7 ᠰᠠᠷ᠎ᠠ᠎ᠶᠢᠨ 8 ᠡᠴᠡ 10 ᠤ᠋ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠰᠢᠯᠢ᠎ᠶᠢᠨ ᠭᠣᠣᠯ ᠠᠢᠮᠠᠭ᠎ᠲᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠠᠵᠤ ᠦᠢᠯᠡᠰ᠎ᠦᠨ ᠬᠥᠭᠵᠢᠯᠲᠡ ᠵᠢᠴᠢ ᠪᠣᠭᠣᠮᠲᠠ᠎ᠶᠢᠨ ᠪᠦᠲᠦᠭᠡᠨ ᠪᠠᠢᠭᠤᠯᠤᠯᠲᠠ ᠵᠡᠷᠭᠡ ᠠᠵᠢᠯ᠎ᠢ ᠪᠠᠢᠴᠠᠭᠠᠨ ᠰᠤᠳᠤᠯᠪᠠ᠃
ᠸᠠᠩ ᠯᠢ ᠰᠢᠶᠠ ᠰᠢᠯᠢ᠎ᠶᠢᠨ ᠭᠣᠣᠯ᠎ᠤᠨ ᠲᠠᠯ᠎ᠠ ᠨᠤᠲᠤᠭ᠎ᠤᠨ ᠬᠠᠮᠠᠭᠠᠯᠠᠯᠲᠠ᠎ᠶᠢᠨ ᠪᠠᠢᠳᠠᠯ᠎ᠢ ᠮᠠᠰᠢ ᠬᠠᠯᠠᠮᠵᠢᠯᠠᠵᠤ᠂ ᠪᠠᠢᠴᠠᠭᠠᠨ ᠰᠤᠳᠤᠯᠤᠯᠲᠠ ᠬᠢᠬᠦ ᠵᠠᠮ ᠵᠠᠭᠤᠷ᠎ᠠ᠎ᠪᠠᠨ ᠨᠤᠲᠤᠭ ᠪᠡᠯᠴᠢᠭᠡᠷ᠎ᠢ ᠡᠪᠳᠡᠭᠰᠡᠨ ᠰᠡᠵᠢᠭᠯᠡᠯᠲᠡᠢ ᠦᠵᠡᠭᠳᠡᠯ᠎ᠢ ᠣᠯᠵᠤ ᠮᠡᠳᠡᠮᠡᠭᠴᠡ ᠲᠤᠬᠠᠢ᠎ᠶᠢᠨ ᠲᠠᠯᠠᠪᠠᠢ᠎ᠳᠤ ᠬᠠᠷᠭᠤᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠱᠠᠭᠠᠷᠳᠠᠵᠤ᠂ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠢ ᠬᠥᠮᠥᠵᠢᠭᠦᠯᠵᠦ ᠪᠠᠢᠭᠠᠳ ᠭᠡᠷ᠎ᠡ᠎ᠶᠢᠨ ᠵᠣᠷᠢᠭ᠋ ᠰᠠᠨᠠᠭ᠎ᠠ᠎ᠶᠢ ᠴᠢᠩᠭᠠᠳᠬᠠᠵᠤ᠂ ᠪᠡᠯᠴᠢᠭᠡᠷᠯᠡᠭᠦᠯᠬᠦ᠎ᠶᠢ ᠵᠣᠭᠰᠤᠭᠠᠬᠤ᠂ ᠮᠠᠯ ᠪᠡᠯᠴᠢᠭᠡᠷ᠎ᠦᠨ ᠲᠡᠩᠴᠡᠭᠦᠷᠢ ᠶ᠋ᠢ ᠪᠠᠲᠤᠯᠠᠬᠤ ᠤᠯᠤᠰ᠎ᠤᠨ ᠨᠥᠬᠥᠪᠦᠷᠢ᠎ᠶᠢ ᠭᠥᠯᠢᠶᠡᠨ ᠠᠪᠤᠭᠰᠠᠨ ᠪᠠᠢᠪᠠᠯ ᠡᠷᠬᠡᠪᠰᠢ ᠬᠠᠮᠠᠭᠠᠯᠠᠬᠤ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠬᠦ ᠬᠡᠷᠡᠭᠲᠡᠢ᠃ ᠭᠠᠴᠠᠭ᠎ᠠ ᠲᠣᠰᠬᠣᠨ᠎ᠤ 《ᠬᠣᠶᠠᠷ ᠵᠥᠪᠯᠡᠯ》 ᠵᠡᠷᠭᠡ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢ ᠳᠠᠢᠴᠢᠯᠠᠨ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠦᠨ ᠮᠡᠳᠡᠭᠦᠯᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠡᠴᠡ ᠣᠶ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢᠳᠬᠡᠭᠰᠡᠨ ᠦᠵᠡᠭᠳᠡᠯ᠎ᠢ ᠢᠯᠡᠷᠡᠭᠦᠯᠦᠮᠡᠭᠴᠡ ᠴᠣᠬᠢᠯᠲᠠ ᠥᠭᠴᠦ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠥᠮᠥᠨ ᠪᠦᠭᠦᠨ ᠡᠪᠳᠡᠬᠦ ᠵᠣᠷᠢᠭ᠋ ᠦᠭᠡᠢ᠂ ᠬᠥᠮᠥᠨ ᠪᠦᠭᠦᠨ ᠦᠨᠡᠨ ᠰᠡᠳᠬᠢᠯ᠎ᠡᠴᠡ᠎ᠪᠡᠨ ᠬᠠᠢᠷᠠᠯᠠᠨ ᠬᠠᠮᠠᠭᠠᠯᠠᠬᠤ ᠠᠭᠤᠷ ᠠᠮᠢᠰᠬᠤᠯ᠎ᠢ ᠦᠨᠡᠨ ᠬᠦ᠌ ᠪᠤᠶ ᠪᠤᠯᠭᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠨᠠᠩ ᠪᠠᠲᠤ ᠪᠡᠬᠢ ᠪᠣᠯᠭᠠᠨ ᠪᠠᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠡᠷ ᠰᠢᠯᠢᠩᠬᠣᠲᠠ᠎ᠶᠢᠨ ᠲᠡᠭᠦᠷᠭᠡ᠎ᠶᠢᠨ ᠨᠢᠭᠡᠨ ᠬᠣᠭ ᠨᠣᠪᠰᠢ ᠪᠤᠯᠠᠬᠤ ᠲᠠᠯᠠᠪᠤᠷ᠎ᠲᠤ ᠬᠦᠷᠴᠦ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠲᠠ ᠡᠴᠡ ᠵᠢᠭᠠᠨ ᠭᠠᠷᠭᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠤᠭᠰᠠᠨ ᠪᠠᠢᠳᠠᠯ᠎ᠢ ᠪᠠᠢᠴᠠᠭᠠᠵᠤ᠂ ᠬᠠᠲᠠᠭᠤ ᠲᠠᠶ ᠨᠢ ᠬᠠᠯᠳᠠᠵᠤ ᠴᠡᠭᠴᠡᠯᠡᠨ ᠰᠠᠢᠵᠢᠷᠠᠭᠤᠯᠬᠤ᠎ᠶᠢ ᠠᠳᠬᠤᠵᠤ᠂ ᠪᠠᠷᠢᠮᠵᠢᠶ᠎ᠠ᠎ᠶᠢ ᠶᠠᠭᠠᠬᠢᠭ᠍ᠰᠠᠨ ᠴᠤ᠌ ᠪᠠᠭᠤᠷᠠᠭᠤᠯᠵᠤ ᠪᠤᠯᠬᠤ ᠦᠭᠡᠢ᠂ ᠨᠡᠩ ᠴᠤ᠌ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠤᠯᠬᠤ ᠦᠭᠡᠢ᠂ ᠨᠢᠭᠡ᠎ᠡᠴᠡ ᠨᠦᠭᠦᠭᠡ᠎ᠶᠢ ᠵᠦᠢᠴᠢᠯᠡᠨ ᠮᠡᠳᠡᠵᠦ ᠪᠠᠢᠭᠠᠳ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠯ᠎ᠡ ᠵᠦᠢᠯ᠎ᠦᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
ᠤᠯᠠᠭᠠᠢ᠎ᠶᠢᠨ ᠤᠯᠠᠨ ᠲᠣᠬᠣᠢ ᠦᠵᠡᠮᠵᠢ ᠵᠢᠨ ᠣᠷᠣᠨ ᠨᠢ ᠶᠠᠭ ᠤᠯᠤᠰ᠎ᠤᠨ 5 A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢ ᠡᠭᠦᠳᠦᠨ ᠪᠠᠢᠭᠤᠯᠬᠤ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠰᠢᠵᠤ ᠪᠠᠢᠨ᠎ᠠ᠃ ᠸᠠᠩ ᠯᠢ ᠰᠢᠶᠠ ᠡᠭᠦᠳᠦᠨ ᠪᠠᠢᠭᠤᠯᠬᠤ ᠠᠬᠢᠴᠠ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠵᠤ᠂ 《ᠬᠤᠯᠠ ᠵᠢᠨ ᠲᠡᠷᠭᠡᠯ ᠨᠤᠲᠤᠭ ᠤᠯᠠᠭᠠᠢ》 ᠪᠣᠯ ᠳᠡᠭᠡᠳᠦ ᠲᠡᠭᠷᠢ᠎ᠡᠴᠡ ᠰᠣᠶᠣᠷᠬᠠᠭᠰᠠᠨ ᠬᠣᠪᠣᠷ ᠡᠷᠳᠡᠨᠢ ᠮᠥᠨ᠂ ᠵᠢᠭᠤᠯᠴᠢᠯᠠᠬ᠍ᠰᠡᠳ᠎ᠤᠨ ᠬᠡᠷᠡᠭᠴᠡᠭᠡ ᠱᠠᠭᠠᠷᠳᠠᠯᠭ᠎ᠠ᠎ᠡᠴᠡ ᠡᠭᠦᠰᠴᠦ᠂ ᠨᠠᠷᠢᠨ ᠵᠦᠢᠯᠡᠰ᠎ᠢ ᠴᠢᠬᠤᠯᠠᠴᠢᠯᠠᠨ᠂ ᠭᠣᠭᠴᠣᠭ᠎ᠠ ᠳᠠᠷᠠᠭᠠᠯᠠᠨ ᠰᠠᠢᠵᠢᠷᠠᠭᠤᠯᠤᠨ ᠳᠡᠭᠡᠭᠰᠢᠯᠡᠭᠦᠯᠵᠦ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠮᠵᠢ᠎ᠶᠢᠨ ᠣᠷᠣᠨ᠎ᠳᠤ ᠣᠷᠣᠭᠤᠯᠬᠤ᠎ᠶᠢ ᠵᠣᠬᠢᠶᠠᠨ ᠪᠠᠢᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠤᠨ᠂ ᠭᠠᠵᠠᠷ ᠪᠣᠯᠭᠠᠨ᠎ᠳᠤ ᠴᠥᠮ ᠥᠪᠥᠷ ᠮᠣᠩᠭᠣᠯ᠎ᠤᠨ ᠦᠨᠦᠷ ᠠᠮᠲᠠ ᠶ᠋ᠢ ᠪᠢᠯᠬᠠᠭᠤᠯᠬᠤ ᠬᠡᠷᠡᠭᠲᠡᠢ᠃ ᠡᠵᠡᠩᠨᠡᠯᠲᠡ᠎ᠶᠢᠨ ᠣᠢᠯᠠᠭᠠᠭᠳᠠᠬᠤᠨ᠎ᠢ ᠪᠤᠶ ᠪᠤᠯᠭᠠᠵᠤ᠂ ᠵᠢᠭᠤᠯᠴᠢᠯᠠᠯ᠎ᠤᠨ ᠠᠵᠤ ᠠᠬᠤᠢ᠎ᠶᠢ ᠬᠦᠴᠦᠷᠬᠡᠭᠵᠢᠭᠦᠯᠦᠨ᠂ 《ᠶᠠᠭᠤ ᠢᠳᠡᠬᠦ᠂ ᠶᠠᠭᠤ ᠤᠤᠭᠤᠬᠤ᠂ ᠶᠠᠮᠠᠷ ᠪᠠᠭᠤᠳᠠᠯ᠎ᠳᠤ ᠰᠠᠭᠤᠬᠤ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ》 ᠵᠢᠨ ᠲᠣᠭᠣᠷᠢᠨ᠎ᠳᠤ ᠡᠵᠡᠩᠨᠡᠯᠲᠡ᠎ᠶᠢᠨ ᠭᠡᠯᠪᠡᠷᠢ ᠪᠠᠢᠳᠠᠯ᠎ᠢ ᠪᠠᠶᠠᠯᠢᠭ᠍ᠵᠢᠭᠤᠯᠤᠨ᠂ ᠨᠠᠩ ᠣᠯᠠᠨ ᠪᠡᠶᠡᠴᠢᠯᠡᠨ ᠣᠢᠯᠠᠭᠠᠬᠤ ᠴᠢᠨᠠᠷ᠂ ᠬᠣᠷᠰᠢᠯᠴᠠᠬᠤ ᠴᠢᠨᠠᠷ᠎ᠢᠶᠠᠷ ᠴᠢᠩᠭ᠎ᠠ ᠲᠥᠷᠥᠯ ᠵᠦᠢᠯ᠎ᠢ ᠨᠡᠭᠡᠭᠡᠨ ᠬᠥᠭᠵᠢᠭᠦᠯᠵᠦ᠂ ᠤᠬᠠᠭᠤᠯᠤᠨ ᠵᠢᠭᠤᠯᠴᠢᠯᠠᠬ᠍ᠰᠡᠳ᠎ᠢ ᠲᠠᠲᠠᠬᠤ ᠡᠷᠴᠢᠮ᠎ᠢᠶᠡᠨ ᠴᠢᠩᠭᠠᠷᠠᠭᠤᠯᠤᠨ᠂ ᠨᠠᠩ ᠣᠯᠠᠨ ᠬᠥᠮᠥᠰ᠎ᠤᠨ ᠲᠠᠯ᠎ᠠ ᠨᠤᠲᠤᠭ᠎ᠲᠤ ᠬᠦᠷᠦᠯᠴᠡᠨ ᠢᠷᠡᠵᠦ ᠰᠡᠯᠡᠭᠦᠴᠡᠨ ᠠᠮᠠᠷᠠᠬᠤ ᠶ᠋ᠢ ᠲᠠᠲᠠᠵᠤ᠂ ᠲᠤᠬᠠᠢ᠎ᠶᠢᠨ ᠭᠠᠵᠠᠷ᠎ᠤᠨ ᠮᠠᠯᠴᠢᠨ ᠲᠠᠷᠢᠶᠠᠴᠢᠨ᠎ᠢ ᠳᠠᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠸᠠ ᠰᠢ ᠦᠬᠡᠷ ᠪᠣᠯ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠥᠮᠴᠢᠯᠡᠯ᠎ᠦᠨ ᠡᠷᠬᠡ᠎ᠲᠠᠢ ᠮᠢᠬᠠᠨ᠎ᠤ ᠦᠬᠡᠷ᠎ᠦᠨ ᠰᠢᠨ᠎ᠡ ᠡᠭᠦᠯᠳᠡᠷ ᠪᠣᠯᠣᠨ᠎ᠠ᠃ ᠸᠠᠩ ᠯᠢ ᠰᠢᠶᠠ ᠮᠠᠯᠴᠢᠨ ᠪᠠᠢ ᠲᠢᠶᠧ ᠵᠦ᠍ ᠵᠢᠨ ᠭᠡᠷ ᠪᠦᠯᠢ᠎ᠶᠢᠨ ᠮᠠᠯᠵᠢᠯ᠎ᠤᠨ ᠲᠠᠯᠠᠪᠠᠢ᠎ᠳᠤ ᠭᠦᠨᠵᠡᠭᠡᠢᠷᠡᠵᠦ᠂ ᠤᠯᠠᠨ᠎ᠲᠠᠢ ᠬᠠᠮᠲᠤ ᠰᠠᠭᠤᠯᠴᠠᠵᠤ ᠮᠠᠯ ᠠᠵᠤ ᠠᠬᠤᠢ᠎ᠶᠢᠨ ᠥᠪᠡᠷ᠎ᠦᠨ ᠦᠷᠳᠡᠭ᠎ᠢ ᠪᠠᠭᠤᠷᠠᠭᠤᠯᠵᠤ ᠦᠷ᠎ᠡ ᠠᠰᠢᠭ᠋᠎ᠢ ᠨᠡᠮᠡᠭᠳᠡᠭᠦᠯᠬᠦ ᠠᠷᠭ᠎ᠠ ᠵᠠᠮ᠎ᠢ ᠰᠤᠳᠤᠯᠤᠨ ᠶᠠᠷᠢᠯᠴᠠᠵᠤ᠂ ᠲᠤᠬᠠᠢ᠎ᠶᠢᠨ ᠭᠠᠵᠠᠷ᠎ᠤᠨ ᠵᠠᠰᠠᠭ᠎ᠤᠨ ᠣᠷᠳᠣᠨ᠎ᠢ ᠤᠯᠤᠰ᠎ᠤᠨ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠬᠤᠪᠢ ᠨᠡᠮᠡᠷᠢ ᠦᠵᠡᠭᠦᠯᠭᠦ ᠥᠨᠳᠥᠷᠴᠡ ᠡᠴᠡ ᠰᠢᠯᠢᠳᠡᠭ ᠡᠭᠦᠯᠳᠡᠷ᠎ᠢ ᠪᠣᠢᠵᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠤᠸᠠ ᠰᠢ ᠦᠬᠡᠷ ᠭᠡᠬᠦ ᠡᠨᠡ ᠬᠦ᠌ ᠲᠦᠷᠦᠯ ᠲᠡᠮᠳᠡᠭ᠎ᠢ ᠰᠠᠢᠲᠤᠷ ᠪᠦᠲᠦᠭᠡᠨ ᠪᠠᠢᠭᠤᠯᠬᠤ ᠭᠡᠷᠡᠭᠲᠡᠢ;ᠮᠠᠯᠴᠢᠳ᠎ᠢ ᠬᠥᠲᠥᠯᠥᠨ ᠵᠢᠯᠤᠭᠣᠳᠴᠤ ᠪᠠᠢᠭᠠᠳ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠮᠠᠶᠢᠭ᠋᠎ᠢᠶᠠᠨ ᠬᠤᠪᠢᠷᠠᠭᠤᠯᠵᠤ᠂ ᠪᠣᠷᠳᠣᠬᠤ ᠳᠡᠭᠡᠷ᠎ᠡ ᠬᠦᠴᠦ ᠲᠠᠯᠪᠢᠵᠤ᠂ ᠮᠢᠬᠠᠨ᠎ᠤ ᠦᠬᠡᠷ᠎ᠦᠨ ᠠᠵᠤ ᠦᠢᠯᠡᠰ᠎ᠦᠨ ᠨᠡᠮᠡᠯᠲᠡ ᠥᠷᠲᠡᠭ᠎ᠢ ᠴᠢᠨᠠᠭᠰᠢᠳᠠ ᠳᠡᠭᠡᠭᠰᠢᠯᠡᠭᠦᠯᠭᠦ ᠭᠡᠷᠡᠭᠲᠡᠶ; ᠲᠡᠵᠢᠭᠡᠬᠦ᠎ᠶᠢᠨ ᠲᠥᠯᠥᠭᠡ ᠲᠠᠷᠢᠬᠤ᠎ᠶᠢ ᠪᠠᠷᠢᠮᠲᠠᠯᠠᠵᠤ᠂ ᠪᠡᠯᠴᠢᠭᠡᠷ᠎ᠦᠨ ᠪᠠᠭᠲᠠᠭᠠᠮᠵᠢ᠎ᠶᠢ ᠵᠣᠬᠢᠰᠲᠠᠢ ᠬᠢᠵᠠᠭᠠᠷᠯᠠᠵᠤ᠂ ᠡᠪᠡᠰᠦᠨ᠎ᠦ ᠦᠢᠯᠡᠰ᠎ᠦᠨ ᠬᠥᠭᠵᠢᠯᠲᠡ᠎ᠶᠢᠨ ᠲᠤᠷᠰᠢᠯᠲᠠ᠎ᠶᠢᠨ ᠣᠷᠣᠨ᠎ᠢ ᠰᠦᠪᠡᠭᠴᠢᠯᠡᠨ ᠪᠠᠢᠭᠤᠯᠬᠤ ᠬᠡᠷᠡᠭᠲᠡᠢ ᠭᠡᠵᠦ ᠵᠠᠬᠢᠪᠠ᠃ ᠪᠠᠢ ᠲᠢᠶᠧ ᠵᠦ᠍ ᠵᠢᠨ ᠭᠢᠨ ᠪᠣᠯ ᠨᠠᠮ᠎ᠤᠨ ᠭᠡᠰᠢᠭᠦᠨ᠎ᠦ ᠭᠣᠣᠯᠳᠠᠯᠭᠠᠲᠤ ᠡᠷᠦᠭᠡ ᠪᠤᠯᠬᠤ᠎ᠶᠢ ᠮᠡᠳᠡᠭᠡᠳ ᠲᠡᠷᠡ ᠨᠠᠮ᠎ᠤᠨ ᠭᠡᠰᠢᠭᠦᠨ ᠨᠢᠭᠡ ᠪᠦᠷᠢ ᠴᠥᠮ ᠮᠠᠯᠵᠢᠬᠤ ᠣᠷᠣᠨ᠎ᠤ ᠲᠤᠭ ᠲᠡᠮᠳᠡᠭ ᠮᠥᠨ᠂ ᠵᠢᠱ᠌ᠢᠶᠡᠴᠢ ᠦᠢᠯᠡᠳᠦᠯ᠎ᠢᠶᠡᠨ ᠪᠠᠳᠠᠷᠠᠭᠤᠯᠵᠤ᠂ ᠠᠵᠤ ᠦᠢᠯᠡᠰ᠎ᠦᠨ ᠬᠥᠭᠵᠢᠯᠲᠡ᠎ᠶᠢᠨ ᠲᠠᠯ᠎ᠠ᠎ᠪᠠᠷ ᠰᠠᠢᠲᠤᠷ ᠳᠠᠭᠠᠭᠤᠯᠬᠤ᠎ᠪᠠᠷ ᠪᠠᠷᠠᠬᠤ ᠦᠭᠡᠢ ᠳᠡᠷᠭᠡᠳᠡᠬᠢ ᠤᠯᠠᠨ ᠲᠦᠮᠡᠨ᠎ᠢᠶᠡᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠬᠤ᠎ᠶᠢ ᠬᠥᠲᠥᠯᠥᠨ ᠳᠠᠭᠠᠭᠤᠯᠵᠤ ᠳᠠᠢᠴᠢᠯᠠᠬᠤ ᠬᠡᠷᠡᠭᠲᠡᠢ ᠭᠡᠵᠦ ᠬᠡᠯᠡᠪᠡ᠃
ᠸᠠᠩ ᠯᠢ ᠰᠢᠶᠠ ᠪᠠᠰᠠ ᠵᠡᠭᠦᠨ ᠬᠠᠲᠠᠪᠴᠢ ᠪᠣᠭᠣᠮᠲᠠ᠎ᠳᠤ ᠬᠦᠷᠴᠦ ᠪᠦᠲᠦᠭᠡᠨ ᠪᠠᠢᠭᠤᠯᠤᠯᠲᠠ ᠪᠠ ᠠᠵᠢᠯᠯᠠᠭᠠᠨ᠎ᠤ ᠪᠠᠢᠳᠠᠯ᠎ᠢ ᠣᠢᠯᠠᠭᠠᠵᠤ᠂ ᠪᠣᠳᠠᠲᠤ ᠪᠠᠢᠳᠠᠯ᠎ᠳᠠᠭᠠᠨ ᠰᠠᠭᠤᠷᠢᠯᠠᠨ ᠪᠣᠭᠣᠮᠲᠠ᠎ᠶᠢᠨ ᠬᠥᠭᠵᠢᠯᠲᠡ᠎ᠶᠢ ᠤᠬᠠᠭᠠᠯᠠᠨ ᠲᠥᠯᠥᠪᠯᠡᠵᠦ᠂ ᠬᠢᠬᠦ ᠶ᠋ᠢ ᠨᠢ ᠬᠢᠵᠦ ᠬᠢᠬᠦ ᠦᠭᠡᠢ ᠶ᠋ᠢ ᠨᠢ ᠦᠯᠦ ᠬᠢᠵᠦ᠂ ᠡᠬᠢ ᠪᠠᠶᠠᠯᠢᠭ᠋᠂ ᠣᠷᠣᠨ ᠪᠠᠢᠷᠢ᠂ ᠵᠠᠮ ᠬᠠᠷᠢᠯᠴᠠᠭ᠎ᠠ᠂ ᠠᠵᠤ ᠦᠢᠯᠡᠰ᠎ᠦᠨ ᠰᠠᠭᠤᠷᠢ᠎ᠶᠢ ᠳᠡᠭᠡᠳᠦ ᠬᠡᠮᠵᠢᠶ᠎ᠡ᠎ᠪᠡᠷ ᠵᠣᠬᠢᠴᠠᠭᠤᠯᠤᠭᠰᠠᠨ ᠨᠤᠲᠤᠭᠰᠢᠭ᠍ᠰᠠᠨ ᠡᠳ᠋ᠰᠢᠭᠦᠯᠬᠦ ᠦᠢᠯᠡᠰ᠎ᠢ ᠨᠢᠮᠪᠠᠢ ᠪᠣᠢᠵᠢᠭᠤᠯᠵᠤ᠂ ᠰᠢᠯᠢ᠎ᠶᠢᠨ ᠭᠣᠣᠯ ᠠᠢᠮᠠᠭ᠎ᠤᠨ ᠣᠨᠴᠠᠯᠢᠭ᠋᠎ᠲᠠᠢ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ᠎ᠶᠢ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃