7 ᠰᠠᠷ᠎ᠠ᠎ᠶᠢᠨ 8 ᠡᠴᠡ 9 ᠤ᠋ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠠᠯᠠᠱᠠ ᠠᠢᠮᠠᠭ᠎ᠲᠤ ᠬᠦᠷᠴᠦ᠂ ᠲᠡᠭᠷᠢ ᠡᠯᠡᠰᠦ ᠪᠣᠯᠣᠨ ᠠᠯᠠᠱᠠ ᠠᠭᠤᠯᠠᠨ᠎ᠳᠤ ᠭᠦᠨᠵᠡᠭᠡᠢᠷᠡᠵᠦ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ ᠶ᠋ᠢ ᠵᠠᠰᠠᠬᠤ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠠᠵᠢᠯ᠎ᠤᠨ ᠲᠤᠬᠠᠢ ᠪᠠᠢᠴᠠᠭᠠᠨ ᠰᠤᠳᠤᠯᠤᠯᠲᠠ ᠬᠢᠵᠡᠢ᠃
ᠰᠦᠨ ᠱᠤᠤ ᠴᠧᠩ ᠡᠩ ᠲᠡᠷᠢᠭᠦᠨ᠎ᠳᠦ ᠠᠯᠠᠱᠠ ᠠᠭᠤᠯᠠ ᠵᠢᠨ ᠣᠷᠣᠨ ᠪᠦᠰᠡ᠎ᠶᠢᠨ ᠨᠡᠭᠦᠷᠡᠰᠦᠨ ᠠᠭᠤᠷᠬᠠᠢ᠎ᠶᠢᠨ ᠭᠠᠯ᠎ᠤᠨ ᠠᠶᠤᠯ ᠡᠴᠡ ᠪᠣᠯᠵᠤ ᠰᠢᠲᠠᠵᠤ ᠪᠠᠢᠭ᠎ᠠ ᠣᠷᠣᠨ᠎ᠳᠤ ᠬᠦᠷᠴᠦ᠂ ᠠᠮᠢ ᠠᠬᠤᠢ᠎ᠶᠢ ᠰᠡᠷᠭᠦᠭᠡᠭᠰᠡᠨ ᠪᠠ ᠭᠠᠯ᠎ᠤᠨ ᠠᠶᠤᠯ ᠡᠴᠡ ᠪᠣᠯᠵᠤ ᠰᠢᠲᠠᠵᠤ ᠪᠠᠢᠭ᠎ᠠ ᠣᠷᠣᠨ᠎ᠢ ᠵᠠᠰᠠᠭᠰᠠᠨ ᠪᠠᠢᠳᠠᠯ᠎ᠢ ᠪᠠᠢᠴᠠᠭᠠᠨ ᠦᠵᠡᠪᠡ᠃ ᠲᠡᠷᠡ᠂ ᠪᠣᠬᠢᠷᠳᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠪᠦᠭᠦ ᠶᠠᠪᠤᠴᠠ᠎ᠳᠤ ᠲᠤᠭᠤᠰᠢᠯᠠᠭᠤᠯᠵᠤ᠂ ᠪᠣᠬᠢᠷᠳᠤᠯ ᠦᠭᠡᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠪᠦᠭᠦ ᠲᠠᠯ᠎ᠠ᠎ᠪᠠᠷ ᠴᠢᠩᠭᠠᠳᠬᠠᠵᠤ᠂ ᠳᠡᠮᠵᠢᠯᠭᠡ ᠶ᠋ᠢ ᠢᠳᠡᠪᠬᠢᠲᠡᠢ ᠪᠡᠷ ᠭᠤᠶᠤᠴᠢᠯᠠᠨ ᠣᠯᠵᠤ ᠪᠠᠢᠭᠠᠳ ᠨᠡᠭᠦᠷᠡᠰᠦᠨ ᠠᠭᠤᠷᠬᠠᠢ᠎ᠶᠢᠨ ᠭᠠᠯ᠎ᠤᠨ ᠠᠶᠤᠯ ᠡᠴᠡ ᠪᠣᠯᠵᠤ ᠰᠢᠲᠠᠵᠤ ᠪᠠᠢᠭ᠎ᠠ ᠣᠷᠣᠨ᠎ᠤ ᠵᠠᠰᠠᠯᠲᠠ᠎ᠶᠢ ᠠᠬᠢᠭᠤᠯᠵᠤ᠂ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠠᠵᠢᠯ᠎ᠢ ᠦᠷᠭᠦᠯᠵᠢᠯᠡᠨ ᠬᠦᠴᠦᠯᠡᠨ ᠥᠷᠨᠢᠭᠦᠯᠵᠦ᠂ ᠠᠮᠢ ᠠᠬᠤᠢ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃ ᠥᠪᠥᠷ ᠮᠣᠩᠭᠣᠯ᠎ᠤᠨ ᠠᠯᠠᠱᠠ ᠠᠭᠤᠯᠠ ᠵᠢᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠰᠢᠤᠸᠠᠢ ᠯᠢᠩ ᠽᠢ ᠳ᠋ᠤ᠌ ᠰᠦᠨ ᠱᠤᠤ ᠴᠧᠩ ᠠᠯᠠᠱᠠ ᠠᠭᠤᠯᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠤᠭᠰᠠᠨ ᠪᠥᠭᠡᠳ ᠬᠠᠮᠢᠶᠠᠷᠤᠨ ᠬᠠᠮᠠᠭᠠᠯᠠᠬᠤ ᠥᠷᠲᠡᠭᠡ᠎ᠳᠦ ᠬᠦᠷᠴᠦ ᠶᠡᠷᠦᠩᠬᠡᠢᠯᠡᠭᠰᠡᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠲᠠᠪᠴᠠᠩ᠎ᠤᠨ ᠠᠵᠢᠯᠯᠠᠭᠠᠨ᠎ᠤ ᠪᠠᠢᠳᠠᠯ᠎ᠢ ᠪᠠᠢᠴᠠᠭᠠᠨ ᠦᠵᠡᠪᠡ᠃ ᠲᠡᠷᠡ᠂ ᠠᠯᠠᠱᠠ ᠠᠭᠤᠯᠠ ᠵᠢᠨ ᠬᠠᠭᠠᠰ ᠨᠢ ᠥᠪᠥᠷ ᠮᠣᠩᠭᠣᠯ᠎ᠳᠤ ᠪᠠᠢᠨ᠎ᠠ᠂ ᠠᠯᠠᠱᠠ ᠠᠭᠤᠯᠠ ᠵᠢᠨ ᠠᠮᠢ ᠠᠬᠤᠢ᠎ᠶᠢ ᠰᠠᠢᠲᠤᠷ ᠬᠠᠮᠠᠭᠠᠯᠠᠬᠤ ᠪᠣᠯ ᠪᠢᠳᠡᠨ᠎ᠦ ᠡᠭᠦᠷᠭᠡ ᠬᠠᠷᠢᠭᠤᠴᠠᠯᠭ᠎ᠠ ᠮᠥᠨ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ᠎ᠢ ᠪᠠᠲᠤ ᠪᠤᠶ ᠪᠤᠯᠭᠠᠵᠤ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠵᠦ᠂ ᠡᠨᠡ ᠬᠦ᠌ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠨᠠᠩ ᠪᠠᠲᠤ ᠪᠡᠬᠢ ᠪᠠᠢᠭᠤᠯᠬᠤ᠎ᠪᠠᠷ ᠴᠢᠷᠮᠠᠢᠬᠤ ᠬᠡᠷᠡᠭᠲᠡᠢ ᠭᠡᠵᠦ ᠬᠡᠯᠡᠪᠡ᠃
ᠲᠡᠭᠷᠢ ᠡᠯᠡᠰᠦᠨ᠎ᠦ ᠵᠡᠭᠦᠨ ᠬᠥᠪᠡᠭᠡᠨ᠎ᠳᠠᠬᠢ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠲᠦᠷᠦᠯ ᠵᠦᠢᠯ᠎ᠦᠨ ᠣᠷᠣᠨ ᠪᠣᠯᠣᠨ 《ᠵᠠᠭᠤᠨ ᠲᠦᠮᠡᠨ ᠮᠦ᠍》 ᠵᠠᠭ ᠮᠣᠳᠣᠨ᠎ᠤ ᠠᠮᠢ ᠠᠬᠤᠢ᠎ᠶᠢᠨ ᠤᠢ᠎ᠶᠢᠨ ᠰᠠᠭᠤᠷᠢᠨ᠎ᠤ ᠵᠡᠭᠦᠨ ᠪᠡᠯ ᠲᠦᠷᠦᠯ ᠵᠦᠢᠯ᠎ᠦᠨ ᠲᠣᠭᠣᠷᠢᠭ᠋᠎ᠲᠤ ᠰᠦᠨ ᠱᠤᠤ ᠴᠧᠩ ᠪᠦᠲᠦᠭᠡᠨ ᠪᠠᠢᠭᠤᠯᠵᠤ ᠪᠠᠢᠭ᠎ᠠ ᠲᠦᠷᠦᠯ ᠵᠦᠢᠯ᠎ᠦᠨ ᠠᠬᠢᠴᠠ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠨᠢᠭᠡᠨᠲᠡ ᠵᠠᠰᠠᠭᠰᠠᠨ ᠣᠷᠣᠨ ᠪᠦᠰᠡ᠎ᠶᠢᠨ ᠦᠷ᠎ᠡ ᠪᠦᠲᠦᠮᠵᠢ᠎ᠶᠢ ᠰᠤᠭᠤᠴᠢᠨ ᠪᠠᠢᠴᠠᠭᠠᠭᠰᠠᠨ ᠪᠥᠭᠡᠳ ᠲᠤᠬᠠᠢ᠎ᠶᠢᠨ ᠲᠠᠯᠠᠪᠠᠢ᠎ᠶᠢᠨ ᠺᠠᠳ᠋ᠷ ᠤᠯᠠᠨ ᠲᠦᠮᠡᠨ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠮᠠᠲᠧᠷᠢᠶᠠᠯ᠎ᠤᠨ ᠢᠷᠡᠯᠲᠡ᠂ ᠮᠧᠬᠠᠨᠢᠭ᠋᠎ᠤᠨ ᠬᠡᠷᠡᠭᠯᠡᠭᠡ᠂ ᠡᠯᠡᠰᠦ᠎ᠶᠢ ᠵᠠᠰᠠᠭᠰᠠᠨ ᠥᠪᠡᠷ᠎ᠦᠨ ᠦᠷᠳᠡᠭ᠂ ᠬᠥᠯᠥᠰᠦᠨ ᠠᠵᠢᠯᠴᠢᠨ᠎ᠤ ᠣᠷᠣᠯᠭ᠎ᠠ ᠵᠡᠷᠭᠡ ᠪᠠᠢᠳᠠᠯ᠎ᠢ ᠨᠠᠷᠢᠨ ᠠᠰᠠᠭᠤᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠳ᠋ ᠶᠡᠷᠦᠩᠬᠡᠢ ᠰᠠᠢᠳ ᠾᠧ ᠯᠢ ᠹᠧᠩ᠎ᠤᠨ ᠮᠠᠨ᠎ᠤ ᠣᠷᠣᠨ᠎ᠳᠤ ᠪᠠᠢᠴᠠᠭᠠᠨ ᠰᠤᠳᠤᠯᠤᠯᠲᠠ ᠬᠢᠬᠦ᠎ᠳᠡᠭᠡᠨ ᠳᠤᠷᠠᠳᠤᠭᠰᠠᠨ ᠠᠵᠢᠯ᠎ᠤᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠶ᠋ᠢ ᠵᠠᠰᠠᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠬᠤᠵᠤ᠂ ᠪᠦᠭᠦ ᠵᠢᠯ᠎ᠦᠨ ᠬᠠᠷᠠᠯᠲᠠ ᠡᠭᠦᠷᠭᠡ᠎ᠪᠡᠨ ᠪᠦᠭᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠨᠢᠭᠡ ᠪᠦᠯᠦᠭ ᠨᠢᠳᠦᠨ᠎ᠳᠦ ᠦᠵᠡᠭᠳᠡᠮ᠎ᠡ᠂ ᠨᠡᠷ᠎ᠡ ᠨᠢᠳᠡᠷ᠎ᠲᠡᠬᠡᠨ ᠲᠣᠬᠢᠷᠠᠭᠰᠠᠨ᠂ ᠴᠢᠨᠠᠷ ᠰᠠᠢᠲᠠᠢ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠴᠢᠷᠮᠠᠢᠨ ᠪᠤᠶ ᠪᠤᠯᠭᠠᠬᠤ ᠬᠡᠷᠡᠭᠲᠡᠢ᠃ ᠣᠳᠣᠬᠠᠨ᠎ᠳᠤ ᠪᠠᠳᠠᠢ᠎ᠶᠢᠨ ᠵᠢᠷᠠᠨ᠂ ᠲᠡᠭᠷᠢ᠂ ᠤᠯᠠᠭᠠᠨᠪᠤᠬ᠎ᠠ ᠭᠤᠷᠪᠠᠨ ᠶᠡᠬᠡ ᠡᠯᠡᠰᠦᠨ ᠴᠦᠯ᠎ᠦᠨ ᠤᠢ ᠰᠢᠭᠤᠢ ᠨᠤᠲᠤᠭ ᠪᠡᠯᠴᠢᠭᠡᠷ᠎ᠦᠨ ᠵᠠᠬ᠎ᠠ ᠶ᠋ᠢ ᠨᠢ ᠪᠤᠷᠤᠤᠯᠠᠬ᠍ᠰᠠᠨ ᠪᠦᠰᠡ ᠶ᠋ᠢ ᠤᠷᠤᠭᠰᠢᠲᠠᠢ᠎ᠪᠠᠷ ᠨᠡᠢᠯᠡᠭᠦᠯᠪᠡ᠃ ᠪᠡᠬᠢᠵᠢᠭᠦᠯᠦᠨ ᠥᠷᠭᠡᠳᠬᠡᠬᠦ ᠶ᠋ᠢ ᠠᠩᠬᠠᠷᠴᠤ᠂ ᠭᠢᠯᠪᠠᠷ ᠪᠤᠰᠤ᠎ᠪᠠᠷ ᠣᠯᠣᠭᠰᠠᠨ ᠦᠷ᠎ᠡ ᠪᠦᠲᠦᠭᠡᠯ᠎ᠢᠶᠡᠨ ᠪᠡᠬᠢᠵᠢᠭᠦᠯᠬᠦ ᠬᠡᠷᠡᠭᠲᠡᠢ᠃ ᠲᠤᠬᠠᠢ᠎ᠶᠢᠨ ᠭᠠᠵᠠᠷ᠎ᠡᠴᠡ ᠮᠠᠲᠧᠷᠢᠶᠠᠯ ᠠᠪᠬᠤ ᠶ᠋ᠢ ᠴᠢᠩᠭᠠᠳᠬᠠᠵᠤ᠂ ᠡᠯᠡᠰᠦ᠎ᠶᠢ ᠵᠠᠰᠠᠬᠤ ᠥᠪᠡᠷ᠎ᠦᠨ ᠥᠷᠲᠡᠭ᠎ᠢ ᠠᠷᠪᠢᠯᠠᠵᠤ᠂ ᠮᠠᠰᠢᠨ᠎ᠢᠶᠠᠷ ᠡᠯᠡᠰᠦ᠎ᠶᠢ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠠᠷᠭ᠎ᠠ ᠪᠦᠭᠦᠨ᠎ᠢ ᠰᠦᠪᠡᠭᠴᠢᠯᠡᠨ ᠴᠢᠬᠢ ᠮᠣᠳᠣᠨ᠎ᠤ ᠡᠳᠡᠭᠡᠷᠡᠯᠲᠡ᠎ᠶᠢᠨ ᠨᠣᠷᠮ᠎ᠠ᠎ᠶᠢ ᠳᠡᠭᠡᠭᠰᠢᠯᠡᠭᠦᠯᠵᠦ᠂ ᠨᠢᠭᠡ ᠬᠡᠰᠡᠭ᠎ᠢ ᠵᠠᠰᠠᠵᠤ ᠨᠢᠭᠡ ᠬᠡᠰᠡᠭ᠎ᠢ ᠪᠦᠲᠦᠭᠡᠵᠦ ᠨᠢᠭᠡ ᠬᠡᠰᠡᠭ᠎ᠢ ᠨᠣᠭᠣᠭᠠᠷᠠᠭᠤᠯᠬᠤ᠎ᠶᠢ ᠪᠠᠲᠤᠯᠠᠬᠤ ᠬᠡᠷᠡᠭᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠤᠢ ᠰᠢᠭᠤᠢ ᠨᠤᠲᠤᠭ ᠪᠡᠯᠴᠢᠭᠡᠷ᠎ᠤᠨ ᠠᠵᠤ ᠦᠢᠯᠡᠰ᠎ᠢ ᠬᠥᠭᠵᠢᠭᠦᠯᠵᠦ᠂ ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ ᠬᠡᠪᠴᠢᠶ᠎ᠡ᠎ᠶᠢ ᠥᠷᠭᠡᠳᠬᠡᠵᠦ᠂ ᠤᠯᠠᠨ ᠲᠦᠮᠡᠨ᠎ᠦ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ᠎ᠶᠢ ᠨᠡᠩ ᠰᠠᠢᠲᠤᠷ ᠠᠬᠢᠭᠤᠯᠬᠤ ᠬᠡᠷᠡᠭᠲᠡᠢ ᠭᠡᠵᠡᠢ᠃
ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃