7 ᠰᠠᠷ᠎ᠠ᠎ᠶ᠋ᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠱᠦᠵᠢ ᠰᠦᠨ ᠱᠤᠤ ᠴᠧᠩ ᠬᠥᠬᠡᠬᠣᠲᠠ᠎ᠳᠤ ᠳᠤᠮᠳᠠᠳᠤ ᠤᠯᠤᠰ᠎ᠲᠤ ᠰᠠᠭᠤᠭ᠎ᠠ ᠹᠷᠠᠨᠼᠢ᠎ᠶ᠋ᠢᠨ ᠡᠯᠴᠢᠨ ᠰᠠᠢᠳ ᠪᠠᠢ ᠢᠦᠢ ᠲᠠᠩ ᠨᠠᠷ ᠲᠠᠶ ᠠᠭᠤᠯᠵᠠᠪᠠ᠃
7 ᠰᠠᠷ᠎ᠠ᠎ᠶ᠋ᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠱᠦᠵᠢ ᠰᠦᠨ ᠱᠤᠤ ᠴᠧᠩ ᠬᠥᠬᠡᠬᠣᠲᠠ᠎ᠳᠤ ᠳᠤᠮᠳᠠᠳᠤ ᠤᠯᠤᠰ᠎ᠲᠤ ᠰᠠᠭᠤᠭ᠎ᠠ ᠹᠷᠠᠨᠼᠢ᠎ᠶ᠋ᠢᠨ ᠡᠯᠴᠢᠨ ᠰᠠᠢᠳ ᠪᠠᠢ ᠢᠦᠢ ᠲᠠᠩ ᠨᠠᠷ᠎ᠲᠠᠶ ᠠᠭᠤᠯᠵᠠᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠪᠠᠢ ᠢᠦᠢ ᠲᠠᠩᠨᠠᠷᠤᠨ ᠠᠢᠯᠴᠢᠯᠠᠷ᠎ᠠ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠨᠠᠢᠳᠠᠪᠤᠷᠢᠵᠢᠭᠤᠯᠤᠭ᠍ᠰᠠᠨ ᠬᠣᠯᠪᠣᠭ᠍ᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ 《ᠤᠮᠠᠷᠠᠲᠤ᠎ᠶ᠋ᠢᠨ ᠭᠤᠷᠪᠠᠨ ᠣᠷᠣᠨ》᠎ᠢ᠋ ᠰᠤᠨᠳᠠᠯᠠᠵᠤ᠂ ᠠᠮᠢ ᠠᠬᠤᠢ᠎ᠶ᠋ᠢᠨ ᠪᠠᠢᠷᠢ ᠰᠠᠭᠤᠷᠢ ᠴᠢᠬᠤᠯᠠ᠂ ᠡᠨᠧᠷᠭᠢ ᠡᠬᠢ ᠪᠠᠶᠠᠯᠢᠭ ᠡᠯᠪᠡᠭ ᠪᠠᠢᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠶ᠋ᠢᠨ ᠬᠠᠢᠷ᠎ᠠ ᠬᠠᠯᠠᠮᠵᠢᠯᠠᠯ ᠳᠣᠣᠷ᠎ᠠ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠲᠦᠷᠭᠡᠨ ᠲᠠᠪᠱᠢᠯᠳᠠ᠎ᠲᠠᠶ ᠪᠣᠯᠵᠠᠢ᠃ ᠳᠤᠮᠳᠠᠳᠤ ᠹᠷᠠᠨᠼᠢ ᠬᠣᠶᠠᠷ ᠤᠯᠤᠰ᠎ᠤᠨ ᠨᠥᠬᠥᠷᠰᠡᠭ ᠶᠠᠪᠤᠯᠴᠠᠭ᠎ᠠ ᠥᠨᠢ ᠤᠳᠠᠭᠠᠨ ᠲᠡᠦᠬᠡ᠎ᠲᠡᠶ ᠶᠤᠮ᠂ ᠥᠪᠥᠷ ᠮᠣᠩᠭᠣᠯ ᠳᠤᠮᠳᠠᠳᠤ ᠤᠯᠤᠰ᠎ᠤᠨ ᠨᠢᠭᠡᠨ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ ᠳᠤᠷᠠᠲᠠᠶ᠎ᠠ ᠹᠷᠠᠨᠼᠢ᠎ᠶ᠋ᠢᠨ ᠬᠣᠯᠪᠣᠭ᠍ᠳᠠᠯ ᠪᠦᠬᠦᠢ ᠲᠠᠯ᠎ᠠ ᠪᠣᠯᠤᠨ ᠭᠠᠵᠠᠷ ᠣᠷᠣᠨ᠎ᠲᠠᠶ ᠬᠠᠮᠲᠤ᠎ᠪᠠᠷ ᠬᠣᠶᠠᠷ ᠤᠯᠤᠰ᠎ᠤᠨ ᠲᠡᠷᠢᠭᠦᠨ᠎ᠦ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠯᠤᠯᠴᠠᠭ᠎ᠠ ᠶᠠᠪᠤᠯᠴᠠᠭ᠎ᠠ᠎ᠪᠠᠨ ᠴᠢᠩᠭᠠᠳᠭᠠᠵᠤ᠂ ᠠᠮᠢ ᠠᠬᠤᠢ᠎ᠶ᠋ᠢᠨ ᠬᠠᠮᠠᠭᠠᠯᠠᠯᠲᠠ᠂ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠂ ᠰᠣᠶᠣᠯ᠎ᠤᠨ ᠰᠣᠯᠢᠯᠴᠠᠭ᠎ᠠ ᠵᠡᠷᠭᠡ ᠬᠦᠷᠢᠶᠡᠨ᠎ᠦ ᠲᠣᠭᠣᠷᠢᠨ᠎ᠳᠤ ᠬᠠᠷᠢᠯᠴᠠᠨ ᠠᠱᠢᠭ᠍ᠲᠠᠢ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠳᠤᠮᠳᠠᠳᠤ ᠹᠷᠠᠨᠼᠢ᠎ᠶ᠋ᠢᠨ ᠬᠠᠷᠢᠯᠴᠠᠭᠠᠨ᠎ᠤ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃ ᠹᠷᠠᠨᠼᠢ᠎ᠶ᠋ᠢᠨ ᠠᠵᠤ ᠠᠬᠤᠢᠯᠠᠯ᠎ᠢ ᠪᠠᠭ᠍ᠲᠠᠭᠠᠭ᠍ᠰᠠᠨ ᠡᠯ᠎ᠡ ᠤᠯᠤᠰ᠎ᠤᠨ ᠠᠵᠤ ᠠᠬᠤᠢᠯᠠᠯ᠎ᠤᠨ ᠥᠪᠥᠷ ᠮᠣᠩᠭᠣᠯ᠎ᠳᠤ ᠢᠷᠡᠵᠦ᠍ ᠪᠠᠯᠠ ᠣᠷᠣᠭᠤᠯᠤᠨ ᠦᠶ᠋ᠯᠡᠰ ᠪᠤᠰᠭᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠂ ᠮᠠᠨ᠎ᠤ ᠣᠷᠣᠨ ᠦᠶ᠋ᠯᠡᠴᠢᠯᠡᠭᠡ ᠪᠠᠲᠤᠯᠠᠭ᠎ᠠ᠎ᠪᠠᠨ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠨ᠎ᠠ ᠭᠡᠵᠡᠢ᠃
ᠪᠠᠢ ᠢᠦᠢ ᠲᠠᠩ ᠥᠪᠥᠷ ᠮᠣᠩᠭᠣᠯ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠵᠡᠷᠭᠡ ᠬᠦᠷᠢᠶᠡᠨ᠎ᠳᠦ ᠠᠪᠤᠭ᠍ᠰᠠᠨ ᠠᠵᠢᠯᠯᠠᠭ᠎ᠠ ᠪᠣᠯᠤᠨ ᠦᠵᠡᠭᠦᠯᠦᠭ᠌ᠰᠡᠨ ᠬᠤᠪᠢ ᠨᠡᠮᠡᠷᠢ᠎ᠶ᠋ᠢ ᠳᠡᠭᠡᠳᠦ ᠬᠡᠮᠵᠢᠢ᠎ᠡ᠎ᠪᠡᠷ ᠦᠨᠡᠯᠡᠵᠦ᠍᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ᠎ᠶ᠋ᠢ ᠮᠠᠭ᠍ᠲᠠᠨ ᠰᠠᠢᠱᠢᠶᠠᠪᠠ᠃ ᠲᠡᠷᠡ᠂ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠳ᠋ ᠭᠠᠷᠤᠯᠲᠠ ᠡᠯᠪᠡᠭ ᠪᠠᠶᠠᠯᠢᠭ ᠪᠠᠢᠵᠤ᠂ ᠹᠷᠠᠨᠼᠢ ᠯᠤᠭ᠎ᠠ ᠥᠷᠭᠡᠨ ᠠᠭᠤᠳᠠᠮ ᠬᠠᠮᠲᠤᠷᠠᠯᠴᠠᠭᠠᠨ᠎ᠤ ᠣᠷᠣᠨ ᠵᠠᠢᠲᠠᠶ ᠶᠤᠮ᠃ ᠥᠪᠥᠷ ᠮᠣᠩᠭᠣᠯ ᠪᠣᠯᠤᠨ ᠹᠷᠠᠨᠼᠢ᠎ᠶ᠋ᠢᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠪᠠᠷ ᠵᠢᠷᠤᠮᠯᠠᠯ ᠪᠣᠯᠭᠠᠵᠤ᠂ ᠲᠠᠬᠢᠯᠳᠠ ᠡᠨᠧᠷᠭᠢ᠂ ᠠᠵᠤ ᠠᠬᠤᠢ ᠠᠷᠠᠯᠵᠢᠶ᠎ᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠂ ᠰᠣᠶᠣᠯ᠂ ᠰᠤᠷᠭᠠᠨ ᠬᠥᠮᠦᠵᠢᠯ᠂ ᠮᠠᠯ ᠠᠵᠤ ᠠᠬᠤᠢ ᠲᠠᠷᠢᠶᠠᠯᠠᠩ᠂ ᠢᠳᠡᠭᠡᠨ᠂ ᠨᠣᠤᠯᠤᠭᠤᠷ᠂ ᠠᠵᠤ ᠦᠢᠯᠡᠳᠪᠦᠷᠢ ᠪᠣᠯᠤᠨ ᠡᠮᠴᠢᠯᠡᠭᠡᠨ᠎ᠦ ᠬᠡᠢ ᠪᠡᠶᠡᠲᠦ ᠵᠡᠷᠭᠡ ᠬᠦᠷᠢᠶᠡᠨ᠎ᠳᠤ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠹᠷᠠᠨᠼᠢ ᠳᠤᠮᠳᠠᠳᠤ ᠶ᠋ᠢᠨ ᠬᠠᠷᠢᠯᠴᠠᠭ᠎ᠠ᠎ᠶ᠋ᠢ ᠨᠡᠩ ᠤᠯᠠᠨ ᠦᠷ᠎ᠡ ᠪᠦᠲᠦᠭᠡᠯ᠎ᠲᠡᠶ ᠪᠣᠯᠭᠠᠬᠤ᠎ᠶ᠋ᠢ ᠬᠦᠰᠡᠵᠦ᠍ ᠪᠠᠢᠨ᠎ᠠ ᠭᠡᠵᠡᠢ᠃
ᠢᠦᠢ ᠯᠢ ᠱᠢᠨ᠂ ᠶᠠᠩ ᠵᠢᠨ ᠠᠭᠤᠯᠵᠠᠯᠲᠠ᠎ᠳᠤ ᠣᠷᠣᠯᠴᠠᠵᠠᠢ᠃