7 ᠰᠠᠷ᠎ᠠ᠎ᠶᠢᠨ 28᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ ᠪᠠᠢᠭᠤᠯᠤᠭᠳᠠᠭᠰᠠᠨ 70 ᠵᠢᠯ᠎ᠦᠨ ᠣᠶ᠎ᠶᠢ ᠪᠡᠯᠭᠡᠯᠡᠬᠦ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠤᠷᠠᠯ᠎ᠳᠤ ᠣᠷᠣᠯᠴᠠᠬ᠍ᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ᠎ᠦᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠨᠢᠭ᠍ᠲᠠ ᠤᠶᠠᠯᠳᠤᠭᠤᠯᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠤᠨᠤᠯ᠎ᠢ ᠰᠠᠢᠲᠤᠷ ᠦᠢᠯᠡᠳᠦᠯᠭᠡᠵᠢᠭᠦᠯᠵᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠠᠪᠠᠭᠤᠯᠢᠭ᠋᠎ᠢ ᠰᠠᠢᠲᠤᠷ ᠪᠠᠳᠠᠷᠠᠭᠤᠯᠵᠤ᠂ ᠪᠦᠭᠦ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠦᠢᠯᠡᠰ᠎ᠦᠨ ᠲᠠᠭᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠵᠢᠯ᠎ᠤᠨ ᠪᠠᠢᠳᠠᠯ᠎ᠢ ᠮᠡᠳᠡᠭᠳᠡᠪᠡ᠃
ᠰᠦᠨ ᠱᠤᠤ ᠴᠧᠩ ᠶᠠᠷᠢᠶᠠᠨ᠎ᠳᠠᠭᠠᠨ᠂ 1955 ᠣᠨ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ ᠵᠢᠩᠬᠢᠨᠢ᠎ᠪᠡᠷ ᠪᠠᠢᠭᠤᠯᠤᠭᠳᠠᠭᠰᠠᠨ ᠶᠠᠪᠤᠳᠠᠯ ᠪᠣᠯ ᠥᠪᠥᠷ ᠮᠣᠩᠭᠣᠯ᠎ᠤᠨ ᠠᠷᠠᠳᠴᠢᠯᠠᠭᠰᠠᠨ ᠤᠯᠤᠰ ᠲᠦᠷᠦ᠎ᠶᠢᠨ ᠪᠠᠢᠭᠤᠯᠤᠯᠲᠠ᠎ᠶᠢᠨ ᠴᠢᠬᠤᠯᠠ ᠬᠥᠰᠢᠶ᠎ᠡ ᠲᠡᠮᠳᠡᠭ ᠪᠣᠯᠣᠨ᠎ᠠ᠃ 70 ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠭᠤᠴᠠᠭ᠎ᠠ ᠪᠦᠷᠢ᠎ᠶᠢᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ ᠤᠯᠤᠰ᠎ᠢᠶᠠᠨ ᠬᠠᠢᠷᠠᠯᠠᠬᠤ ᠦᠵᠡᠯ᠂ ᠨᠡᠢᠭᠡᠮ ᠵᠢᠷᠤᠮ᠎ᠤᠨ ᠲᠤᠭ᠎ᠢ ᠥᠨᠳᠥᠷ ᠮᠠᠨᠳᠤᠭᠤᠯᠵᠤ᠂ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠲᠤ ᠡᠵᠡᠮᠳᠡᠵᠦ᠂ ᠲᠤᠰᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠪᠦᠲᠦᠮᠵᠢᠲᠡᠢ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠳᠦ ᠲᠣᠪᠣᠢᠮ᠎ᠠ ᠬᠤᠪᠢ ᠨᠡᠮᠡᠷᠢ ᠦᠵᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠵᠢᠳᠬᠦᠯ ᠴᠢᠷᠮᠠᠢᠯᠭ᠎ᠠ ᠪᠠ ᠰᠠᠢᠨ ᠰᠠᠢᠬᠠᠨ ᠳᠦᠷᠰᠦ ᠪᠠᠢᠳᠠᠯ᠎ᠢ ᠢᠯᠡᠷᠡᠭᠦᠯᠵᠦ᠂ ᠤᠯᠤᠰ ᠲᠥᠷᠥ᠎ᠪᠡᠷ ᠬᠥᠲᠥᠯᠥᠨ ᠳᠠᠭᠠᠭᠤᠯᠬᠤ ᠲᠥᠪᠯᠡᠷᠡᠭᠦᠯᠬᠦ ᠬᠦᠴᠦᠨ ᠶᠠᠪᠤᠬᠤ ᠲᠤᠲᠤᠮ ᠴᠢᠩᠭᠠᠷᠠᠵᠤ᠂ ᠶᠡᠬᠡ ᠲᠠᠯ᠎ᠠ᠎ᠳᠤ ᠦᠢᠯᠡᠴᠢᠯᠡᠬᠦ ᠬᠤᠪᠢ ᠨᠡᠮᠡᠷᠢ᠎ᠶᠢᠨ ᠬᠡᠮᠵᠢᠶ᠎ᠡ ᠶᠠᠪᠤᠬᠤ ᠲᠤᠲᠤᠮ ᠳᠡᠭᠡᠭᠰᠢᠯᠡᠵᠦ ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠰᠢᠨ᠎ᠡ᠎ᠶᠢ ᠡᠭᠦᠳᠬᠦ ᠴᠢᠨᠠᠷ ᠶᠠᠪᠤᠬᠤ ᠲᠤᠲᠤᠮ ᠴᠢᠩᠭᠠᠷᠠᠵᠤ᠂ ᠠᠵᠢᠯ ᠬᠢᠵᠦ ᠦᠢᠯᠡᠰ ᠪᠣᠰᠬᠠᠬᠤ ᠴᠣᠭ ᠵᠣᠷᠢᠭ᠋ ᠶᠠᠪᠤᠬᠤ ᠲᠤᠲᠤᠮ ᠴᠢᠩᠭᠠᠷᠠᠵᠠᠢ ᠭᠡᠪᠡ᠃
ᠰᠦᠨ ᠱᠤᠤ ᠴᠧᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠪᠦᠭᠦ ᠣᠷᠣᠨ᠎ᠤ ᠡᠯ᠎ᠡ ᠱᠠᠲᠤᠨ᠎ᠤ ᠤᠯᠤᠰ ᠲᠦᠷᠦ᠎ᠶᠢᠨ ᠵᠥᠪᠯᠡᠯᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠎ᠢ ᠬᠥᠲᠥᠯᠥᠨ ᠳᠠᠭᠠᠭᠤᠯᠵᠤ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》᠎ᠢ ᠡᠷᠡᠰ ᠬᠦᠷᠢᠶᠡᠯᠡᠵᠦ᠂ 《 ᠬᠣᠶᠠᠷ᠎ᠢ ᠬᠠᠮᠠᠭᠠᠯᠠᠬᠤ 》᠎ᠶᠢ ᠡᠷᠡᠰ ᠪᠡᠶᠡᠯᠡᠭᠦᠯᠬᠦ ᠬᠡᠷᠡᠭᠲᠡᠢ ᠃ ᠪᠠᠢᠴᠠᠭᠠᠨ ᠰᠤᠳᠤᠯᠵᠤ ᠵᠥᠪᠳᠡᠯᠴᠡᠬᠦ᠎ᠪᠡᠨ ᠭᠦᠨᠵᠡᠭᠡᠢᠷᠡᠭᠦᠯᠵᠦ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠭᠣᠣᠯ ᠠᠵᠢᠯ᠎ᠳᠤ ᠦᠢᠯᠡᠴᠢᠯᠡᠬᠦ ᠲᠠᠯ᠎ᠠ᠎ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠪᠣᠳᠠᠲᠤ ᠪᠠᠢᠳᠠᠯ᠎ᠳᠤ ᠰᠠᠭᠤᠷᠢᠯᠠᠨ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ ᠬᠢᠬᠦ᠂ ᠡᠭᠡᠳᠡᠷᠡᠭᠡ᠎ᠶᠢ ᠠᠯᠳᠠᠷᠠᠭᠠᠬᠤ᠂ ᠵᠥᠪᠯᠡᠯᠭᠡ ᠬᠢᠵᠦ ᠲᠦᠷᠦ᠎ᠶᠢᠨ ᠶᠠᠪᠤᠳᠠᠯ᠎ᠢ ᠵᠥᠪᠯᠡᠬᠦ ᠵᠡᠷᠭᠡ ᠠᠵᠢᠯ᠎ᠢ ᠰᠠᠢᠲᠤᠷ ᠬᠢᠵᠦ᠂ ᠬᠥᠮᠥᠰ᠎ᠦᠨ ᠰᠡᠳᠬᠢᠯ᠎ᠢ ᠨᠢᠭᠡᠳᠬᠡᠵᠦ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ᠃ ᠬᠢᠨᠠᠯᠲᠠ ᠲᠠᠯᠪᠢᠬᠤ ᠡᠷᠴᠢᠮ᠎ᠢᠶᠡᠨ ᠴᠢᠩᠭᠠᠷᠠᠭᠤᠯᠵᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶᠢ ᠴᠢᠩᠭᠠᠳᠬᠠᠬᠤ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠠ ᠤᠯᠤᠰ ᠲᠦᠷᠦ᠎ᠶᠢᠨ ᠵᠥᠪᠯᠡᠯᠭᠡᠨ᠎ᠦ ᠪᠠᠢᠭᠤᠯᠭ᠎ᠠ᠎ᠶᠢᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢᠨ ᠲᠦᠪᠰᠢᠨ᠎ᠢ ᠳᠡᠭᠡᠭᠰᠢᠯᠡᠭᠦᠯᠭᠦ ᠲᠠᠯ᠎ᠠ᠎ᠪᠠᠷ ᠰᠢᠨ᠎ᠡ ᠳᠦᠷᠰᠦ ᠪᠠᠢᠳᠠᠯ᠎ᠢ ᠢᠯᠡᠷᠡᠭᠦᠯᠬᠦ ᠬᠡᠷᠡᠭᠲᠡᠢ᠃ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠨᠡᠩ ᠢᠳᠡᠪᠬᠢᠲᠡᠢ ᠰᠠᠨᠠᠭᠠᠴᠢᠯᠠᠭ᠎ᠠ ᠡᠴᠡ᠎ᠪᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠢ ᠪᠦᠭᠦ ᠬᠦᠴᠦ᠎ᠪᠡᠷ᠎ᠢᠶᠡᠨ ᠳᠡᠮᠵᠢᠬᠦ ᠬᠡᠷᠡᠭᠲᠡᠢ ᠭᠡᠪᠡ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠭᠦᠭᠡᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ᠎ᠤ ᠬᠣᠯᠪᠤᠭ᠎ᠠ᠎ᠶᠢᠨ ᠲᠡᠷᠢᠭᠦᠯᠡᠭᠴᠢ ᠠᠨ ᠷᠦᠨ ᠱᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ ᠸᠠᠩ ᠵᠢᠶᠦ᠋ᠨ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠡᠷᠲᠡᠭᠡᠨ ᠵᠠᠰᠠᠬᠤ ᠣᠷᠣᠨ᠎ᠦ ᠬᠣᠷᠢᠶ᠎ᠠ᠎ᠶᠢᠨ ᠡᠷᠭᠢᠯᠡᠭᠴᠢ ᠭᠡᠰᠢᠭᠦᠨ ᠶᠢᠨ ᠵᠤᠸᠠᠩ᠂ ᠤᠯᠠᠭᠠᠨᠬᠠᠳᠠ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠰᠣᠶᠣᠯᠴᠡᠴᠡᠭ ᠪᠣᠯᠣᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠨᠠᠷᠠᠰᠤ ᠦᠭᠡ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠎ᠶᠢᠨ ᠵᠥᠪᠯᠡᠯᠭᠡᠨ᠎ᠦ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠰᠢᠭᠦᠬᠦ ᠬᠣᠷᠢᠶ᠎ᠠ᠎ᠶᠢᠨ ᠳᠠᠷᠤᠭ᠎ᠠ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠮᠤᠵᠢ᠎ᠶᠢᠨ ᠲᠡᠰ᠎ᠤᠨ ᠠᠵᠢᠯ᠎ᠠᠴᠠ᠎ᠪᠠᠨ ᠠᠮᠠᠷᠠᠭᠰᠠᠨ ᠬᠡᠰᠡᠭ ᠠᠬᠠᠮᠠᠳ ᠨᠥᠬᠥᠳ ᠬᠤᠷᠠᠯ᠎ᠳᠤ ᠣᠷᠣᠯᠴᠠᠵᠠᠢ᠃ ᠬᠤᠷᠠᠯ᠎ᠢ ᠸᠢᠳᠢᠤ᠋ ᠭᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ᠃