡᠶ ᠪᠠᠢ᠌ᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠃  ᠡᠯ᠎ᠡ ᠱᠠᠯᠠᠪᠳᠠᠭᠤᠯᠤᠨ ᠵᠢᠯᠤᠭᠣᠳᠬᠤ ᠳᠤᠭᠤᠢ᠌ᠯᠠᠩ᠎ᠤᠨ᠎ᠬᠢᠨ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠴᠤ ᠂  ᠠᠳᠠᠯᠢ ᠰᠡᠳᠦᠪ᠎ᠲᠤ ᠬᠠᠮᠲᠤ᠎ᠪᠠᠷ ᠬᠠᠷᠢᠭᠤᠯᠲᠠ ᠥᠭᠬᠦ ᠵᠢ ᠪᠠᠷᠢᠮᠲᠠᠯᠠᠵᠤ ᠂  ᠠᠰᠠᠭᠤᠳᠠᠯ᠎ᠢ ᠢᠯᠡᠷᠡᠭᠦᠯᠬᠦ᠎ᠪᠠᠷ ᠪᠠᠷᠠᠬᠤ ᠦᠭᠡᠢ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠤᠨ ᠰᠢᠢ᠍ᠳᠪᠦᠷᠢᠯᠡᠬᠦ ᠬᠡᠷᠡᠭᠲᠡᠢ ᠃  ᠡᠭᠦᠷᠭᠡ ᠤᠯᠠᠮ ᠬᠦᠨᠳᠦ ᠪᠤᠯᠬᠤ ᠲᠤᠳᠤᠮ ᠤᠯᠠᠮ ᠰᠠᠢ᠌ᠨ ᠰᠤᠷᠲᠠᠯ ᠵᠶ᠋ᠠᠷ ᠰᠡᠳᠬᠢᠯ ᠨᠢᠭᠡᠳᠦᠨ  ᠬᠦᠴᠦ᠎ᠪᠠᠨ ᠬᠠᠮᠲᠤᠳᠬᠠᠵᠤ ᠂  ᠬᠥᠭᠵᠢᠯᠲᠡ ᠵᠢ ᠠᠬᠢᠭᠤᠯᠬᠤ ᠬᠡᠷᠡᠭᠲᠡᠢ ᠃  ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠭᠦᠨᠵᠡᠭᠡᠢ ᠠᠬᠢᠭᠤᠯᠵᠤ ᠂  ᠦᠷ᠎ᠡ ᠪᠦᠲᠦᠭᠡᠯ ᠵᠶ᠋ᠡᠨ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠪᠡ ᠃


4.jpg


ᠰᠦᠨ ᠱᠤᠤ ᠴᠧᠩ ᠬᠠᠮᠤᠭ᠎ᠤᠨ ᠰᠡᠭᠦᠯ᠎ᠳᠤ ᠂  ᠬᠢᠩᠭ᠋ᠠᠨ ᠠᠢ᠌ᠮᠠᠭ᠎ᠤᠨ ᠠᠮᠢ ᠠᠬᠤᠢ ᠵᠢᠨ ᠪᠠᠢ᠌ᠷᠢ ᠰᠠᠭᠤᠷᠢ ᠴᠢᠬᠤᠯᠠ ᠶᠤᠮ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ ᠂  ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠮᠥᠷᠭᠦᠯᠳᠦᠭᠡᠨ᠎ᠲᠠᠢ ᠦᠶ᠎ᠡ᠎ᠳᠤ ᠂  ᠵᠠᠪᠠᠯ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠲᠡᠷᠢᠭᠦᠨ᠎ᠳᠤ ᠲᠠᠯᠪᠢᠵᠤ ᠂  ᠡᠨᠡ ᠬᠦ᠌ ᠨᠣᠮᠢᠨ ᠨᠣᠭᠣᠭ᠋ᠠᠨ ᠥᠩᠭᠡ ᠵᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠪᠡ ᠃

ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ ᠂  ᠰᠦᠨ ᠱᠤᠤ ᠴᠧᠩ ᠪᠠᠰᠠ ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ᠎ᠳᠤ ᠬᠦᠷᠴᠦ ᠮᠣᠩᠭᠣᠯ ᠮᠣᠷᠢᠨ᠎ᠤ ᠵᠣᠷᠢᠭ ᠰᠠᠨᠠᠭ᠋ᠠᠨ᠎ᠤ ᠭᠣᠣᠯ ᠰᠡᠳᠦᠪᠲᠦ ᠬᠢᠴᠢᠶᠡᠯ᠎ᠤᠨ ᠭᠡᠷ᠎ᠢ ᠲᠣᠭᠣᠷᠢᠨ ᠦᠵᠡᠪᠡ ᠃

ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ ᠃

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ