ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ ᠪᠠᠢᠭᠤᠯᠭ᠎ᠠ᠎ᠶ᠋ᠢᠨ ᠤᠳᠤᠷᠢᠳᠭᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠬᠤᠯᠪᠤᠭᠳᠠᠯ ᠪᠦᠬᠦᠢ ᠲᠤᠱᠢᠶᠠᠯ᠎ᠳᠤ ᠲᠣᠮᠢᠯᠠᠵᠤ ᠲᠤᠱᠢᠶᠠᠯ ᠡᠴᠡ ᠨᠢ ᠪᠠᠭᠤᠯᠭᠠᠬᠤ ᠲᠣᠭ᠍ᠲᠠᠭᠠᠯ᠎ᠢ ᠨᠡᠢᠲᠡᠯᠡᠵᠠᠢ   ᠸᠠᠩ ᠸᠧᠶ ᠵᠥᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2026-01-13

1 ᠰᠠᠷ᠎ᠠ᠎ᠶ᠋ᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ ᠪᠠᠢᠭᠤᠯᠭ᠎ᠠ᠎ᠶ᠋ᠢᠨ ᠤᠳᠤᠷᠢᠳᠭᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠬᠣᠯᠪᠣᠭ᠍ᠳᠠᠯ ᠪᠥᠬᠥᠶ ᠲᠤᠱᠢᠶᠠᠯ᠎ᠳᠤ ᠲᠣᠮᠢᠯᠠᠵᠤ ᠲᠤᠱᠢᠶᠠᠯ᠎ᠡᠴᠡ ᠨᠢ ᠪᠠᠭᠤᠯᠭᠠᠬᠤ ᠲᠣᠭ᠍ᠲᠠᠭᠠᠯ᠎ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ ᠯᠢ ᠳ᠋ᠦᠩ ᠱᠢᠤᠢ ᠨᠥᠬᠥᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠶ᠋ᠢᠨ ᠲᠤᠱᠢᠶᠠᠯ᠎ᠢ ᠬᠠᠪᠰᠤᠷᠭᠠᠨ ᠬᠠᠷᠢᠭᠤᠴᠠᠨ᠎ᠠ; ᠨᠠᠰᠤᠨ᠎ᠤ ᠱᠢᠯᠲᠠᠭᠠᠨ᠎ᠡᠴᠡ ᠪᠤᠯᠵᠤ᠂ ᠯᠢ ᠢᠦᠢ ᠭᠠᠩ ᠨᠥᠬᠥᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠎ᠶ᠋ᠢᠨ ᠲᠤᠱᠢᠶᠠᠯ᠎ᠢ ᠬᠠᠪᠰᠤᠷᠭᠠᠨ ᠬᠠᠷᠢᠭᠤᠴᠠᠬᠤ᠎ᠪᠠᠨ ᠪᠤᠯᠢᠨ᠎ᠠ ᠭᠡᠵᠤ ᠲᠤᠭᠳᠠᠭᠠᠪᠠ᠃

ᠸᠠᠩ ᠸᠧᠶ ᠵᠥᠩ᠂ ᠡᠨᠡ ᠤᠳᠠᠭᠠᠨ᠎ᠤ ᠺᠠᠳ᠋ᠷ᠎ᠤᠨ ᠲᠣᠬᠢᠷᠠᠭᠤᠯᠤᠯᠲᠠ ᠪᠣᠯ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠬᠡ ᠲᠠᠯ᠎ᠠ᠎ᠡᠴᠡ ᠡᠭᠦᠰᠴᠦ᠍᠂ ᠠᠵᠢᠯ᠎ᠤᠨ ᠬᠡᠷᠡᠭ᠌ᠴᠡᠭᠡ ᠪᠠ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢᠨ ᠪᠣᠳᠠᠲᠤ ᠪᠠᠢᠳᠠᠯ᠎ᠢ ᠦᠨᠳᠦᠰᠦᠯᠡᠨ᠂ ᠪᠥᠬᠥ᠌ ᠲᠠᠯ᠎ᠠ᠎ᠪᠠᠷ ᠪᠣᠳᠣᠯᠬᠢᠯᠠᠵᠤ᠂ ᠬᠢᠨᠠᠭᠤᠷ ᠪᠣᠯᠭᠣᠮᠵᠢᠲᠠᠶ ᠰᠤᠳᠤᠯᠵᠤ ᠲᠤᠭᠳᠠᠭᠠᠭᠰᠠᠨ ᠲᠣᠭ᠍ᠲᠠᠭᠠᠯ ᠪᠣᠯᠤᠨ᠎ᠠ᠃ ᠣᠯᠠᠨ᠎ᠢᠶᠠᠷ᠎ᠢᠶᠠᠨ ᠤᠯᠤᠰ ᠲᠥᠷᠥ᠎ᠶ᠋ᠢ ᠡᠷᠬᠢᠮᠯᠡᠬᠦ᠌᠂ ᠪᠦᠬᠦ ᠲᠠᠯ᠎ᠠ᠎ᠶ᠋ᠢ ᠬᠠᠷᠠᠭᠠᠯᠵᠠᠬᠤ᠂ ᠰᠠᠬᠢᠯᠭ᠎ᠠ ᠪᠠᠲᠤ᠎ᠶ᠋ᠢ ᠰᠠᠬᠢᠬᠤ ᠦᠨᠳᠦᠷᠴᠡ᠎ᠡᠴᠡ ᠯᠢ ᠳ᠋ᠦᠩ ᠱᠢᠤᠢ ᠨᠥᠬᠥᠷ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠳᠡᠮᠵᠢᠨ ᠬᠠᠮᠵᠢᠯᠴᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠨᠠᠮ᠎ᠤᠨ ᠪᠠᠢᠭᠤᠯᠤᠯᠲᠠ ᠪᠣᠯᠤᠨ ᠵᠣᠬᠢᠶᠠᠨ ᠪᠠᠢᠭᠤᠯᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠸᠠᠩ ᠸᠧᠢ ᠵᠦᠩ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠳᠬᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠮᠠᠨ᠎ᠤ ᠣᠷᠣᠨ᠎ᠤ ᠬᠥᠭ᠌ᠵᠢᠯᠲᠡ᠎ᠶ᠋ᠢᠨ ᠰᠠᠢᠨ ᠰᠠᠢᠬᠠᠨ ᠵᠢᠷᠤᠭ ᠲᠥᠰᠦᠪ᠎ᠢ ᠵᠢᠷᠤᠭ᠍ᠯᠠᠭ᠍ᠰᠠᠨ᠎ᠨᠢ ᠪᠠᠰᠠ ᠵᠣᠬᠢᠶᠠᠨ ᠪᠠᠢᠭᠤᠯᠬᠤ ᠠᠵᠢᠯ᠎ᠳᠤ ᠥᠷᠭᠡᠨ ᠠᠭᠤᠳᠠᠮ ᠲᠠᠪᠴᠠᠩ ᠬᠠᠩᠭᠠᠭ᠍ᠰᠠᠨ ᠪᠠᠢᠨ᠎ᠠ᠃ ᠪᠦᠬᠦ᠌ ᠣᠷᠣᠨ᠎ᠤ ᠵᠣᠬᠢᠶᠠᠨ ᠪᠠᠢᠭᠤᠯᠬᠤ ᠱᠢᠰᠲ᠋ᠧᠮ᠎ᠦᠨ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠰᠤᠷᠤᠯᠴᠠᠯᠭ᠎ᠠ᠎ᠶᠢ ᠶᠡᠬᠡ᠎ᠪᠡᠷ ᠠᠳᠬᠤᠵᠤ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠰᠡᠳᠦᠪ ᠭᠣᠣᠯ ᠱᠢᠵᠢᠮ᠎ᠤᠨ ᠲᠤᠭᠤᠷᠢᠨ᠎ᠳᠤ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ᠃ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ ᠪᠠᠲᠤ ᠦᠶ᠋ᠯᠡᠳᠦᠯᠭᠡᠵᠢᠭᠦᠯᠵᠦ᠍᠂ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠣᠢᠯᠠᠭᠠᠵᠤ ᠨᠡᠪᠳᠡᠷᠡᠳᠡᠯ᠎ᠡ ᠮᠡᠳᠡᠵᠤ ᠪᠣᠳᠠᠲᠠᠢ ᠬᠢᠬᠦ ᠳᠡᠭᠡᠷ᠎ᠠ ᠨᠠᠩ ᠶᠡᠬᠡ ᠬᠦᠴᠦ᠍ ᠣᠷᠣᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ ᠪᠣᠯᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠨᠠᠷᠢᠨ ᠬᠢᠨᠠᠮᠠᠭᠠᠶ ᠦᠶ᠋ᠯᠡᠳᠦᠯᠭᠡᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠨᠠᠮ᠎ᠤᠨ ᠱᠢᠨ᠎ᠡ ᠡᠭᠦᠳᠦᠯᠳᠡ᠎ᠶᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠤᠰᠭᠠᠢ ᠮᠡᠷᠭᠡᠵᠢᠯ᠎ᠦᠨ ᠪᠣᠯᠪᠠᠰᠤᠷᠠᠯ ᠪᠣᠯᠤᠨ ᠦᠢᠯᠡᠳᠦᠯᠭᠡ᠎ᠶ᠋ᠢᠨ ᠲᠤᠮᠳᠠ ᠲᠠᠪᠳᠠᠨ ᠪᠣᠯᠪᠠᠰᠤᠷᠠᠬᠤ᠎ᠪᠠᠨ ᠴᠢᠩᠭᠠᠳᠭᠠᠵᠤ᠂ ᠺᠠᠳ᠋ᠷ᠎ᠤᠨ ᠡᠩᠨᠡᠭᠡ᠎ᠶᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠳᠠᠪᠤᠷᠢ᠂ ᠤᠯᠠᠨ ᠲᠦᠮᠡᠨ᠎ᠳᠦ ᠦᠢᠯᠡᠴᠢᠯᠡᠬᠦ᠌ ᠴᠢᠳᠠᠪᠤᠷᠢ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠴᠢᠳᠠᠪᠤᠷᠢ᠎ᠶ᠋ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠦᠨᠳᠦᠰᠦᠨ ᠱᠠᠳᠤ᠎ᠶ᠋ᠢ ᠶᠡᠬᠡ᠎ᠪᠡᠷ ᠠᠳᠭᠤᠬᠤ ᠢᠯᠡ ᠲᠣᠳᠣ ᠤᠳᠤᠷᠢᠳᠤᠮᠵᠢ᠎ᠶ᠋ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶ᠋ᠢ ᠠᠳᠭᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠭᠦᠨᠵᠡᠭᠡᠢ ᠠᠬᠢᠭᠤᠯᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠦᠳᠦᠯᠥᠨ ᠳᠠᠭᠠᠭᠤᠯᠬᠤ᠎ᠶ᠋ᠢ ᠠᠬᠢᠭᠤᠯᠵᠤ᠂ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠱᠢᠨ᠎ᠡ ᠬᠡᠯᠪᠡᠷᠢ᠎ᠶᠢᠨ ᠠᠵᠢᠯ ᠣᠯᠭᠣᠯᠲᠠ᠎ᠶ᠋ᠢᠨ ᠬᠥᠮᠦᠰ᠎ᠦᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠦᠷᠭᠦᠯᠵᠢᠯᠡᠨ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠦᠨ ᠬᠦᠴᠦᠨ ᠣᠯᠭᠣᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠳᠠᠬᠢ ᠨᠠᠮ᠎ᠤᠨ ᠲᠦᠷᠦ᠍ ᠪᠠᠷᠢᠬᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠬᠥᠮᠦᠨ ᠰᠣᠩᠭᠣᠨ ᠬᠦᠮᠦᠨ ᠬᠡᠷᠡᠭ᠌ᠯᠡᠬᠦ᠌ ᠤᠯᠤᠰ ᠲᠥᠷᠥ᠎ᠶ᠋ᠢᠨ ᠪᠣᠭᠣᠮᠲᠠ᠂ ᠵᠠᠩ ᠮᠤᠷᠠᠯ᠎ᠤᠨ ᠪᠤᠭᠤᠮᠳᠠ᠂ ᠴᠢᠳᠠᠪᠤᠷᠢ᠎ᠶ᠋ᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠬᠡᠴᠢ᠎ᠶ᠋ᠢᠨ ᠪᠣᠭᠣᠮᠲᠠ᠎ᠶ᠋ᠢ ᠴᠢᠩᠭ᠎ᠠ ᠰᠠᠬᠢᠵᠤ᠂ ᠬᠣᠲᠠ ᠱᠢᠶᠠᠨ ᠱᠢᠶᠠᠩ᠎ᠤᠨ ᠬᠤᠭᠤᠴᠠᠭ᠎ᠠ ᠰᠣᠯᠢᠬᠤ᠎ᠪᠠᠷ ᠠᠵᠠ ᠲᠣᠬᠢᠶᠠᠯ ᠪᠣᠯᠭᠠᠨ ᠡᠯ᠎ᠡ ᠱᠠᠲᠤᠨ᠎ᠤ ᠤᠳᠤᠷᠢᠳᠭᠤ ᠪᠠᠭ᠎ᠲᠤ ᠱᠢᠯᠢᠳᠡᠭ᠎ᠢ᠎ᠨᠢ ᠰᠣᠩᠭᠣᠵᠤ ᠴᠢᠳᠠᠪᠤᠷᠢ ᠲᠠᠢ ᠵᠢ ᠨᠢ ᠲᠣᠬᠢᠷᠠᠭᠤᠯᠬᠤ ᠬᠡᠷᠡᠭᠳᠠᠢ᠃ ᠪᠣᠳᠠᠲᠠᠶ ᠠᠵᠢᠯᠯᠠᠬᠤ ᠪᠠ ᠪᠣᠳᠠᠳᠤ ᠠᠮᠵᠢᠯᠲᠠ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠵᠤ᠂ ᠵᠦᠷᠢᠶᠡᠴᠢᠯᠡᠭᠰᠡᠨ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠥᠮᠦᠨ ᠪᠣᠯᠤᠨ ᠤᠴᠢᠷ ᠶᠠᠪᠤᠳᠠᠯ᠎ᠢ ᠦᠵᠡᠵᠦ᠍ ᠪᠠᠢᠭᠠᠳ ᠺᠠᠳ᠋ᠷ᠎ᠤᠨ ᠳᠡᠪᠱᠢᠵᠤ ᠪᠠᠭᠤᠵᠤ ᠪᠦᠷ ᠪᠣᠯᠬᠤ᠂ ᠠᠯᠳᠠᠭ᠎ᠠ ᠪᠤᠷᠤᠭᠤ᠎ᠶ᠋ᠢ ᠠᠭᠤᠴᠢᠯᠠᠨ ᠪᠠᠭ᠍ᠲᠠᠭᠠᠵᠤ ᠠᠯᠳᠠᠭ᠎ᠠ ᠪᠤᠷᠤᠭᠤ᠎ᠶ᠋ᠢ ᠵᠠᠯᠠᠷᠠᠭᠤᠯᠬᠤ᠂ ᠤᠷᠮᠠᠱᠢᠭᠤᠯᠵᠤ ᠬᠠᠢᠷᠠᠯᠠᠨ ᠬᠠᠯᠠᠮᠵᠢᠯᠠᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌᠎ᠶ᠋ᠢ ᠠᠬᠢᠭᠤᠯᠵᠤ᠂ ᠠᠵᠢᠯ ᠬᠢᠵᠦ᠍ ᠦᠶ᠋ᠯᠡᠰ ᠪᠤᠰᠭᠠᠬᠤ ᠴᠣᠭ ᠵᠤᠷᠢᠭ᠎ᠢ ᠨᠢ ᠳᠡᠭᠡᠭ᠌ᠰᠢᠯᠡᠭᠦᠯᠬᠦ᠌ ᠬᠡᠷᠡᠭ᠌ᠲᠡᠶ᠃ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠡᠴᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠨᠡᠩ ᠢᠳᠡᠪᠬᠢᠲᠡᠢ᠂ ᠨᠡᠩ ᠨᠡᠭᠡᠭᠡᠯᠲᠡ ᠲᠡᠢ᠂ ᠨᠡᠩ ᠪᠦᠲᠦᠮᠵᠢᠲᠡᠢ ᠴᠢᠳᠠᠪᠤᠷᠢᠲᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠴᠢᠳᠠᠪᠤᠷᠢᠲᠠᠨ᠎ᠢ ᠪᠦᠬᠦ᠌ ᠲᠠᠯ᠎ᠠ᠎ᠪᠠᠷ ᠬᠥᠮᠦᠵᠢᠭᠦᠯᠵᠦ᠍᠂ ᠣᠷᠣᠭᠤᠯᠤᠨ ᠠᠪᠴᠢᠷᠠᠵᠤ᠂ ᠰᠠᠢᠲᠤᠷ ᠬᠡᠷᠡᠭ᠌ᠯᠡᠵᠦ᠍᠂ ᠴᠢᠳᠠᠪᠤᠷᠢᠲᠠᠨ᠎ᠢ ᠴᠤᠭ᠍ᠯᠠᠷᠠᠭᠤᠯᠵᠤ ᠴᠢᠳᠠᠪᠤᠷᠢᠲᠠᠨ᠎ᠢ ᠬᠠᠮᠠᠭᠠᠯᠠᠬᠤ ᠰᠠᠢ᠌ᠨ ᠰᠠᠢᠬᠠᠨ ᠣᠷᠴᠢᠨ ᠨᠦᠬᠦᠴᠡᠯ᠎ᠢ ᠪᠤᠢ ᠪᠣᠯᠭᠠᠬᠤ ᠬᠡᠷᠡᠭ᠌ᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠱᠢᠯᠢᠳᠡᠭ ᠤᠯᠠᠮᠵᠢᠯᠠᠯ ᠪᠠ ᠰᠠᠢ᠌ᠨ ᠰᠠᠢᠬᠠᠨ ᠰᠤᠷᠲᠠᠯ᠎ᠢ ᠵᠠᠯᠭᠠᠮᠵᠢᠯᠠᠨ ᠪᠠᠳᠠᠷᠠᠭᠤᠯᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠨ᠂ ᠬᠡᠯᠳᠡᠰ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠵᠦ᠍᠂ ᠤᠯᠤᠰ ᠲᠦᠷᠦ᠍᠎ᠶ᠋ᠢ ᠡᠷᠬᠢᠮᠯᠡᠬᠦ᠌᠂ ᠲᠥᠪ ᠭᠣᠣᠯᠴᠢ᠎ᠶ᠋ᠢ ᠴᠢᠬᠤᠯᠠᠴᠢᠯᠠᠬᠤ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠰᠢᠯᠢᠳᠡᠭ ᠰᠤᠷᠲᠠᠯ ᠲᠠᠢ ᠵᠢᠱ᠌ᠢᠶᠡᠴᠢ ᠰᠠᠯᠠᠭ᠎ᠠ ᠮᠥᠴᠢᠷ᠎ᠢ ᠴᠢᠷᠮᠠᠢᠨ ᠪᠠᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠯᠢ ᠢᠦᠢ ᠭᠠᠩ᠂ ᠯᠢ ᠳ᠋ᠦᠩ ᠱᠢᠤᠢ ᠣᠪᠣᠷ᠎ᠢᠶᠠᠨ ᠢᠯᠡᠳᠭᠡᠬᠦ᠌ ᠦᠭᠡ ᠬᠡᠯᠡᠵᠡᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ