ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠪᠤᠭᠤᠲᠤ ᠬᠣᠲᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠺᠠᠳ᠋ᠷ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠲᠣᠭᠲᠠᠭ᠋ᠠᠯ᠎ᠢ ᠨᠡᠢ᠌ᠲᠡᠯᠡᠪᠡ ᠰᠦᠨ ᠱᠤᠤ ᠴᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-07-02

      7 ᠰᠠᠷ᠎ᠠ ᠵᠢᠨ 1᠎ᠤ ᠡᠳᠦᠷ᠂ ᠪᠤᠭᠤᠲᠤ ᠬᠤᠳᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠺᠠᠳ᠋ᠷ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠲᠣᠭᠲᠠᠭ᠋ᠠᠯ᠎ᠢ ᠨᠡᠢ᠌ᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠲᠣᠭᠲᠠᠭ᠋ᠠᠯ᠎ᠢ ᠤᠩᠰᠢᠨ ᠨᠡᠢ᠌ᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠴᠧᠨ ᡁᠢ ᠴᠠᠩ ᠨᠥᠬᠥᠷ ᠪᠤᠭᠤᠲᠤ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠵᠢᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠵᠤ᠂ ᠳ᠋ᠢᠩ ᠰᠢᠤ ᠹᠧᠩ ᠨᠥᠬᠥᠷ ᠪᠤᠭᠤᠲᠤ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ ᠵᠢᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠬᠤ᠎ᠪᠠᠨ ᠪᠣᠯᠢᠨ᠎ᠠ ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠲᠣᠭᠲᠠᠪᠠ᠃

      ᠰᠦᠨ ᠱᠤᠤ ᠴᠧᠩ᠂ ᠡᠨᠡ ᠤᠳᠠᠭ᠎ᠠ ᠵᠢᠨ ᠺᠠᠳ᠋ᠷ᠎ᠤᠨ ᠲᠣᠬᠢᠷᠠᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠬᠡ ᠲᠠᠯ᠎ᠠ᠎ᠠᠴᠠ ᠡᠭᠦᠰᠴᠦ᠂ ᠠᠵᠢᠯ᠎ᠤᠨ ᠬᠡᠷᠡᠭᠴᠡᠭᠡ ᠪᠣᠯᠣᠨ ᠤᠳᠤᠷᠢᠳᠬᠤ ᠪᠠᠭ᠎ᠤᠨ ᠪᠠᠢ᠌ᠭᠤᠯᠤᠯᠲᠠ ᠵᠢᠨ ᠪᠣᠳᠠᠲᠤ ᠪᠠᠢ᠌ᠳᠠᠯ᠎ᠢ ᠦᠨᠳᠦᠰᠦᠯᠡᠨ᠂ ᠪᠦᠭᠦ ᠲᠠᠯ᠎ᠠ᠎ᠪᠠᠷ ᠪᠣᠳᠣᠯᠬᠢᠯᠠᠵᠤ᠂ ᠨᠠᠷᠢᠨ ᠬᠢᠨᠠᠮᠠᠭ᠋ᠠᠢ ᠰᠤᠳᠤᠯᠵᠤ ᠭᠠᠷᠭ᠋ᠠᠭᠰᠠᠨ ᠲᠣᠭᠲᠠᠭ᠋ᠠᠯ ᠪᠣᠯᠣᠨ᠎ᠠ᠃ ᠪᠦᠭᠦ ᠬᠤᠳᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠤᠯᠤᠰ ᠲᠦᠷᠦ ᠵᠢ ᠡᠷᠬᠢᠮᠯᠡᠵᠦ᠂ ᠶᠡᠬᠡ ᠲᠠᠯ᠎ᠠ ᠵᠢ ᠪᠣᠳᠣᠯᠬᠢᠯᠠᠵᠤ᠂ ᠰᠠᠬᠢᠯᠭ᠎ᠠ ᠪᠠᠲᠤ ᠵᠢ ᠰᠠᠬᠢᠵᠤ᠂ ᠴᠧᠨ ᡁᠢ ᠴᠠᠩ ᠨᠥᠬᠥᠷ᠎ᠤᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠳᠡᠮᠵᠢᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠶᠠᠪᠤᠳᠠᠯ᠎ᠢ ᠨᠡᠩ ᠰᠠᠢ᠌ᠲᠤᠷ ᠬᠢᠬᠦ ᠬᠡᠷᠡᠭᠲᠡᠢ ᠭᠡᠪᠡ᠃

      ᠰᠦᠨ ᠱᠤᠤ ᠴᠧᠩ᠂ ᠣᠢ᠌ᠷ᠎ᠠ ᠵᠢᠨ ᠵᠢᠯ᠎ᠠᠴᠠ᠂ ᠪᠤᠭᠤᠲᠤ ᠬᠤᠳᠠ ᠵᠢᠨ ᠨᠠᠮ᠎ᠤᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠪᠦᠭᠦ ᠬᠤᠳᠠ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠰᠢᠨ᠎ᠡ ᠠᠬᠢᠴᠠ ᠰᠢᠨ᠎ᠡ ᠠᠮᠵᠢᠯᠲᠠ ᠣᠯᠬᠤ ᠵᠢ ᠠᠬᠢᠭᠤᠯᠪᠠ᠃ ᠳ᠋ᠢᠩ ᠰᠢᠤ ᠹᠧᠩ ᠨᠥᠬᠥᠷ ᠵᠶ᠋ᠡᠷ ᠪᠠᠭ᠎ᠤᠨ ᠳᠠᠷᠤᠭ᠎ᠠ ᠪᠤᠯᠭ᠋ᠠᠬᠰᠠᠨ ᠬᠣᠲᠠ ᠵᠢᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠳᠠᠭ᠋ᠠᠭᠤᠯᠭ᠎ᠠ ᠳᠣᠣᠷ᠎ᠠ᠂ ᠪᠤᠭᠤᠲᠤ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠶᠡᠬᠡ ᠠᠯᠬᠤᠮ ᠵᠶ᠋ᠠᠷ ᠤᠷᠤᠭᠰᠢᠯᠠᠵᠤ᠂ ᠲᠠᠷᠠᠭ᠋ᠠᠴᠢ ᠵᠢᠨ ᠠᠯᠬᠤᠮ᠎ᠳᠤ ᠰᠢᠨ᠎ᠡ ᠭᠠᠷᠤᠭ᠎ᠠ᠎ᠠᠴᠠ ᠨᠠᠩ ᠥᠨᠳᠥᠷ ᠬᠠᠷᠠᠯᠲᠠ ᠲᠡᠢ᠌ᠰᠢ ᠤᠷᠤᠭᠰᠢᠯᠠᠬᠤ᠎ᠳᠤ ᠰᠠᠢ᠌ᠨ ᠰᠠᠭᠤᠷᠢ ᠲᠠᠯᠪᠢᠵᠤ ᠥᠭᠴᠡᠢ᠃ ᠪᠦᠭᠦ ᠬᠣᠲᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠨᠢᠭᠡᠨᠲᠡ ᠣᠯᠣᠭᠰᠠᠨ ᠠᠮᠵᠢᠯᠲᠠ ᠵᠢᠨ ᠰᠠᠭᠤᠷᠢᠨ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠢᠮᠠᠭᠲᠠ ᠲᠤᠭᠤᠰᠢᠯᠠᠭᠤᠯᠵᠤ᠂ ᠲᠡᠦᠬᠡ ᠵᠢᠨ ᠬᠠᠮᠤᠭ᠎ᠤᠨ ᠥᠨᠳᠥᠷ ᠲᠦᠪᠰᠢᠨ᠎ᠳᠤ ᠪᠤᠴᠠᠬᠤ ᠡᠷᠡᠰ ᠵᠣᠷᠢᠭ ᠪᠣᠯᠣᠨ ᠣᠮᠣᠭ ᠰᠥᠰᠥ᠎ᠪᠠᠨ ᠬᠥᠪᠴᠢᠯᠡᠵᠦ᠂ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠶ ᠪᠤᠯᠭ᠋ᠠᠵᠤ᠂ ᠪᠤᠭᠤᠲᠤ ᠵᠢᠨ ᠰᠦᠷ ᠵᠢᠪᠬᠤᠭ᠎ᠠ ᠵᠢ ᠳᠠᠭᠢᠨ ᠮᠠᠨᠳᠤᠭᠤᠯᠵᠤ᠂ ᠪᠦᠭᠦ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠳᠤᠮᠳᠠ ᠨᠠᠩ ᠰᠠᠢ᠌ᠨ ᠵᠶ᠋ᠠᠷ ᠬᠦᠨᠳᠦ ᠡᠭᠦᠷᠭᠡ ᠡᠭᠦᠷᠭᠡᠯᠡᠵᠦ᠂ ᠨᠢᠷᠤᠭᠤ ᠲᠤᠯᠭ᠋ᠠᠭᠤᠷᠢ ᠪᠤᠯᠬᠤ ᠵᠢ ᠬᠦᠰᠡᠵᠦ ᠪᠠᠢ᠌ᠨ᠎ᠠ᠃ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠣᠢ᠌ᠯᠠᠭ᠋ᠠᠵᠤ ᠨᠡᠪᠳᠡᠷᠡᠳᠡᠯ᠎ᠠ ᠡᠵᠡᠮᠰᠢᠵᠦ ᠪᠣᠳᠠᠲᠠᠢ᠌ᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠢ ᠡᠯ᠎ᠡ ᠵᠦᠢ᠍ᠯ᠎ᠤᠨ ᠠᠵᠢᠯ᠎ᠳᠠᠭᠠᠨ ᠨᠢᠳᠦᠨ᠎ᠳᠤ ᠦᠵᠡᠭᠳᠡᠮ᠎ᠡ ᠰᠡᠳᠬᠢᠯ᠎ᠳᠤ ᠰᠠᠭᠤᠭᠳᠠᠮ᠎ᠠ ᠭᠠᠷ᠎ᠲᠤ ᠪᠠᠷᠢᠭᠳᠠᠮ᠎ᠠ ᠲᠤᠭᠤᠰᠢᠯᠠᠭᠤᠯᠬᠤ ᠬᠡᠷᠡᠭᠲᠡᠢ᠃ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ᠎ᠤ ᠰᠢᠨ᠎ᠡ ᠵᠢ ᠡᠭᠦᠳᠬᠦ ᠬᠥᠭᠵᠢᠯᠲᠡ ᠵᠢᠨ ᠰᠢᠨ᠎ᠡ ᠵᠠᠮ ᠵᠶ᠋ᠠᠷ ᠲᠦᠷᠭᠡᠨ ᠵᠠᠮᠨᠠᠵᠤ᠂ 《ᠬᠣᠶᠠᠷ ᠬᠣᠪᠣᠷ ᠰᠢᠷᠣᠢ ᠵᠢᠨ ᠰᠠᠭᠤᠷᠢᠨ》᠎ᠤ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠰᠢᠨ᠎ᠡ ᠡᠨᠧᠷᠭᠢ ᠵᠢᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠬᠦᠴᠦᠯᠡᠨ ᠠᠬᠢᠭᠤᠯᠵᠤ᠂ ᠪᠣᠬᠢᠷᠳᠤᠯ ᠦᠭᠡᠢ ᠴᠠᠭᠢᠯᠭ᠋ᠠᠨ᠎ᠢ ᠲᠤᠬᠠᠢ ᠵᠢᠨ ᠭᠠᠵᠠᠷ᠎ᠲᠠᠭᠠᠨ ᠰᠢᠩᠭᠡᠭᠡᠬᠦ᠂ ᠨᠥᠭᠡᠴᠡ ᠡᠨᠧᠷᠭᠢ ᠵᠢ ᠣᠨᠳᠣᠣᠰᠢᠭᠤᠯᠬᠤ ᠲᠠᠯ᠎ᠠ᠎ᠪᠠᠷ ᠵᠢᠱ᠌ᠢᠶ᠎ᠡ ᠦᠵᠡᠭᠦᠯᠭᠦ᠎ᠪᠠᠷ ᠴᠢᠷᠮᠠᠢ᠌ᠬᠤ ᠬᠡᠷᠡᠭᠲᠡᠢ᠃ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ᠂ ᠤᠰᠤ ᠵᠢ ᠠᠷᠪᠢᠲᠠᠢ ᠡᠷᠴᠢᠮᠯᠢᠭ ᠬᠡᠷᠡᠭᠯᠡᠬᠦ ᠵᠢ ᠲᠣᠪᠣᠢ᠌ᠮ᠎ᠠ ᠰᠠᠢ᠌ᠲᠤᠷ ᠠᠳᠬᠤᠬᠤ ᠬᠡᠷᠡᠭᠲᠡᠢ᠃ ᠠᠷᠠᠳ᠎ᠤᠨ ᠠᠮᠢᠳᠤᠷᠠᠯ᠎ᠢ ᠨᠡᠩ ᠶᠡᠬᠡ ᠡᠷᠴᠢᠮ ᠵᠶ᠋ᠡᠷ ᠪᠠᠲᠤᠯᠠᠨ ᠰᠠᠢ᠌ᠵᠢᠷᠠᠭᠤᠯᠵᠤ᠂ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠨ ᠢᠯᠵᠢᠷᠡᠯ᠎ᠢ ᠡᠰᠡᠷᠭᠦᠴᠡᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠠᠷᠭ᠎ᠠ ᠪᠦᠭᠦᠨ᠎ᠢ ᠰᠦᠪᠡᠭᠴᠢᠯᠡᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠴᠢᠷᠮᠠᠢ᠌ᠨ ᠪᠤᠢ ᠪᠤᠯᠭ᠋ᠠᠬᠤ ᠬᠡᠷᠡᠭᠲᠡᠢ ᠭᠡᠪᠡ᠃

      ᠴᠧᠨ ᡁᠢ ᠴᠠᠩ᠂ ᠳ᠋ᠢᠩ ᠰᠢᠤ ᠹᠧᠩ ᠣᠪᠣᠷ ᠵᠶ᠋ᠠᠨ ᠢᠯᠡᠳᠬᠡᠬᠦ ᠦᠭᠡ ᠬᠡᠯᠡᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ