7 ᠰᠠᠷ᠎ᠠ᠎ᠶ᠋ᠢᠨ 22ᠤᠨᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠠᠬᠢᠷᠤᠯ(ᠳᠡᠭᠡᠳᠦ ᠰᠤᠷᠭᠠᠭᠤᠯᠢ᠎ᠶᠢᠨ ᠵᠠᠬᠢᠷᠤᠯ)ᠰᠦᠨ ᠱᠤᠤ ᠴᠧᠩ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠰᠤᠷᠭᠠᠭᠤᠯᠢ᠎ᠶᠢᠨ ᠶᠠᠪᠤᠳᠠᠯ᠎ᠤᠨ ᠵᠥᠪᠯᠡᠯ᠎ᠦᠨ ᠥᠷᠭᠡᠳᠭᠡᠭ᠌ᠰᠡᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠰᠤᠷᠭᠠᠭᠤᠯᠢ᠎ᠶ᠋ᠢᠨ ᠨᠠᠮᠴᠢ ᠴᠢᠨᠠᠷ᠎ᠤᠨ ᠬᠥᠮᠦᠵᠢᠯ ᠪᠠ ᠱᠢᠨ᠎ᠡ᠎ᠶ᠋ᠢ ᠡᠭᠦᠳᠦᠨ ᠳᠡᠭᠡᠭ᠌ᠰᠢᠯᠡᠭᠦᠯᠬᠦ᠌᠎ᠶᠢ ᠠᠬᠢᠭᠤᠯᠬᠤ ᠭᠤᠷᠪᠠᠨ ᠵᠢᠯ᠎ᠦᠨ ᠠᠵᠢᠯᠯᠠᠭ᠎ᠠ᠎ᠶ᠋ᠢᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠯᠪᠣᠭ᠍ᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃
ᠬᠤᠷᠠᠯ᠎ᠡᠴᠡ᠂ ᠨᠠᠮᠴᠢ ᠴᠢᠨᠠᠷ᠎ᠤᠨ ᠬᠥᠮᠦᠵᠢᠯ᠎ᠢ ᠠᠳᠭᠤᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠥᠪ᠎ᠦᠨ ᠨᠠᠢ᠍ᠮᠠᠨ ᠲᠣᠭ᠍ᠲᠠᠭᠠᠯ ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠦᠷᠨᠢᠭᠦᠯᠬᠦ ᠳᠦ ᠲᠣᠭ᠍ᠲᠠᠭᠠᠭ᠍ᠰᠠᠨ ᠨᠢᠭᠡᠨ ᠲᠥᠪᠯᠡᠷᠡᠭᠦᠯᠦᠨ ᠴᠡᠭ᠌ᠴᠡᠯᠡᠨ ᠰᠠᠢᠵᠢᠷᠠᠭᠤᠯᠬᠤ ᠡᠭᠦᠷᠭᠡ ᠮᠥᠨ᠂ ᠪᠠᠰᠠ ᠴᠤ᠌ ᠨᠠᠮ᠎ᠤᠨ ᠰᠤᠷᠭᠠᠭᠤᠯᠢ᠎ᠶ᠋ᠢᠨ ᠴᠢᠬᠤᠯᠠ ᠲᠤᠱᠢᠶᠠᠯ ᠬᠠᠷᠢᠭᠤᠴᠠᠯᠭ᠎ᠠ ᠮᠥᠨ᠂ ᠨᠠᠮᠴᠢ ᠴᠢᠨᠠᠷ᠎ᠤᠨ ᠬᠥᠮᠦᠵᠢᠯ᠎ᠢ ᠨᠠᠮ᠎ᠤᠨ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠨ ᠬᠥᠮᠦᠵᠢᠯ᠎ᠦᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠷᠢᠯᠢᠭ ᠣᠨᠣᠴᠠᠲᠠᠶ᠎ᠪᠠᠷ ᠳᠤᠰᠤᠯᠠᠭᠠᠨ ᠤᠰᠤᠯᠠᠬᠤ᠎ᠶ᠋ᠢ ᠳᠣᠪᠣᠢᠯᠭᠠᠵᠤ᠂ ᠠᠳᠠᠯᠢ ᠪᠤᠰᠤ ᠠᠩᠭᠢ ᠤᠳᠠᠭ᠎ᠠ᠂ ᠠᠳᠠᠯᠢ ᠪᠤᠰᠤ ᠳᠡᠰ ᠳᠠᠪᠬᠤᠷᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠢ ᠦᠨᠳᠦᠰᠦᠯᠡᠨ ᠬᠦᠮᠦᠵᠢᠯ᠎ᠤᠨ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠬᠦ᠌ ᠬᠡᠷᠡᠭ᠌ᠲᠡᠶ᠃ ᠮᠠᠨ᠎ᠤ ᠣᠷᠣᠨ᠎ᠤ ᠡᠯᠪᠡᠭ ᠪᠠᠶᠠᠯᠢᠭ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠤᠨᠴᠠᠯᠢᠬ᠍ᠳᠤ ᠬᠢᠴᠢᠶᠡᠯ᠎ᠢ ᠢᠳᠡᠪᠬᠢᠲᠡᠢ ᠨᠡᠭᠡᠭᠡᠵᠦ᠍᠂ ᠵᠢᠭᠠᠨ ᠰᠤᠷᠭᠠᠯᠲᠠ᠎ᠶ᠋ᠢᠨ ᠠᠵᠢᠯᠯᠠᠭ᠎ᠠ᠎ᠶ᠋ᠢ ᠨᠡᠩ ᠠᠮᠢᠳᠤᠯᠢᠭ ᠪᠦᠲᠦᠮᠵᠢᠲᠡᠢ ᠪᠣᠯᠭᠠᠬᠤ ᠬᠡᠷᠡᠭ᠌ᠲᠡᠢ᠃ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠵᠤ᠂ ᠳᠡᠷᠭᠡᠳᠡᠬᠢ ᠶᠠᠪᠤᠳᠠᠯ ᠳᠡᠷᠭᠡᠳᠡᠬᠢ ᠬᠥᠮᠦᠰ᠎ᠢᠶᠡᠨ ᠠᠱᠢᠭ᠍ᠯᠠᠨ ᠰᠡᠷᠡᠮᠵᠢ᠎ᠶᠢᠨ ᠬᠤᠩᠬᠤ ᠴᠣᠬᠢᠬᠤ᠎ᠶ᠋ᠢ ᠴᠢᠬᠤᠯᠠᠴᠢᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂《ᠪᠦᠬᠦ᠌ ᠣᠷᠣᠨ᠎ᠤ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠱᠢᠨ᠎ᠡ᠎ᠶ᠋ᠢ ᠡᠭᠦᠳᠦᠨ ᠳᠡᠭᠡᠭ᠌ᠰᠢᠯᠡᠭᠦᠯᠬᠦ᠌ ᠭᠤᠷᠪᠠᠨ ᠵᠢᠯ᠎ᠦᠨ ᠠᠵᠢᠯᠯᠠᠭ᠎ᠠ᠎ᠶ᠋ᠢᠨ ᠲᠥᠰᠦᠯ(2024 — 2026 ᠣᠨ)》᠎ᠢ᠋ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠬᠦᠴᠦᠲᠡᠢ ᠳᠡᠮᠵᠢᠯᠭᠡ ᠳᠣᠣᠷ᠎ᠠ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠡᠯ᠎ᠡ ᠵᠦᠢᠯ᠎ᠦᠨ ᠠᠵᠢᠯ ᠨᠡᠯᠢᠶᠡᠳ ᠶᠡᠬᠡ ᠲᠠᠪᠱᠢᠯᠳᠠ᠎ᠲᠠᠶ ᠪᠣᠯᠵᠠᠢ᠃ ᠬᠠᠷᠠᠯᠲᠠ᠎ᠪᠠᠨ ᠪᠠᠲᠤ ᠡᠵᠡᠮᠳᠡᠵᠦ ᠰᠤᠯᠠᠷᠠᠭᠤᠯᠤᠯ ᠦᠭᠡᠢ ᠪᠠᠢᠵᠤ᠂ ᠵᠤᠷᠪᠤᠰ ᠲᠦᠷᠦᠯ ᠳᠠᠷᠠᠭᠠᠯᠠᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠨᠠᠮ᠎ᠤᠨ ᠰᠤᠷᠭᠠᠭᠤᠯᠢ ᠶ᠋ᠢᠨ ᠶᠡᠷᠦᠩᠬᠡᠢᠯᠡᠭ᠌ᠰᠡᠨ ᠰᠤᠷᠭᠠᠭᠤᠯᠢ ᠡᠷᠬᠢᠯᠡᠬᠦ᠌ ᠲᠦᠪᠱᠢᠨ᠎ᠢ ᠪᠦᠬᠦ᠌ ᠤᠯᠤᠰ᠎ᠤᠨ ᠳᠤᠮᠳᠠ ᠲᠦᠪᠰᠢᠨ᠎ᠳᠤ ᠡᠷᠲᠡᠬᠡᠨ ᠣᠷᠣᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠬᠤ ᠬᠡᠷᠡᠭ᠌ᠲᠡᠢ᠃ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ᠎ᠪᠡᠷ ᠣᠷᠣᠭᠤᠯᠤᠨ ᠠᠪᠴᠢᠷᠠᠭ᠍ᠰᠠᠨ ᠳᠡᠭᠡᠳᠦ ᠲᠡᠰ᠎ᠤᠨ ᠴᠢᠳᠠᠪᠤᠷᠢᠲᠠᠨ ᠪᠣᠯᠤᠨ ᠨᠠᠮ᠎ᠤᠨ ᠳᠣᠲᠣᠭᠠᠳᠤ ᠶ᠋ᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠲᠥᠪ᠎ᠦᠨ ᠨᠠᠮ᠎ᠤᠨ ᠰᠤᠷᠭᠠᠭᠤᠯᠢ᠎ᠳᠤ ᠤᠴᠢᠭᠤᠯᠤᠨ ᠳᠠᠪᠲᠠᠨ ᠪᠣᠯᠪᠠᠰᠤᠷᠠᠭᠤᠯᠬᠤ ᠡᠷᠴᠢᠮ᠎ᠢ ᠴᠢᠩᠭᠠᠷᠠᠭᠤᠯᠵᠤ᠂ ᠨᠢᠭᠡ ᠪᠦᠯᠦᠭ ᠨᠥᠯᠥᠭᠡ᠎ᠲᠡᠶ 《ᠨᠡᠷᠡᠳᠦ ᠪᠠᠭ᠍ᠰᠢ》᠂《ᠮᠡᠷᠭᠡᠵᠢᠯᠲᠡᠨ》᠎ᠢ᠋ ᠲᠦᠷᠭᠡᠨ ᠬᠥᠮᠦᠵᠢᠭᠦᠯᠬᠦ᠌ ᠬᠡᠷᠡᠭ᠌ᠲᠡᠢ᠃ ᠳ᠋ᠦᠩᠨᠡᠵᠦ᠍ ᠦᠨᠡᠯᠡᠨ ᠵᠢᠱ᠌ᠢᠬᠦ᠌᠎ᠶ᠋ᠢ ᠴᠢᠬᠤᠯᠠᠴᠢᠯᠠᠵᠤ᠂ ᠰᠤᠷᠤᠭ᠍ᠴᠢᠳ᠎ᠤᠨ ᠰᠠᠨᠠᠯ᠎ᠢ ᠢᠯᠡᠭᠦᠬᠡᠨ ᠰᠣᠨᠣᠰᠴᠤ᠌᠂ ᠬᠢᠴᠢᠶᠡᠯ᠎ᠦᠨ ᠪᠠᠢᠷᠢᠯᠠᠭᠤᠯᠤᠯᠲᠠ ᠪᠣᠯᠤᠨ ᠵᠢᠭᠠᠨ ᠰᠤᠷᠭᠠᠯᠲᠠ᠎ᠶ᠋ᠢᠨ ᠠᠷᠭ᠎ᠠ ᠬᠡᠯᠪᠡᠷᠢ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠪᠣᠯᠪᠠᠰᠤᠷᠠᠯ᠎ᠤᠨ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠭᠣᠣᠯ ᠠᠵᠢᠯ᠎ᠤᠨ ᠲᠣᠭᠣᠷᠢᠨ᠎ᠳᠤ ᠨᠠᠷᠢᠯᠢᠭ ᠤᠨᠤᠴᠠᠲᠠᠢ ᠰᠡᠳᠦᠪ ᠰᠣᠩᠭᠣᠵᠤ᠂ ᠴᠢᠨᠠᠷ ᠰᠠᠢᠲᠠᠢ ᠰᠤᠳᠤᠯᠭᠠᠨ᠎ᠤ ᠦᠷ᠎ᠡ ᠪᠦᠲᠦᠭᠡᠯ᠎ᠢ ᠢᠯᠡᠭᠦᠬᠡᠨ ᠭᠠᠷᠭᠠᠬᠤ ᠬᠡᠷᠡᠭ᠌ᠲᠡᠢ᠃ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶᠢ ᠴᠢᠩᠭᠠᠳᠭᠠᠵᠤ᠂ ᠡᠬᠢ ᠪᠠᠶᠠᠯᠢᠭ᠎ᠢ ᠠᠷᠪᠢᠯᠠᠨ ᠭᠠᠮᠨᠠᠵᠦ ᠡᠷᠴᠢᠮᠵᠢᠬᠦᠯᠦᠨ ᠠᠱᠢᠭ᠍ᠯᠠᠬᠤ᠎ᠶ᠋ᠢ ᠴᠢᠩᠭᠠᠳᠭᠠᠵᠤ᠂ ᠡᠳ᠋᠎ᠦᠨ ᠵᠠᠰᠠᠭ᠎ᠤᠨ ᠪᠡᠯᠡ ᠮᠥᠩᠭᠥ᠌ ᠨᠢᠭᠡ ᠪᠦᠷᠢ᠎ᠶ᠋ᠢ ᠨᠠᠷᠢᠨ ᠨᠢᠭᠲᠠ ᠪᠤᠳᠤᠵᠤ ᠰᠠᠢᠲᠤᠷ ᠬᠡᠷᠡᠭ᠌ᠯᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠲᠤᠮᠳᠠᠳᠣ᠌ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠨᠠᠮ᠎ᠤᠨ ᠰᠤᠷᠭᠠᠭᠤᠯᠢ᠎ᠶ᠋ᠢᠨ ᠬᠥᠮᠦᠵᠢᠯ ᠦᠨ ᠴᠢᠬᠤᠯᠠ ᠠᠭᠤᠯᠭ᠎ᠠ ᠪᠣᠯᠭᠠᠵᠤ᠂ ᠡᠯ᠎ᠡ ᠲᠦᠷᠦᠯ᠎ᠦᠨ ᠬᠢᠴᠢᠶᠡᠯ ᠪᠣᠯᠤᠨ ᠡᠯ᠎ᠡ ᠲᠦᠷᠦᠯ᠎ᠦᠨ ᠵᠢᠭᠠᠨ ᠰᠤᠷᠭᠠᠯᠲᠠ᠎ᠳᠤ ᠨᠢᠳᠤᠨ᠎ᠳᠤ ᠦᠵᠡᠭᠳᠠᠵᠦ ᠭᠠᠷ ᠲᠤ᠌ ᠪᠠᠷᠢᠭᠳᠠᠮ᠎ᠠ ᠪᠤᠯᠲᠠᠯ᠎ᠠ ᠠᠭᠤᠰᠤᠯᠴᠠᠭᠤᠯᠬᠤ ᠬᠡᠷᠡᠭ᠌ᠲᠡᠢ᠃ ᠰᠤᠷᠭᠠᠭᠤᠯᠢ᠎ᠶ᠋ᠢ ᠴᠢᠩᠭ᠎ᠠ ᠵᠠᠰᠠᠬᠤ ᠡᠯ᠎ᠡ ᠵᠦᠢᠯ ᠦᠨ ᠱᠠᠭᠠᠷᠳᠠᠯᠭ᠎ᠠ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠵᠤ᠂ ᠰᠠᠢᠳᠤᠷ ᠡᠬᠢᠯᠡᠭᠦᠯᠵᠦ᠍ ᠰᠠᠢ᠌ᠳᠤᠷ ᠲᠡᠭᠦᠰᠭᠡᠬᠦ᠎ᠪᠠᠷ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠵᠤ᠂ ᠨᠠᠮ᠎ᠤᠨ ᠰᠤᠷᠭᠠᠭᠤᠯᠢ᠎ᠶ᠋ᠢᠨ《ᠠᠯᠳᠠᠨ ᠦᠰᠦᠭ᠌ᠲᠦ ᠫᠠᠢᠰᠠ》ᠵᠢ ᠲᠠᠰᠤᠷᠠᠯᠳᠠ ᠦᠭᠡᠢ ᠬᠢᠯᠠᠯᠵᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠡᠮᠦᠨ᠎ᠡ᠂ ᠰᠦᠨ ᠱᠤᠤ ᠴᠧᠩ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠠᠮᠴᠢ ᠴᠢᠨᠠᠷ᠎ᠤᠨ ᠬᠥᠮᠦᠵᠢᠯ᠎ᠦᠨ ᠴᠢᠳᠠᠮᠵᠢᠳᠤ ᠲᠣᠭᠣᠷᠢᠭ᠎ᠲᠤ ᠬᠦᠷᠴᠦ᠍᠂ ᠨᠠᠮᠴᠢ ᠴᠢᠨᠠᠷ᠎ᠤᠨ ᠬᠥᠮᠦᠵᠢᠯ᠎ᠦᠨ ᠬᠦᠷᠢᠶᠡᠯᠡᠩ᠂ ᠤᠭ ᠰᠠᠨᠠᠭ᠎ᠠ ᠠᠭᠤᠳᠠᠮ ᠲᠠᠯᠠᠪᠠᠢ ᠪᠣᠯᠤᠨ ᠴᠢᠬᠡᠴᠢ ᠵᠠᠰᠠᠭ᠎ᠤᠨ ᠬᠥᠮᠦᠵᠢᠯ᠎ᠦᠨ ᠬᠦᠷᠢᠶᠡᠯᠡᠩ᠎ᠢᠶᠡᠷ ᠲᠣᠭᠣᠷᠢᠨ ᠦᠵᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠢᠦᠢ ᠭᠠᠩ ᠣᠷᠣᠯᠴᠠᠵᠠᠢ᠃