ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ 《ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠲᠦᠷᠢᠮ》᠎ᠢ ᠦᠨᠳᠦᠰᠦᠯᠡᠨ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠣᠶᠠᠳᠤᠭᠠᠷ ᠬᠢᠨᠠᠨ ᠪᠠᠢᠴᠠᠭᠠᠬᠤ ᠳᠤᠭᠤᠢᠯᠠᠩ(ᠳᠣᠷᠣᠭ᠍ᠰᠢ ᠬᠢᠨᠠᠨ ᠪᠠᠢᠴᠠᠭᠠᠬᠤ ᠳᠤᠭᠤᠢᠯᠠᠩ ᠭᠡᠵᠦ᠍ ᠳᠦᠭᠦᠮᠴᠢᠯᠡᠨ᠎ᠠ)ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠭᠤᠷᠪᠠᠳᠤᠭᠠᠷ ᠡᠭᠡᠯᠵᠢ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠲᠠ ᠬᠢᠵᠦ᠍᠂ ᠰᠠᠪᠠ ᠭᠠᠵᠠᠷ᠎ᠢ ᠬᠢᠨᠠᠨ ᠪᠠᠢᠴᠠᠭᠠᠬᠤ ᠠᠵᠢᠯ ᠪᠠ ᠮᠤᠵᠢ᠎ᠶᠢᠨ ᠪᠦᠬᠦ ᠬᠡᠪᠴᠢᠶᠡᠨ᠎ᠳ᠋ᠡᠬᠢ ᠬᠢᠨᠠᠨ ᠪᠠᠢᠴᠠᠭᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠪᠡ᠃ 2025 ᠣᠨ᠎ᠤ 7 ᠰᠠᠷ᠎ᠠ᠎ᠶ᠋ᠢᠨ 29᠎ᠦ ᠡᠳᠦᠷ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ 7 ᠳ᠋ᠤᠭᠠᠷ ᠤᠳᠠᠭ᠎ᠠ᠎ᠶ᠋ᠢᠨ ᠬᠤᠷᠠᠯ᠎ᠡᠴᠡ ᠬᠢᠨᠠᠨ ᠪᠠᠢᠴᠠᠭᠠᠭ᠍ᠰᠠᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠪᠠᠲᠤᠯᠠᠪᠠ᠃ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠬᠦᠯᠵᠤ᠂ ᠬᠢᠨᠠᠨ ᠪᠠᠢᠴᠠᠭᠠᠬᠤ ᠳᠤᠭᠤᠢᠯᠠᠩ 2025 ᠣᠨ᠎ᠤ 9 ᠰᠠᠷ᠎ᠠ᠎ᠶ᠋ᠢᠨ 11᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠬᠠᠷᠢᠭᠤ ᠲᠤᠰᠭᠠᠪᠠ᠃ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠶᠣᠣ ᠽᠸᠩ ᠺᠸ ᠬᠢᠨᠠᠨ ᠪᠠᠢᠴᠠᠭᠠᠭ᠍ᠰᠠᠨ ᠮᠡᠳᠡᠭᠦᠯᠦᠯᠲᠡ᠎ᠶ᠋ᠢ ᠨᠡᠢᠳᠡᠯᠡᠨ ᠮᠡᠳᠡᠭ᠌ᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠰᠦᠨ ᠱᠤᠤ ᠴᠧᠩ ᠣᠪᠣᠷ᠎ᠢᠶᠠᠨ ᠢᠯᠡᠳᠭᠡᠬᠦ᠌ ᠦᠭᠡ ᠬᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠬᠤᠷᠠᠯ᠎ᠢ ᠡᠷᠬᠢᠯᠡᠪᠡ᠃ ᠬᠢᠨᠠᠨ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ ᠵᠠᠢ ᠴᠢᠩ᠂ ᠬᠢᠨᠠᠨ ᠪᠠᠢᠴᠠᠭᠠᠬᠤ ᠳᠤᠭᠤᠢᠯᠠᠩ᠎ᠤᠨ ᠬᠣᠯᠪᠣᠭ᠍ᠳᠠᠯ ᠪᠦᠬᠦᠢ ᠠᠵᠢᠯᠳᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭ᠍ᠳᠠᠯ ᠪᠦᠬᠦᠢ ᠤᠳᠤᠷᠢᠳᠤᠯᠭ᠎ᠠ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠠᠢᠮᠠᠭ ᠬᠤᠳᠠ᠎ᠶ᠋ᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

ᠬᠢᠨᠠᠨ ᠪᠠᠢᠴᠠᠭᠠᠯᠳᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠠᠵᠢᠯ᠎ᠢᠶᠠᠨ ᠴᠢᠩᠭ᠎ᠠ ᠡᠷᠴᠢᠮ ᠲᠠᠢ ᠠᠬᠢᠭᠤᠯᠵᠤ᠂ ᠢᠯᠡᠷᠬᠡᠢ ᠱᠢᠨ᠎ᠡ ᠦᠷ᠎ᠡ ᠪᠦᠲᠦᠮᠵᠢ ᠤᠯᠤᠬᠰᠠᠨ ᠪᠠᠢᠨ᠎ᠠ ᠬᠡᠵᠤ ᠦᠵᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠬᠤ᠎ᠶ᠋ᠢ ᠪᠠᠷᠢᠮᠲᠠᠯᠠᠪᠠ᠃ ᠬᠥᠯᠥᠨ ᠨᠠᠭᠤᠷ᠎ᠤᠨ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠤᠯᠠᠭᠠᠨᠰᠤᠬᠠᠢ᠎ᠶ᠋ᠢᠨ ᠤᠰᠤᠨ᠎ᠤ ᠴᠢᠨᠠᠷ ᠬᠠᠷᠢᠴᠠᠩᠭᠤᠶ ᠲᠣᠭ᠍ᠲᠠᠭᠤᠨ ᠪᠠᠢᠵᠤ᠂ ᠲᠠᠭ᠎ᠠ᠎ᠶ᠋ᠢᠨ ᠨᠠᠭᠤᠷ᠎ᠤᠨ ᠤᠰᠤ ᠪᠠᠭᠠᠰᠬᠤ ᠪᠠᠢᠳᠠᠯ ᠬᠣᠷᠢᠭ᠍ᠯᠠᠭ᠍ᠳᠠᠵᠤ᠂ ᠴᠠᠭᠠᠨᠨᠠᠭᠤᠷ᠎ᠤᠨ ᠠᠮᠢ ᠠᠬᠤᠶ᠎ᠶ᠋ᠢᠨ ᠱᠢᠰᠲ᠋ᠧᠮ ᠠᠯᠬᠤᠮ ᠠᠯᠬᠤᠮ᠎ᠢᠶᠠᠷ ᠰᠡᠷᠭᠦᠵᠦ᠍᠂ ᠲᠡᠮᠡᠭᠡᠵᠢ᠎ᠶᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠵᠤ᠂ ᠬᠠᠤᠯᠢ᠎ᠡᠴᠡ ᠵᠥᠷᠢᠴᠡᠨ ᠪᠠᠷᠢᠯᠭ᠎ᠠ᠎ᠶ᠋ᠢᠨ ᠬᠣᠭ ᠨᠣᠪᠰᠢ᠎ᠶ᠋ᠢ ᠬᠠᠶᠠᠬᠤ ᠪᠠ ᠣᠶ ᠱᠢᠭᠤᠢ ᠨᠤᠲᠤᠭ ᠪᠡᠯᠴᠢᠭᠡᠷ᠎ᠢ ᠡᠪᠳᠡᠨ ᠰᠦᠶ᠋ᠳᠭᠡᠬᠦ᠌ ᠠᠰᠠᠭᠤᠳᠠᠯ᠎ᠢ ᠲᠤᠰᠬᠠᠢᠯᠠᠨ ᠴᠡᠭᠴᠡᠯᠡᠨ ᠵᠠᠰᠠᠪᠠ᠃ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠡᠢᠲᠡᠯᠡᠵᠦ᠍᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠤᠭᠤᠷᠢᠨ᠎ᠦ ᠬᠠᠮᠠᠭᠠᠯᠠᠯᠲᠠ᠎ᠶ᠋ᠢᠨ ᠲᠤᠰᠭᠠᠢ ᠬᠢᠨᠠᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠵᠦ ᠥᠷᠨᠢᠭᠦᠯᠪᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠪᠡ᠃ 《ᠤᠮᠠᠷᠠᠲᠤ᠎ᠶᠢᠨ ᠭᠤᠷᠪᠠᠨ ᠤᠷᠤᠨ》᠎ᠦ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠶᠡᠬᠡ ᠬᠡᠪᠴᠢᠶᠡᠨ᠎ᠦ ᠠᠵᠢᠯᠯᠠᠭ᠎ᠠ᠎ᠶᠢ ᠥᠷᠨᠢᠭᠦᠯᠵᠦ᠍᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠡᠢᠲᠡ 2488 ᠲᠦᠮᠡᠨ ᠮᠥ᠍ ᠮᠣᠳᠣ ᠳᠠᠷᠢᠵᠤ᠂ 8536 ᠲᠦᠮᠡᠨ ᠮᠥ᠍ ᠡᠪᠡᠰᠦ ᠳᠠᠷᠢᠪᠠ᠃ ᠪᠡᠯᠴᠢᠬᠡᠷ᠎ᠤᠨ ᠳᠠᠭᠠᠭᠠᠴᠠ᠎ᠡᠴᠡ ᠬᠡᠲᠦᠷᠡᠳᠡᠯ᠎ᠠ ᠮᠠᠯᠵᠢᠬᠤ᠎ᠶ᠋ᠢ ᠵᠠᠰᠠᠬᠤ ᠠᠵᠢᠯᠯᠠᠭ᠎ᠠ᠎ᠶᠢ ᠥᠷᠨᠢᠭᠦᠯᠦᠨ᠂ 17 ᠲᠤᠷᠱᠢᠯᠲᠠ᠎ᠶ᠋ᠢᠨ ᠴᠡᠭ᠎ᠤᠨ ᠬᠣᠱᠢᠭᠤ ᠱᠢᠶᠠᠨ᠎ᠤ ᠮᠠᠯ ᠪᠡᠯᠴᠢᠭᠡᠷ᠎ᠤᠨ ᠲᠡᠩᠴᠡᠬᠦᠷᠢ᠎ᠶᠢ ᠪᠠᠳᠤᠯᠠᠬᠰᠠᠨ ᠵᠢᠭᠠᠯᠲᠠ ᠲᠣᠭ᠎ᠠ 23.9% ᠪᠠᠢᠭ᠍ᠰᠠᠨ᠎ᠡᠴᠡ 10%᠎ᠡᠴᠡ ᠳᠣᠷᠣᠭ᠍ᠰᠢ ᠪᠣᠯᠲᠠᠯ᠎ᠠ ᠪᠠᠭᠤᠷᠠᠵᠠᠢ᠃ ᠱᠢᠨ᠎ᠡ ᠡᠨᠧᠷᠭᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1.4 ᠳ᠋ᠦᠩᠱᠢᠭᠤᠷ ᠺᠢᠯᠦᠸᠠᠲ᠎ᠢ ᠳᠠᠪᠠᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠪᠡ᠃ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶᠢ ᠬᠡᠲᠦ ᠪᠠᠭ᠎ᠠ ᠭᠠᠳᠠᠭ᠍ᠰᠢᠯᠠᠭᠤᠯᠤᠯᠲᠠ ᠲᠠᠢ ᠪᠤᠯᠭᠠᠬᠤ ᠥᠭᠡᠷᠡᠴᠢᠯᠡᠯᠲᠡ᠎ᠶ᠋ᠢ ᠨᠡᠢᠲᠡ 1.1 ᠳ᠋ᠦᠩᠱᠢᠭᠤᠷ ᠺᠢᠯᠦᠸᠠᠲ ᠪᠡᠶᠡᠯᠡᠭᠦᠯᠵᠦ᠍᠂ 64 ᠲᠦᠮᠡᠨ ᠡᠷᠦᠬᠡ᠎ᠳᠤ ᠴᠡᠪᠡᠷ ᠳᠤᠯᠠᠭᠠᠯᠠᠭ᠎ᠠ ᠬᠠᠩᠭᠠᠬᠤ ᠦᠭᠡᠷᠡᠴᠢᠯᠡᠯᠳᠠ᠎ᠶᠢ ᠪᠡᠶᠡᠯᠡᠬᠦᠯᠵᠤ᠂ 2024 ᠣᠨ᠎ᠤ ᠪᠥᠬᠥ᠌ ᠣᠷᠣᠨ᠎ᠤ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ 90.7%᠎ᠳᠤ ᠬᠦᠷᠴᠤ᠂ PM2.5 ᠶ᠋ᠢᠨ ᠳᠤᠮᠳᠠᠴᠢ ᠥᠳᠭᠡᠴᠡ 23.2 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠪᠡ᠃ ᠬᠠᠲᠤᠨ ᠭᠤᠤᠯ᠎ᠤᠨ ᠭᠤᠤᠯ ᠤᠷᠤᠰᠭᠠᠯ᠎ᠤᠨ ᠥᠪᠥᠷ ᠮᠣᠩᠭᠣᠯ᠎ᠤᠨ ᠬᠡᠰᠡᠭ ᠲᠡᠬᠢ ᠤᠰᠤᠨ᠎ᠤ ᠴᠢᠨᠠᠷ 5 ᠵᠢᠯ ᠳᠠᠷᠠᠭᠠᠯᠠᠨⅡᠲᠥᠷᠥᠯ᠎ᠢᠶᠠᠨ ᠪᠠᠲᠤᠯᠠᠪᠠ᠃ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠭᠤᠷᠪᠠᠨ ᠵᠢᠯ᠎ᠦᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠡᠢᠲᠡ 97.9 ᠲᠡᠭ᠌ᠰᠢ ᠳᠥᠷᠪᠡᠯᠵᠢᠨ ᠺᠢᠯᠣᠮᠧᠲ᠋ᠷ᠎ᠤᠨ ᠠᠮᠢ ᠠᠬᠤᠢ᠎ᠶᠢ ᠵᠠᠰᠠᠨ ᠰᠡᠷᠭᠦᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠣᠰ ᠤᠳᠠᠭᠠᠨ᠎ᠤ ᠬᠢᠨᠠᠨ ᠪᠠᠢᠴᠠᠭᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠬᠢᠨᠠᠨ ᠪᠠᠢᠴᠠᠭᠠᠯᠳᠠ᠎ᠳᠤ ᠬᠠᠮᠵᠢᠯᠴᠠᠨ ᠰᠠᠢᠲᠤᠷ ᠬᠢᠬᠦ᠌᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠬᠢᠨᠠᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠦᠳᠡᠯᠦᠯᠴᠡᠵᠤ ᠪᠠᠷᠢᠨ ᠴᠡᠭ᠌ᠴᠡᠯᠡᠨ ᠰᠠᠢᠵᠢᠷᠠᠭᠤᠯᠵᠤ᠂ ᠣᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠦᠨᠡᠨ ᠬᠦ᠌ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠪᠠ᠃ 2025 ᠣᠨ᠎ᠤ 8 ᠰᠠᠷ᠎ᠠ᠎ᠶ᠋ᠢᠨ ᠡᠴᠦᠰ ᠪᠣᠯᠲᠠᠯ᠎ᠠ᠂ ᠬᠢᠨᠠᠨ ᠪᠠᠢᠴᠠᠭᠠᠬᠤ ᠳᠤᠭᠤᠢᠯᠠᠩ᠎ᠤᠨ ᠱᠢᠢᠳᠪᠦᠷᠢᠯᠡᠭᠦᠯᠬᠦ᠌᠎ᠪᠡᠷ ᠲᠤᠱᠢᠶᠠᠭ᠍ᠰᠠᠨ 1606 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠤᠨ 1541 ᠬᠤᠪᠢ᠎ᠶᠢ ᠨᠢ ᠨᠢᠭᠡᠨᠲᠡ ᠱᠢᠢᠳᠪᠦᠷᠢᠯᠡᠵᠦ᠍ ᠳᠠᠭᠤᠰᠭᠠᠭ᠍ᠰᠠᠨ ᠪᠤᠶᠤ ᠱᠠᠳᠤᠴᠢ ᠴᠢᠨᠠᠷᠳᠠᠢ ᠱᠢᠢᠳᠪᠦᠷᠢᠯᠡᠵᠦ᠍ ᠳᠠᠭᠤᠰᠭᠠᠪᠠ᠃
ᠬᠢᠨᠠᠨ ᠪᠠᠢᠴᠠᠭᠠᠯᠳᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠬᠡᠳᠦᠢᠪᠡᠷ ᠢᠯᠡᠳᠲᠡ ᠱᠢᠨ᠎ᠡ ᠦᠷ᠎ᠡ ᠪᠦᠲᠦᠮᠵᠢ ᠣᠯᠤᠭ᠍ᠰᠠᠨ ᠪᠣᠯᠪᠠᠴᠤ᠌ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠱᠠᠭᠠᠷᠳᠠᠯᠭ᠎ᠠ᠎ᠲᠠᠶ ᠬᠠᠷᠭᠤᠭᠤᠯᠪᠠᠯ᠂ ᠵᠠᠷᠢᠮ ᠲᠠᠯ᠎ᠠ᠎ᠶ᠋ᠢᠨ ᠠᠵᠢᠯ᠎ᠳᠤ ᠮᠥᠨ ᠬᠦ᠌ ᠳᠤᠲᠠᠭᠤᠳᠠᠯ ᠣᠷᠣᠱᠢᠵᠤ᠂ ᠴᠥᠭᠡᠨ ᠪᠤᠰᠤ ᠠᠮᠢ ᠠᠬᠤᠶ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠲᠦᠷᠭᠡᠨ ᠱᠢᠶ᠋ᠳᠪᠦᠷᠢᠯᠡᠬᠦ᠌ ᠴᠢᠬᠤᠯᠠᠲᠠᠶ ᠪᠠᠢᠨ᠎ᠠ ᠬᠡᠵᠤ ᠵᠢᠭᠠᠵᠤ ᠭᠠᠷᠭᠠᠪᠠ᠃
ᠨᠢᠭᠡ᠎ᠳᠦ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠬᠦ᠌ ᠲᠠᠯ᠎ᠠ᠎ᠪᠠᠷ ᠵᠥᠷᠢᠶ᠎ᠡ᠎ᠲᠡᠶ ᠪᠠᠢᠨ᠎ᠠ᠃ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ᠎ᠦᠨ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠬᠦᠯᠬᠦ ᠣᠢᠯᠠᠭᠠᠭ᠍ᠳᠠᠬᠤᠨ᠎ᠢ ᠪᠠᠲᠤ ᠪᠣᠶ ᠪᠣᠯᠭᠠᠬᠤ ᠲᠠᠯ᠎ᠠ᠎ᠪᠠᠷ ᠬᠦᠷᠦᠯᠴᠡᠬᠦ ᠦᠬᠡᠢ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ ᠲᠠᠯ᠎ᠠ᠎ᠪᠠᠷ ᠭᠦᠨᠵᠡᠭᠡᠶ ᠪᠢᠰᠢ᠂ 《ᠤᠰᠤ᠎ᠪᠠᠷ ᠲᠦᠷᠪᠡ᠎ᠶᠢ ᠲᠤᠬᠳᠠᠭᠠᠬᠤ》 ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ ᠣᠪᠣᠷ ᠡᠷᠡᠰ ᠪᠠᠲᠤ ᠪᠢᠰᠢ᠂ ᠤᠯᠠᠮᠵᠢᠯᠠᠯᠲᠤ ᠬᠥᠭ᠌ᠵᠢᠯᠲᠡ᠎ᠶ᠋ᠢᠨ ᠵᠠᠭ᠍ᠪᠤᠷ᠎ᠲᠤ ᠠᠷᠭ᠎ᠠ ᠵᠠᠮ᠎ᠳᠤ ᠲᠦᠱᠢᠭ᠌ᠯᠡᠬᠦ᠌᠂ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌᠂ ᠠᠵᠤ ᠠᠬᠤᠶ᠎ᠶ᠋ᠢᠨ ᠬᠥᠭ᠌ᠵᠢᠯᠲᠡ᠎ᠶᠢᠨ ᠶᠠᠪᠤᠴᠠ᠎ᠳᠤ ᠮᠥᠨ ᠬᠦ᠌ ᠠᠮᠢ ᠠᠬᠤᠶ᠎ᠶ᠋ᠢ ᠡᠪᠳᠡᠬᠦ᠌ ᠠᠰᠠᠭᠤᠳᠠᠯ ᠣᠷᠣᠱᠢᠵᠤ᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠣᠲᠣᠭᠠᠳᠤ ᠬᠥᠳᠡᠯᠭᠡᠬᠦ᠌ ᠬᠦᠴᠦᠨ ᠬᠦᠷᠦᠯᠴᠡᠬᠦ᠌ ᠥᠬᠡᠶ ᠪᠠᠢᠨ᠎ᠠ᠃ ᠨᠤᠲᠤᠭ ᠪᠡᠯᠴᠢᠭᠡᠷ᠎ᠦᠨ ᠬᠠᠮᠠᠭᠠᠯᠠᠯᠲᠠ ᠵᠡᠷᠭᠡ ᠭᠤᠤᠯᠳᠠᠯᠭ᠎ᠠ᠎ᠲᠠᠶ ᠠᠵᠢᠯ᠎ᠢ ᠲᠤᠭᠤᠰᠢᠳᠠᠢ ᠨᠠᠢᠳᠠᠪᠤᠷᠢᠵᠢᠭᠤᠯᠤᠭ᠍ᠰᠠᠨ ᠥᠬᠡᠶ᠃ ᠲᠦᠩᠯᠢᠶᠣᠤ ᠬᠣᠲᠠ ᠵᠡᠷᠭᠡ ᠭᠠᠵᠠᠷ ᠨᠤᠲᠤᠭ ᠪᠡᠯᠴᠢᠭᠡᠷ᠂ ᠣᠶ ᠱᠢᠭᠤᠶ᠎ᠶ᠋ᠢᠨ ᠬᠠᠮᠠᠭᠠᠯᠠᠯᠲᠠ᠎ᠶ᠋ᠢ ᠴᠢᠬᠤᠯᠠᠴᠢᠯᠠᠬᠰᠠᠨ ᠵᠢᠡᠷ ᠬᠦᠷᠦᠯᠴᠡᠬᠦ᠌ ᠦᠭᠡᠶ᠂ ᠨᠤᠲᠤᠭ ᠪᠡᠯᠴᠢᠭᠡᠷ ᠣᠢ᠎ᠳᠤ ᠭᠠᠵᠠᠷ ᠡᠵᠡᠯᠡᠭ᠌ᠳᠡᠬᠦ᠌ ᠠᠰᠠᠭᠤᠳᠠᠯ ᠣᠯᠠᠨ ᠭᠠᠷᠴᠤ᠌ ᠪᠠᠢᠨ᠎ᠠ᠃ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ ᠳᠤᠲᠠᠭ᠍ᠳᠠᠵᠤ᠂ ᠣᠨᠴᠠ ᠵᠠᠷᠢᠮ ᠭᠠᠵᠠᠷ ᠣᠷᠣᠨ ᠡᠵᠡᠯᠡᠬᠦ᠌ ᠨᠥᠬᠥᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠥᠬᠡᠶ᠃ 《ᠬᠦᠯᠤᠨ ᠨᠠᠭᠤᠷ ᠲᠠᠭ᠎ᠠ᠎ᠶᠢᠨ ᠨᠠᠭᠤᠷ ᠤᠯᠠᠭᠠᠨᠰᠤᠬᠠᠢ》 ᠵᠡᠷᠭᠡ ᠭᠣᠣᠯᠳᠠᠯᠭ᠎ᠠ᠎ᠲᠠᠶ ᠨᠠᠭᠤᠷ ᠴᠥᠭᠥᠷᠥᠮ᠎ᠦᠨ ᠤᠰᠤᠨ᠎ᠤ ᠠᠮᠢ ᠠᠬᠤᠢ᠎ᠶ᠋ᠢ ᠬᠠᠮᠠᠭᠠᠯᠠᠵᠤ ᠵᠠᠰᠠᠭ᠍ᠰᠠᠨ ᠦᠷ᠎ᠡ ᠪᠦᠲᠦᠮᠵᠢ ᠪᠠᠰᠠ ᠲᠡᠢᠮᠦ ᠪᠠᠳᠤ ᠪᠡᠬᠢ ᠪᠢᠰᠢ᠃ ᠪᠣᠬᠢᠷᠲᠤᠯ ᠥᠬᠡᠶ ᠬᠥᠭ᠌ᠵᠢᠬᠦᠯᠬᠦ᠎ᠶᠢ ᠠᠬᠢᠭᠤᠯᠬᠤ ᠠᠵᠢᠯ ᠡᠷᠡᠰ ᠱᠢᠭᠤᠷᠬᠠᠶ ᠪᠢᠰᠢ᠂ ᠵᠠᠷᠢᠮ ᠭᠠᠵᠠᠷ ᠣᠷᠣᠨ ᠦᠶ᠋ᠯᠡᠳᠪᠦᠷᠢᠯᠡᠯ᠎ᠤᠨ ᠴᠢᠳᠠᠪᠤᠷᠢ᠎ᠪᠠᠨ ᠰᠣᠯᠢᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠥᠬᠡᠶ᠂ ᠲᠣᠭ᠍ᠲᠠᠭᠠᠯ᠎ᠡᠴᠡ ᠵᠥᠷᠢᠴᠡᠨ ᠬᠡᠸ᠋ᠷᠱᠢᠭᠦᠯᠬᠦ᠌ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠲᠥᠷᠥᠯ ᠵᠦᠶ᠋ᠯ᠎ᠢ ᠪᠠᠷᠢᠯᠭ᠎ᠠ ᠡᠬᠢᠯᠡᠭᠦᠯᠦᠨ ᠪᠥᠲᠥᠭᠡᠨ ᠪᠠᠢᠭᠤᠯᠵᠤ ᠪᠠᠢᠨ᠎ᠠ; ᠦᠬᠠᠶ ᠬᠣᠲᠠ ᠬᠡᠦᠷᠱᠢᠭᠦᠯᠬᠦ᠌ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠬᠠᠭᠤᠷᠠᠶ᠎ᠪᠠᠷ ᠤᠨᠲᠠᠷᠠᠭᠠᠬᠤ ᠪᠠ ᠬᠡᠲᠦ ᠪᠠᠭ᠎ᠠ ᠭᠠᠳᠠᠭ᠍ᠰᠢᠯᠠᠭᠤᠯᠬᠤ ᠪᠤᠯᠭᠠᠨ ᠥᠭᠡᠷᠡᠴᠢᠯᠡᠨ ᠵᠠᠰᠠᠬᠤ ᠡᠭᠦᠷᠭᠡ᠎ᠶᠢ ᠮᠥᠨ ᠬᠦ᠌ ᠴᠠᠭ ᠲᠤᠬᠠᠶ᠎ᠳᠤᠨᠢ ᠪᠡᠶᠡᠯᠡᠭᠦᠯᠦᠭ᠌ᠰᠡᠨ ᠥᠬᠡᠶ᠃ ᠲᠡᠦᠬᠡ ᠰᠣᠶᠣᠯ᠎ᠤᠨ ᠥᠪ᠎ᠦᠨ ᠬᠠᠮᠠᠭᠠᠯᠠᠯᠲᠠ ᠬᠦᠴᠦᠲᠡᠶ ᠪᠢᠰᠢ᠂ ᠪᠠᠢᠯᠳᠤᠭᠠᠨᠲᠤ ᠤᠯᠤᠰ᠎ᠤᠨ ᠦᠶ᠎ᠠ᠎ᠶᠢᠨ ᠴᠢᠨ ᠤᠯᠤᠰ᠎ᠤᠨ ᠣᠷᠳᠣ ᠴᠠᠭᠠᠨ ᠬᠡᠷᠡᠮ᠂ ᠴᠢᠨ ᠤᠯᠤᠰ᠎ᠤᠨ ᠰᠢᠯᠤᠭᠤᠨ ᠵᠠᠮ᠎ᠤᠨ ᠪᠠᠭᠤᠷᠢ᠎ᠶ᠋ᠢᠨ ᠬᠠᠮᠠᠭᠠᠯᠠᠯᠲᠠ᠎ᠶ᠋ᠢᠨ ᠬᠡᠪᠴᠢᠶ᠎ᠡ ᠡᠵᠡᠯᠡᠭ᠌ᠳᠡᠪᠡ᠃ ᠬᠠᠤᠯᠢ᠎ᠶ᠋ᠢ ᠵᠥᠷᠢᠴᠡᠨ ᠱᠢᠪᠠᠭᠤᠨ᠎ᠤ ᠲᠦᠷᠦᠯ᠎ᠢ ᠠᠩᠨᠠᠵᠤ ᠠᠷᠠᠯᠵᠢᠶᠠᠯᠠᠬᠤ ᠠᠰᠠᠭᠤᠳᠠᠯ ᠪᠠᠢᠨ ᠲᠠᠬᠢᠨ ᠭᠠᠷᠴᠤ᠌ ᠪᠠᠢᠨ᠎ᠠ᠃
ᠬᠣᠶᠠᠷ᠎ᠲᠤ᠂ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠬᠠᠷᠠᠬᠠᠨ ᠪᠠᠲᠤ ᠴᠤᠬᠴᠠᠯᠠᠵᠤ ᠳᠡᠢᠯᠦᠭᠡᠳᠦᠶ᠃ 《ᠤᠮᠠᠷᠠᠳᠤ᠎ᠶᠢᠨ ᠭᠤᠷᠪᠡᠨ ᠤᠷᠤᠨ》᠎ᠦ ᠢᠨᠵᠧᠨᠧᠷᠢᠩ᠎ᠦᠨ ᠬᠠᠮᠢᠶᠠᠷᠤᠯᠲᠠ ᠬᠠᠮᠠᠭᠠᠯᠠᠯᠲᠠ ᠬᠦᠷᠦᠯᠴᠡᠬᠦ᠌ ᠦᠭᠡᠶ ᠪᠠᠢᠵᠤ᠂ ᠬᠡᠰᠡᠭ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ᠎ᠳᠤ ᠲᠣᠭ᠍ᠲᠠᠭᠠᠯ᠎ᠡᠴᠡ ᠵᠥᠷᠢᠴᠡᠨ ᠮᠠᠯ ᠮᠠᠯᠵᠢᠬᠤ᠂ ᠤᠷᠭᠤᠮᠠᠯ᠎ᠤᠨ ᠬᠤᠴᠢᠯᠭ᠎ᠠ᠎ᠶ᠋ᠢ ᠡᠪᠳᠡᠬᠦ᠌ ᠠᠰᠠᠭᠤᠳᠠᠯ ᠤᠷᠲᠤ ᠬᠤᠭᠤᠴᠠᠭ᠎ᠠ ᠣᠷᠣᠱᠢᠵᠤ ᠪᠠᠢᠨ᠎ᠠ᠃ ᠪᠡᠯᠴᠢᠬᠡᠷ᠎ᠤᠨ ᠳᠠᠭᠠᠭᠠᠴᠠ᠎ᠡᠴᠡ ᠬᠡᠲᠦᠷᠡᠭᠦᠯᠦᠨ ᠮᠠᠯᠵᠢᠬᠤ᠎ᠶ᠋ᠢ ᠬᠢᠨᠠᠨ ᠬᠠᠮᠢᠶᠠᠷᠬᠤᠲᠠᠯᠠᠪᠠᠷ ᠠᠭᠤᠵᠢᠭᠤ ᠰᠤᠯᠠ ᠵᠥᠭᠡᠯᠡᠨ ᠪᠠᠢᠵᠤ᠂ ᠮᠠᠯ ᠪᠡᠯᠴᠢᠭᠡᠷ᠎ᠤᠨ ᠲᠡᠩᠴᠡᠬᠦᠷᠢ᠎ᠶᠢ ᠪᠠᠳᠤᠯᠠᠬᠤ ᠪᠠ ᠪᠡᠯᠴᠢᠭᠡᠷᠯᠡᠭᠦᠯᠬᠦ᠌᠎ᠶ᠋ᠢ ᠵᠤᠬᠰᠤᠭᠠᠵᠦ ᠪᠡᠯᠴᠢᠭᠡᠷ᠎ᠢ ᠠᠮᠠᠷᠠᠭᠤᠯᠬᠤ ᠨᠤᠲᠤᠭ ᠪᠡᠯᠴᠢᠭᠡᠷ᠎ᠦᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ᠲᠠᠯᠠᠪᠠᠷ ᠴᠢᠩᠭ᠎ᠠ ᠪᠤᠰᠤ ᠪᠠᠢᠵᠤ᠂ ᠵᠠᠷᠢᠮ ᠠᠮᠢ ᠠᠬᠤᠢ ᠬᠡᠪᠡᠷᠡᠭ ᠣᠷᠣᠨ᠎ᠳᠤ ᠲᠡᠯᠳᠠᠭᠤᠷ ᠬᠤᠯᠠᠭᠠᠢᠯᠠᠨ ᠮᠠᠯᠵᠢᠬᠤ᠂ ᠰᠥᠨᠢ᠎ᠪᠡᠷ ᠮᠠᠯᠵᠢᠬᠤ ᠦᠵᠡᠭ᠌ᠳᠡᠯ ᠪᠠᠢᠨ ᠳᠠᠬᠢᠨ ᠭᠠᠷᠴᠤ᠌ ᠪᠠᠢᠨ᠎ᠠ᠃ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠠᠵᠢᠯ ᠳᠤᠲᠠᠭ᠍ᠳᠠᠵᠤ᠂ 《ᠠᠷᠪᠠᠨ ᠶᠡᠬᠡ ᠬᠥᠨᠳᠡᠶ》᠎ᠶᠢ ᠵᠠᠰᠠᠵᠤ ᠳᠠᠭᠤᠰᠤᠭᠠᠳᠤᠶ᠂ ᠰᠠᠪᠠ ᠭᠠᠵᠠᠷ᠎ᠤᠨ ᠳᠣᠲᠣᠷ᠎ᠠ ᠠᠮᠢ ᠠᠬᠤᠶ ᠡᠪᠳᠡᠭ᠌ᠳᠡᠭ᠌ᠰᠡᠨ ᠠᠰᠠᠭᠤᠳᠠᠯ ᠪᠠᠢᠨ ᠲᠠᠬᠢᠨ ᠭᠠᠷᠴᠤ᠌ ᠪᠠᠢᠨ᠎ᠠ᠃ ᠣᠨᠴᠠ ᠵᠠᠷᠢᠮ ᠭᠠᠵᠠᠷ᠎ᠲᠤ ᠱᠢᠯᠭᠠᠨ ᠠᠪᠤᠭ᠍ᠰᠠᠨ ᠮᠡᠳᠡᠭᠦᠯᠦᠯᠲᠡ᠎ᠶᠢ ᠬᠠᠭᠤᠷᠮᠠᠬᠯᠠᠨ ᠵᠤᠬᠢᠶᠠᠵᠦ᠂ ᠲᠣᠭ᠍ᠲᠠᠭᠠᠯ᠎ᠡᠴᠡ ᠵᠥᠷᠢᠴᠡᠨ ᠨᠡᠢᠲᠡ᠎ᠶ᠋ᠢᠨ ᠠᠰᠠᠷᠠᠮᠵᠢ᠎ᠶ᠋ᠢᠨ ᠣᠶ᠎ᠶ᠋ᠢ ᠣᠭ᠍ᠲᠣᠯᠤᠭ᠍ᠰᠠᠨ ᠠᠰᠠᠭᠤᠳᠠᠯ ᠣᠷᠣᠱᠢᠵᠤ᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠦᠨ ᠲᠦᠭ᠌ᠰᠢᠭᠦᠷᠢ ᠣᠷᠣᠱᠢᠵᠤ ᠪᠠᠢᠨ᠎ᠠ᠃ ᠠᠭᠤᠷᠬᠠᠢ᠎ᠶ᠋ᠢ ᠨᠡᠭᠡᠭᠡᠨ ᠬᠥᠭ᠌ᠵᠢᠭᠦᠯᠬᠦ ᠲᠤᠮᠳᠠ ᠠᠮᠢ ᠠᠬᠤᠢ᠎ᠶ᠋ᠢ ᠡᠪᠳᠡᠭ᠌ᠰᠡᠨ ᠠᠰᠠᠭᠤᠳᠠᠯ ᠲᠤᠪᠤᠢ᠌ᠮ᠎ᠠ ᠪᠠᠢᠵᠤ᠂ ᠵᠠᠷᠢᠮ ᠠᠭᠤᠷᠬᠠᠢ ᠨᠢ ᠲᠣᠭ᠍ᠲᠠᠭᠠᠯ᠎ᠡᠴᠡ ᠵᠥᠷᠢᠴᠡᠨ ᠠᠵᠢᠯᠯᠠᠵᠤ ᠠᠮᠢ ᠠᠬᠤᠢ᠎ᠶ᠋ᠢ ᠡᠪᠳᠡᠵᠦ᠍᠂ ᠵᠠᠷᠢᠮ ᠠᠭᠤᠷᠬᠠᠢ ᠨᠢ ᠵᠠᠰᠠᠨ ᠰᠡᠷᠭᠦᠭᠡᠬᠦ ᠠᠵᠢᠯ᠎ᠢ ᠲᠤᠭᠤᠰᠢᠳᠠᠢ ᠬᠢᠭ᠌ᠰᠡᠨ ᠦᠭᠡᠢ᠂ ᠲᠣᠭᠣᠰᠣ ᠱᠢᠷᠣᠢ᠎ᠶ᠋ᠢᠨ ᠪᠣᠬᠢᠷᠲᠤᠯ᠎ᠤᠨ ᠠᠰᠠᠭᠤᠳᠠᠯ ᠲᠤᠪᠤᠢ᠌ᠮ᠎ᠠ ᠤᠷᠤᠰᠢᠵᠤ ᠪᠠᠢᠨ᠎ᠠ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠡᠷᠴᠢᠮ ᠬᠦᠷᠦᠯᠴᠡᠬᠦ᠌ ᠦᠭᠡᠶ ᠪᠠᠢᠵᠤ᠂ ᠬᠡᠰᠡᠭ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠠᠮᠢ ᠠᠬᠤᠶ ᠣᠷᠴᠢᠨ ᠲᠣᠭᠣᠷᠢᠨ᠎ᠢ ᠡᠵᠡᠯᠡᠭ᠌ᠰᠡᠨ ᠪᠠ ᠡᠪᠳᠡᠭ᠌ᠰᠡᠨ ᠠᠰᠠᠭᠤᠳᠠᠯ ᠣᠷᠣᠱᠢᠵᠤ ᠪᠠᠢᠨ᠎ᠠ᠃
ᠭᠤᠷᠪᠠ᠎ᠳᠤ᠂ ᠬᠠᠳᠤᠨ ᠭᠣᠣᠯ᠎ᠤᠨ ᠰᠠᠪᠠ ᠭᠠᠵᠠᠷ᠎ᠤᠨ 《ᠶᠡᠭᠡ ᠲᠤᠬᠤᠢ》᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠤᠯᠠᠨ ᠠᠰᠠᠭᠤᠳᠠᠯ ᠭᠠᠷᠴᠤ᠌ ᠪᠠᠢᠨ᠎ᠠ᠃ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠨᠠᠢᠳᠠᠪᠤᠷᠢᠵᠢᠭᠤᠯᠤᠭ᠍ᠰᠠᠨ᠎ᠢᠶᠠᠷ ᠲᠤᠭᠤᠰᠢᠳᠠᠢ ᠪᠢᠰᠢ᠂ ᠣᠯᠠᠨ ᠲᠤᠰᠭᠠᠶ ᠲᠥᠯᠥᠪᠵᠢᠭᠦᠯᠭᠡ᠎ᠨᠢ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ᠎ᠶ᠋ᠢ ᠪᠡᠶᠡᠯᠡᠭᠦᠯᠦᠭ᠌ᠰᠡᠨ ᠥᠬᠡᠶ᠂ ᠵᠠᠷᠢᠮ ᠪᠥᠲᠥᠭᠡᠨ ᠪᠠᠢᠭᠤᠯᠵᠤ ᠪᠠᠢᠭ᠎ᠠ ᠲᠥᠷᠥᠯ ᠵᠦᠶ᠋ᠯ᠎ᠨᠢ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ᠎ᠶ᠋ᠢ ᠪᠡᠶᠡᠯᠡᠭᠦᠯᠦᠭ᠌ᠰᠡᠨ ᠥᠬᠡᠶ᠎ᠪᠡᠷ ᠲᠣᠭ᠍ᠲᠠᠭᠠᠯ᠎ᠡᠴᠡ ᠵᠥᠷᠢᠴᠡᠨ ᠠᠵᠢᠯ᠎ᠢᠶᠠᠨ ᠡᠬᠢᠯᠡᠭᠦᠯᠪᠡ᠃ ᠲᠣᠭ᠍ᠲᠠᠭᠠᠯ᠎ᠡᠴᠡ ᠵᠥᠷᠢᠴᠡᠨ ᠤᠰᠤ ᠲᠠᠲᠠᠵᠤ ᠤᠰᠤ ᠬᠡᠷᠡᠭ᠌ᠯᠡᠵᠦ᠍ ᠪᠠᠢᠭ᠎ᠠ ᠠᠰᠠᠭᠤᠳᠠᠯ᠎ᠢ ᠴᠠᠭᠠᠵᠠᠯᠠᠭ᠍ᠰᠠᠨ ᠪᠣᠯᠪᠠᠴᠤ᠌ ᠵᠣᠭ᠍ᠰᠣᠭᠠᠵᠤ ᠲᠠᠢᠯᠦᠭᠰᠡᠨ ᠦᠭᠡᠶ᠂ ᠵᠠᠷᠢᠮ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠢ ᠳᠠᠭᠠᠭᠠᠴᠠ᠎ᠡᠴᠡ ᠬᠡᠲᠦᠷᠡᠬᠦᠯᠦᠨ ᠬᠡᠷᠡᠭᠯᠡᠬᠦ ᠲᠤᠬᠠᠢ ᠵᠠᠰᠠᠯᠳᠠ ᠲᠤᠭᠤᠰᠢᠳᠠᠢ ᠪᠢᠰᠢ᠂ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ᠎ᠤᠨ ᠬᠠᠮᠠᠭᠠᠯᠠᠯᠲᠠ ᠨᠡᠯᠢᠶᠡᠳ ᠶᠡᠬᠡ ᠵᠥᠷᠢᠶ᠎ᠡ᠎ᠲᠡᠶ ᠪᠠᠢᠵᠤ᠂ ᠪᠦᠬᠦ᠌ ᠣᠷᠣᠨ᠎ᠤ ᠭᠠᠵᠠᠷ ᠳᠣᠣᠷᠠᠬᠢ ᠤᠰᠤ᠎ᠶ᠋ᠢ ᠨᠡᠭᠡᠭᠡᠨ ᠮᠠᠯᠲᠠᠬᠤ ᠬᠡᠮᠵᠢᠶ᠎ᠡ ᠨᠢ ᠲᠥᠯᠥᠪᠵᠢᠭᠦᠯᠭᠡ᠎ᠶ᠋ᠢᠨ ᠡᠵᠡᠮᠳᠡᠬᠦ᠌ ᠱᠠᠭᠠᠷᠳᠠᠯᠭ᠎ᠠ᠎ᠡᠴᠡ ᠳᠠᠪᠠᠭ᠍ᠰᠠᠨ ᠪᠠᠢᠨ᠎ᠠ᠃ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠱᠢᠭ᠍ᠯᠠᠭ᠍ᠰᠠᠨ᠎ᠢᠶᠠᠷ ᠬᠦᠷᠦᠯᠴᠡᠬᠦ᠌ ᠦᠭᠡᠶ᠂ ᠣᠷᠳᠣᠰ ᠵᠡᠷᠭᠡ ᠬᠣᠲᠠ᠎ᠶ᠋ᠢᠨ ᠶᠡᠬᠡ ᠬᠡᠮᠵᠢᠶᠡᠨ᠎ᠦ ᠨᠡᠭᠦᠷᠡᠰᠦᠨ ᠳᠠᠪᠬᠤᠷᠭ᠎ᠠ᠎ᠶ᠋ᠢᠨ ᠤᠰᠤ ᠪᠠ ᠳᠠᠬᠢᠠ ᠠᠰᠢᠬᠯᠠᠵᠤ ᠪᠤᠯᠬᠤ ᠤᠰᠤ᠎ᠶ᠋ᠢ ᠱᠠᠭᠠᠷᠳᠠᠯᠭ᠎ᠠ ᠶᠣᠰᠣᠭᠠᠷ ᠠᠱᠢᠭ᠍ᠯᠠᠭ᠍ᠰᠠᠨ ᠦᠭᠡᠶ᠃ ᠭᠣᠣᠯ᠎ᠤᠨ ᠬᠡᠪᠡᠯᠢ᠎ᠶᠢᠨ ᠡᠷᠭᠢ᠎ᠶ᠋ᠢᠨ ᠱᠤᠭᠤᠮ᠎ᠢ ᠡᠪᠳᠡᠬᠦ᠌ ᠠᠰᠠᠭᠤᠳᠠᠯ ᠣᠯᠠᠨᠲᠠ ᠭᠠᠷᠴᠤ᠌᠂ ᠵᠠᠷᠢᠮ ᠠᠵᠤ ᠠᠬᠤᠢᠯᠠᠯ ᠭᠣᠣᠯ᠎ᠤᠨ ᠬᠡᠪᠡᠯᠢ᠎ᠶᠢᠨ ᠬᠠᠮᠢᠶᠠᠷᠤᠯᠲᠠ᠎ᠶ᠋ᠢᠨ ᠬᠡᠪᠴᠢᠶᠡᠨ᠎ᠳᠦ ᠬᠠᠤᠯᠢ᠎ᠡᠴᠡ ᠵᠥᠷᠢᠴᠡᠨ ᠠᠭᠤᠷᠬᠠᠶ ᠮᠠᠯᠲᠠᠵᠤ ᠭᠣᠣᠯ᠎ᠤᠨ ᠬᠡᠪᠡᠯᠢ᠎ᠵᠢ ᠡᠪᠳᠡᠵᠦ᠍ ᠪᠠᠢᠨ᠎ᠠ᠃ ᠤᠰᠤᠨ᠎ᠤ ᠣᠷᠴᠢᠨ ᠲᠤᠭᠤᠷᠢᠨ᠎ᠦ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ ᠢᠯᠡᠷᠬᠡᠢ ᠪᠠᠢᠵᠤ᠂ ᠵᠠᠷᠢᠮ ᠪᠣᠬᠢᠷ ᠤᠰᠤ᠎ᠶ᠋ᠢ ᠱᠢᠢᠳᠪᠦᠷᠢᠯᠡᠬᠦ᠌ ᠦᠢᠯᠡᠳᠪᠦᠷᠢ᠎ᠶ᠋ᠢ ᠥᠷᠭᠡᠳᠭᠡᠨ ᠪᠠᠢᠭᠤᠯᠬᠤ ᠢᠨᠵᠧᠨᠧᠷᠢᠩ᠎ᠦᠨ ᠠᠬᠢᠴᠠ ᠤᠳᠠᠭᠠᠨ ᠪᠠᠢᠵᠤ᠂ ᠠᠮᠢᠳᠤᠷᠠᠯ᠎ᠤᠨ ᠪᠣᠬᠢᠷ ᠤᠰᠤ᠎ᠶᠢ ᠤᠷᠳᠤ ᠬᠤᠭᠤᠴᠠᠭ᠎ᠠ᠎ᠪᠠᠷ ᠰᠢᠢᠳᠪᠦᠷᠢᠯᠡᠬᠦ ᠦᠬᠡᠢ᠎ᠪᠠᠷ ᠤᠷᠤᠰᠬᠠᠨ ᠭᠠᠳᠠᠬᠰᠢᠯᠠᠭᠤᠯᠵᠤ ᠪᠠᠢᠨ᠎ᠠ; ᠵᠠᠷᠢᠮ ᠭᠠᠵᠠᠷ᠎ᠤᠨ ᠤᠰᠤᠨ᠎ᠤ ᠬᠣᠭᠣᠯᠠᠶ᠎ᠶᠢᠨ ᠲᠤᠤᠷ ᠨᠢ ᠪᠣᠷᠣᠭᠠᠨᠦ ᠤᠰᠤ ᠪᠤᠬᠢᠷ ᠤᠰᠤᠨ᠎ᠦ ᠬᠤᠭᠤᠯᠠᠢ᠎ᠶᠢᠨ ᠲᠤᠤᠷ᠎ᠢ ᠬᠣᠯᠢᠯᠳᠤᠭᠤᠯᠤᠨ ᠵᠠᠯᠭᠠᠵᠤ᠂ ᠪᠦᠲᠦᠮᠵᠢᠲᠡᠶ ᠵᠠᠰᠠᠭ᠍ᠰᠠᠨ ᠥᠬᠡᠶ ᠪᠠᠢᠬᠰᠠᠭᠠᠷ᠃ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠤ ᠰᠠᠭᠤᠷᠢ ᠲᠦᠬᠦᠭᠡᠷᠤᠮᠵᠢ᠎ᠶᠢᠨ ᠪᠦᠲᠦᠭᠡᠨ ᠪᠠᠢᠭᠤᠯᠤᠯᠲᠠ ᠬᠣᠴᠣᠷᠤᠩᠭᠤᠢ ᠪᠠᠢᠵᠤ᠂ ᠵᠠᠷᠢᠮ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠬᠠᠶᠠᠭ᠍ᠳᠠᠮᠠᠯ ᠤᠰᠤ᠎ᠶ᠋ᠢ ᠪᠠᠷᠢᠮᠵᠢᠶ᠎ᠠ᠎ᠡᠴᠡ ᠬᠡᠲᠦᠷᠡᠭᠦᠯᠦᠨ ᠭᠠᠳᠠᠭ᠍ᠰᠢᠯᠠᠭᠤᠯᠬᠤ ᠠᠰᠠᠭᠤᠳᠠᠯ ᠣᠷᠣᠱᠢᠵᠤ ᠪᠠᠢᠨ᠎ᠠ᠃
ᠲᠦᠷᠪᠡ᠎ᠳᠦ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠵᠡᠷᠭᠡ ᠵᠠᠷᠢᠮ ᠬᠦᠷᠢᠶᠡᠨ᠎ᠳᠡᠬᠢ ᠠᠮᠢ ᠠᠬᠤᠢᠤᠷᠴᠢᠨ ᠲᠤᠭᠤᠷᠢᠨ᠎ᠤ ᠠᠰᠠᠭᠤᠳᠠᠯ ᠲᠤᠪᠤᠢ᠌ᠮ᠎ᠠ ᠪᠠᠢᠨ᠎ᠠ᠃ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠳᠤᠷ᠎ᠠ᠎ᠪᠠᠷ᠎ᠢᠶᠠᠨ ᠣᠪᠣᠭᠠᠯᠠᠨ ᠴᠢᠳᠭᠤᠵᠤ᠂ ᠵᠠᠷᠢᠮ ᠠᠵᠤ ᠠᠬᠤᠢᠯᠠᠯ ᠬᠦᠬᠦᠷ ᠥᠬᠡᠢᠳᠡᠭᠦᠯᠦᠭ᠌ᠰᠡᠨ ᠵᠤᠭᠠᠩ᠂ ᠨᠤᠨᠲᠠᠭ᠎ᠳᠤ ᠨᠡᠭᠦᠷᠡᠰᠦᠨ᠎ᠦ ᠦᠨᠡᠰᠦ ᠵᠡᠷᠭᠡ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠳᠤᠷ᠎ᠠ᠎ᠪᠠᠷ᠎ᠢᠶᠠᠨ ᠴᠢᠳᠭᠤᠭ᠍ᠰᠠᠨ ᠪᠤᠶᠤ ᠭᠠᠵᠠᠷ᠎ᠲᠤ ᠪᠤᠯᠠᠵᠤ᠂ ᠣᠨᠴᠠ ᠵᠠᠷᠢᠮ ᠠᠵᠤ ᠠᠬᠤᠢᠯᠠᠯ᠎ᠳᠤ ᠬᠠᠤᠯᠢ᠎ᠡᠴᠡ ᠵᠥᠷᠢᠴᠡᠨ ᠠᠶᠤᠯᠲᠠᠶ ᠬᠠᠶᠠᠭ᠍ᠳᠠᠮᠠᠯ ᠪᠣᠳᠠᠰ᠎ᠢ ᠣᠪᠣᠭᠠᠯᠠᠨ ᠬᠠᠳᠠᠭᠠᠯᠠᠭ᠍ᠰᠠᠨ᠂ ᠲᠣᠭ᠍ᠲᠠᠭᠠᠯ᠎ᠡᠴᠡ ᠵᠥᠷᠢᠴᠡᠨ ᠠᠮᠢᠳᠤᠷᠠᠯ᠎ᠤᠨ ᠪᠣᠬᠢᠷ ᠱᠢᠪᠠᠷ᠎ᠢ ᠣᠪᠣᠭᠠᠯᠠᠭ᠍ᠰᠠᠨ ᠵᠡᠷᠭᠡ ᠠᠰᠠᠭᠤᠳᠠᠯ ᠣᠷᠣᠱᠢᠵᠤ ᠪᠠᠢᠨ᠎ᠠ᠃ ᠪᠠᠷᠢᠯᠭ᠎ᠠ᠎ᠶ᠋ᠢᠨ ᠬᠣᠭ ᠨᠣᠪᠰᠢ᠎ᠶ᠋ᠢᠨ ᠵᠠᠰᠠᠯᠲᠠ ᠢᠯᠡᠷᠬᠡᠶ ᠳᠤᠲᠠᠭ᠍ᠳᠠᠵᠤ᠂ ᠵᠠᠷᠢᠮ ᠭᠠᠵᠠᠷ ᠨᠢ ᠱᠠᠭᠠᠷᠳᠠᠯᠭ᠎ᠠ ᠶᠣᠰᠣᠭᠠᠷ ᠪᠠᠷᠢᠯᠭ᠎ᠠ᠎ᠶ᠋ᠢᠨ ᠬᠣᠭ ᠨᠣᠪᠰᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ᠎ᠪᠡᠨ ᠲᠣᠭ᠍ᠲᠠᠭᠠᠭ᠍ᠰᠠᠨ ᠦᠭᠡᠶ᠂ ᠪᠠᠷᠢᠯᠭ᠎ᠠ᠎ᠶ᠋ᠢᠨ ᠬᠣᠭ ᠨᠣᠪᠰᠢ᠎ᠶ᠋ᠢ ᠳᠤᠷ᠎ᠠ᠎ᠪᠠᠷ᠎ᠢᠶᠠᠨ ᠴᠢᠳᠭᠤᠬᠤ ᠦᠵᠡᠭ᠌ᠳᠡᠯ ᠲᠦᠬᠡᠮᠡᠯ ᠤᠷᠤᠰᠢᠵᠤ᠂ ᠠᠰᠠᠭᠤᠳᠠᠯ ᠲᠣᠪᠣᠢᠮ᠎ᠠ ᠪᠠᠢᠨ᠎ᠠ᠃ ᠭᠤᠤᠯᠳᠠᠯᠭ᠎ᠠ᠎ᠲᠠᠶ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠵᠠᠰᠠᠬᠤ ᠠᠵᠢᠯ ᠮᠥᠨ ᠬᠦ᠌ ᠵᠥᠷᠢᠶ᠎ᠡ᠎ᠲᠡᠶ ᠪᠠᠢᠵᠤ᠂ ᠵᠠᠷᠢᠮ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠤᠯᠢ᠎ᠡᠴᠡ ᠵᠥᠷᠢᠴᠡᠨ ᠭᠠᠳᠠᠭ᠍ᠰᠢᠯᠠᠭᠤᠯᠬᠤ ᠠᠰᠠᠭᠤᠳᠠᠯ ᠲᠣᠪᠣᠢᠮ᠎ᠠ ᠪᠠᠢᠨ᠎ᠠ᠃ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ᠎ᠤ ᠣᠷᠴᠢᠨ ᠲᠣᠭᠣᠷᠢᠨ᠎ᠤ ᠵᠠᠰᠠᠯᠲᠠ᠎ᠳᠤ ᠳᠤᠲᠠᠭᠤᠳᠠᠯ ᠣᠷᠣᠱᠢᠵᠤ᠂ ᠤᠯᠠᠨ ᠭᠠᠵᠠᠷ᠎ᠲᠤ ᠠᠮᠢᠳᠤᠷᠠᠯ᠎ᠤᠨ ᠬᠣᠭ ᠨᠣᠪᠰᠢ᠎ᠶ᠋ᠢ ᠳᠤᠷ᠎ᠠ᠎ᠪᠠᠷ᠎ᠢᠶᠠᠨ ᠬᠠᠶᠠᠬᠤ ᠵᠡᠷᠭᠡ ᠠᠰᠠᠭᠤᠳᠠᠯ ᠣᠷᠣᠱᠢᠵᠤ ᠪᠠᠢᠨ᠎ᠠ᠃
ᠬᠢᠨᠠᠨ ᠪᠠᠢᠴᠠᠭᠠᠯᠲᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠨᠠᠩ ᠪᠠᠲᠤ ᠪᠠᠬᠢ ᠴᠣᠭ᠍ᠴᠠᠯᠠᠨ ᠪᠠᠢᠭᠤᠯᠬᠤ᠎ᠪᠠᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ᠃ 《ᠤᠰᠤ᠎ᠪᠠᠷ ᠲᠦᠷᠪᠡ᠎ᠶᠢ ᠲᠤᠭᠳᠠᠭᠠᠬᠤ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ; 《ᠤᠮᠠᠷᠠᠲᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨᠵᠡᠷᠭᠡ ᠭᠤᠤᠯᠳᠠᠯᠭ᠎ᠠ᠎ᠲᠠᠶ ᠡᠭᠦᠷᠭᠡ᠎ᠶᠢ ᠴᠢᠨᠠᠷ ᠰᠠᠢᠲᠠᠶ ᠠᠬᠢᠭᠤᠯᠬᠤ ᠬᠡᠷᠡᠭᠳᠡᠢ; 《ᠬᠦᠯᠦᠨ ᠨᠠᠭᠤᠷ ᠲᠠᠭ᠎ᠠ᠎ᠶᠢᠨ ᠨᠠᠭᠤᠷ ᠤᠯᠠᠭᠠᠨᠰᠤᠬᠠᠢ》᠎ᠶᠢᠨ ᠬᠠᠮᠠᠭᠠᠯᠠᠯᠲᠠ ᠵᠠᠰᠠᠯᠲᠠ᠎ᠶ᠋ᠢ ᠥᠷᠭᠡᠳᠭᠡᠨ ᠭᠦᠨᠵᠡᠭᠡᠢᠷᠡᠭᠦᠯᠬᠦ ᠬᠡᠷᠡᠭᠳᠡᠢ; ᠠᠮᠢ ᠠᠬᠤᠢ ᠣᠷᠴᠢᠨ ᠲᠣᠭᠣᠷᠢᠨ᠎ᠤ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠳᠬᠡᠨ ᠨᠥᠬᠥᠪᠥᠷᠢᠯᠡᠵᠦ᠍᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠬᠡᠷᠡᠭᠳᠡᠢ᠃ ᠠᠷᠠᠳ ᠣᠯᠠᠨ᠎ᠤ ᠲᠤᠰᠭᠠᠭ᠍ᠰᠠᠨ ᠠᠮᠢ ᠠᠬᠤᠶ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠦᠨᠡᠨ ᠬᠦ᠌ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ᠃ ᠲᠤᠱᠢᠶᠠᠯ ᠳ᠋ᠠᠭᠠᠨ ᠤᠰᠤᠯᠳᠠᠵᠦ ᠬᠠᠷᠢᠭᠤᠴᠠᠯᠭ᠎ᠠ ᠠᠯᠳᠠᠭ᠍ᠰᠠᠨ ᠠᠰᠠᠭᠤᠳᠠᠯ᠎ᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠳᠠᠭᠠᠭᠠᠯᠭᠠᠨ ᠴᠢᠨᠠᠭ᠍ᠰᠢᠳᠠ ᠭᠦᠨᠵᠡᠭᠡᠢ ᠪᠠᠢᠴᠠᠭᠠᠵᠤ᠂ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠲᠥᠪ ᠴᠢᠩᠭ᠎ᠠ᠂ ᠣᠨᠣᠪᠴᠢᠲᠠᠢ᠂ ᠪᠦᠲᠦᠮᠵᠢᠲᠡᠢ᠎ᠪᠡᠷ ᠬᠠᠷᠢᠭᠤᠴᠠᠯᠭ᠎ᠠ ᠲᠤᠯᠭᠠᠬᠤ ᠬᠡᠷᠡᠭ᠌ᠲᠡᠢ ᠭᠡᠵᠦ ᠱᠠᠭᠠᠷᠳᠠᠪᠠ᠃
ᠬᠢᠨᠠᠨ ᠪᠠᠢᠴᠠᠭᠠᠯᠲᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ ᠬᠢᠨᠠᠨ ᠪᠠᠢᠴᠠᠭᠠᠯᠳᠠ᠎ᠶᠢᠨ ᠮᠡᠳᠡᠭᠦᠯᠦᠯᠲᠡ᠎ᠶ᠋ᠢ ᠦᠨᠳᠦᠰᠦᠯᠡᠨ᠂ 《ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠠᠷᠭ᠎ᠠ》᠎ᠶᠢᠨ ᠱᠠᠭᠠᠷᠳᠠᠯᠭ᠎ᠠ ᠶᠣᠰᠣᠭᠠᠷ᠂ ᠴᠡᠭ᠌ᠴᠡᠯᠡᠨ ᠰᠠᠢᠵᠢᠷᠠᠭᠤᠯᠬᠤ ᠲᠥᠰᠦᠯ᠎ᠢ ᠱᠠᠯᠠᠪᠳᠠᠨ ᠰᠤᠳᠤᠯᠤᠨ ᠲᠣᠭ᠍ᠲᠠᠭᠠᠵᠤ᠂ 45 ᠠᠵᠢᠯᠯᠠᠬᠤ ᠡᠳᠦᠷ᠎ᠦᠨ ᠳᠣᠲᠣᠷ᠎ᠠ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠢ᠃ ᠴᠡᠭ᠌ᠴᠡᠯᠡᠨ ᠰᠠᠢᠵᠢᠷᠠᠭᠤᠯᠬᠤ ᠲᠥᠰᠦᠯ ᠪᠣᠯᠤᠨ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠨᠡᠢᠭᠡᠮ᠎ᠳᠦ ᠢᠯᠡ ᠪᠣᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠬᠢᠨᠠᠨ ᠪᠠᠢᠴᠠᠭᠠᠬᠤ ᠳᠤᠭᠤᠢᠯᠠᠩ ᠪᠠᠰᠠ ᠢᠯᠡᠷᠡᠭᠦᠯᠦᠭ᠌ᠰᠡᠨ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠬᠰᠠᠨ ᠲᠤᠬᠠᠢ ᠬᠠᠷᠢᠭᠤᠴᠠᠯᠭ᠎ᠠ ᠨᠡᠬᠡᠮᠵᠢᠯᠡᠬᠦ᠌ ᠠᠰᠠᠭᠤᠳᠠᠯ᠎ᠢ ᠡᠮᠬᠢᠯᠡᠵᠦ᠍᠂ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠳᠤ ᠰᠢᠢᠳᠪᠦᠷᠢᠯᠡᠭᠦᠯᠬᠦ᠎ᠪᠠᠷ ᠱᠢᠯᠵᠢᠭᠦᠯᠦᠨ ᠲᠤᠱᠢᠶᠠᠵᠠᠢ᠃