1 ᠰᠠᠷ᠎ᠠ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠣᠷᠢᠶ᠎ᠠ᠎ᠶᠢᠨ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠬᠣᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠢ᠃



ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠬᠣᠷᠢᠶ᠎ᠠ᠎ᠶᠢᠨ ᠳᠡᠳ᠋ ᠡᠷᠬᠢᠯᠡᠭ᠌ᠴᠢ ᠱ᠌ᠢ ᠭᠤᠸᠠᠩ ᠬᠤᠢ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠥᠬᠥᠶ ᠤᠳᠤᠷᠢᠳᠭᠤ ᠨᠥᠬᠥᠳ ᠪᠣᠯᠤᠨ ᠱᠢᠭᠦᠬᠦ᠌ ᠬᠣᠷᠢᠶ᠎ᠠ᠎ᠶᠢᠨ ᠳᠠᠷᠤᠭ᠎ᠠ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠳᠠᠷᠤᠭ᠎ᠠ ᠬᠤᠷᠠᠯ᠎ᠳᠤ ᠣᠷᠣᠯᠴᠠᠪᠠ᠃ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠦ ᠭᠤᠷᠪᠠᠳᠤᠭᠠᠷ ᠪᠦᠯᠦᠭ᠎ᠦᠨ ᠪᠥᠬᠥ᠌ ᠤᠯᠤᠰ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠭᠠᠵᠠᠷ ᠣᠷᠣᠨ᠎ᠢᠶᠠᠷ ᠦᠨᠡᠯᠡᠭᠳᠡᠭᠰᠡᠨ ᠬᠥᠬᠡᠬᠣᠲᠠ᠂ ᠣᠷᠳᠣᠰ ᠬᠣᠲᠠ᠎ᠳᠤ ᠫᠠᠢᠰᠠ ᠣᠯᠭᠣᠪᠠ᠃
ᠸᠠᠩ ᠸᠧᠢ ᠵᠦᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ᠎ᠵᠢᠨ᠎ᠫᠢᠩ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠲᠤᠬᠠᠢ ᠠᠯᠢ ᠤᠯᠠᠨ ᠠᠩᠬᠠᠨ᠎ᠤ ᠡᠬᠦᠳᠦᠯᠳᠡ᠎ᠶᠢᠨ ᠴᠢᠨᠠᠷᠲᠠᠢ᠂ ᠪᠡᠯᠭᠡ ᠳᠡᠮᠳᠡᠭ᠎ᠤᠨ ᠴᠢᠨᠠᠷᠲᠠᠢ ᠰᠢᠨ᠎ᠡ ᠣᠢᠯᠠᠭᠠᠭ᠍ᠳᠠᠬᠤᠨ ᠰᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠶ᠋ᠢ ᠪᠦᠲᠦᠭᠡᠯᠴᠢ ᠴᠢᠨᠠᠷᠳᠠᠢ᠎ᠪᠡᠷ ᠳᠤᠷᠠᠳᠤᠨ ᠭᠠᠷᠭᠠᠵᠤ᠂ ᠰᠢ᠎ᠵᠢᠨ᠎ᠫᠢᠩ᠎ᠦᠨ ᠬᠠᠤᠯᠢ᠎ᠪᠡᠷ ᠵᠠᠰᠠᠬᠤ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠤᠷᠳᠤ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠸᠠᠩ ᠸᠧᠶ ᠵᠥᠩ᠂ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠭᠤᠤᠯ ᠴᠢᠬᠤᠯᠠ ᠠᠭᠤᠯᠭ᠎ᠠ ᠪᠣᠯᠬᠤ ᠪᠥᠭᠡᠳ ᠪᠠᠰᠠ ᠴᠤ᠌ ᠡᠨᠡ ᠬᠦ᠌ ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ ᠲᠠᠢ ᠨᠢᠬᠳᠠ ᠤᠶᠠᠯᠳᠤᠭᠤᠯᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠵᠤ ᠬᠠᠤᠯᠢ᠎ᠪᠠᠷ ᠵᠠᠰᠠᠬᠤ᠎ᠶ᠋ᠢ ᠴᠢᠩᠭᠠᠳᠭᠠᠨ᠂ ᠬᠠᠤᠯᠢ᠎ᠪᠠᠷ ᠵᠠᠰᠠᠬᠤ ᠪᠠᠢᠭᠤᠯᠤᠯᠲᠠ ᠪᠣᠯᠤᠨ ᠭᠣᠣᠯ ᠰᠢᠵᠢᠮ᠎ᠤᠨ ᠱᠠᠭᠠᠷᠳᠠᠯᠭ᠎ᠠ᠎ᠶ᠋ᠢᠨ ᠬᠠᠷᠢᠯᠴᠠᠨ ᠠᠬᠢᠭᠤᠯᠵᠤ ᠬᠠᠮᠲᠤ᠎ᠪᠠᠷ ᠳᠠᠪᠰᠢᠬᠤ᠎ᠶ᠋ᠢ ᠠᠬᠢᠭᠤᠯᠬᠤ ᠬᠡᠷᠡᠭ᠌ᠲᠡᠢ᠃ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ ᠲᠠᠢ ᠨᠢᠬᠳᠠ ᠤᠶᠠᠯᠳᠤᠭᠤᠯᠵᠤ᠂ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠬᠠᠤᠯᠢ ᠲᠣᠭ᠍ᠲᠠᠭᠠᠯ ᠲᠦᠷᠢᠮ᠎ᠢ ᠦᠷᠭᠦᠯᠵᠢᠯᠡᠨ ᠪᠦᠷᠢᠨᠱᠢᠬᠦᠯᠤᠨ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠠᠢᠭᠤᠯᠬᠤ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭ᠌ᠲᠡᠢ᠃ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠬᠤ ᠲᠠᠢ ᠨᠢᠬᠳᠠ ᠤᠶᠠᠯᠳᠤᠭᠤᠯᠵᠤ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠦ ᠦᠵᠡᠭᠦᠯᠬᠦ᠌ ᠬᠠᠤᠯᠢ᠎ᠪᠠᠷ ᠵᠠᠰᠠᠬᠤ ᠠᠵᠢᠯ᠎ᠤᠨ ᠬᠥᠲᠥᠯᠥᠨ ᠳᠠᠭᠠᠭᠤᠯᠬᠤ᠂ ᠠᠬᠢᠭᠤᠯᠬᠤ᠂ ᠵᠢᠷᠤᠮᠵᠢᠭᠤᠯᠬᠤ ᠪᠠ ᠪᠠᠲᠤᠯᠠᠭ᠎ᠠ ᠬᠠᠩᠭᠠᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ ᠬᠡᠷᠡᠭ᠌ᠲᠡᠶ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠠᠢ ᠨᠢᠬᠳᠠ ᠤᠶᠠᠯᠳᠤᠭᠤᠯᠵᠤ᠂ ᠨᠠᠮ᠎ᠤᠨ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ ᠪᠠ ᠤᠯᠤᠰ᠎ᠤᠨ ᠬᠠᠤᠯᠢ ᠴᠠᠭᠠᠵᠠ᠎ᠶᠢ ᠢᠮᠠᠭᠳᠠ ᠲᠤᠢᠯᠪᠤᠷᠢᠲᠠᠢ ᠶᠠᠪᠤᠭᠳᠠᠭᠤᠯᠬᠤ᠎ᠶᠢ ᠠᠬᠢᠭᠤᠯᠬᠤ ᠬᠡᠷᠡᠭ᠌ᠵᠢᠭᠦᠯᠬᠦ ᠬᠦᠴᠦᠨ᠂ ᠨᠡᠪᠲᠡᠯᠬᠦ᠌ ᠬᠦᠴᠦᠨ᠎ᠢ ᠴᠢᠩᠭᠠᠳᠭᠠᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠬᠠᠤᠯᠢ ᠲᠣᠭ᠍ᠲᠠᠭᠠᠬᠤ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠠᠤᠯᠢ᠎ᠶ᠋ᠢ ᠰᠠᠬᠢᠬᠤ ᠡᠯ᠎ᠡ ᠵᠦᠢᠯ᠎ᠦᠨ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠢ ᠲᠥᠯᠥᠪᠵᠢᠭᠦᠯᠵᠦ᠍᠂ ᠨᠡᠩ ᠥᠨᠳᠥᠷ ᠲᠦᠪᠱᠢᠨ ᠪᠦᠬᠦᠢ ᠬᠠᠤᠯᠢ᠎ᠪᠡᠷ ᠵᠠᠰᠠᠬᠤ ᠥᠪᠥᠷ ᠮᠣᠩᠭᠣᠯ᠎ᠢ ᠪᠦᠬᠦ᠌ ᠬᠦᠴᠦᠨ᠎ᠢᠶᠡᠷ᠎ᠢᠶᠡᠨ ᠪᠦᠳᠦᠬᠡᠨ ᠪᠠᠢᠭᠤᠯᠬᠤ ᠬᠡᠷᠡᠭ᠌ᠲᠡᠢ᠃ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠬᠡᠷᠡᠭ᠌ᠵᠢᠭᠦᠯᠬᠦ᠌ ᠴᠢᠨᠠᠷᠲᠠᠢ᠂ ᠨᠥᠬᠥᠪᠥᠷᠢᠯᠡᠬᠦ᠌ ᠴᠢᠨᠠᠷᠲᠠᠢ᠂ ᠰᠦᠪᠡᠭ᠌ᠴᠢᠯᠡᠬᠦ᠌ ᠴᠢᠨᠠᠷᠲᠠᠢ ᠬᠠᠤᠯᠢ ᠲᠣᠭ᠍ᠲᠠᠭᠠᠬᠤ᠎ᠶᠢ ᠢᠳᠡᠪᠬᠢᠲᠡᠢ ᠥᠷᠨᠢᠭᠦᠯᠬᠦ ᠬᠡᠷᠡᠭᠳᠠᠢ᠃ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠤᠷᠢᠳ᠎ᠢᠶᠠᠷ ᠲᠠᠪᠠᠯᠳᠠ ᠭᠠᠷᠭᠠᠬᠤ᠎ᠶ᠋ᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠢ᠃ ᠬᠠᠤᠯᠢ ᠪᠠᠷᠢᠬᠤ ᠶᠠᠰᠤ ᠴᠢᠨᠠᠷ᠂ ᠦᠷ᠎ᠡ ᠠᠰᠢᠭ ᠪᠠ ᠢᠲᠡᠭᠡᠭᠦᠯᠬᠦ᠌ ᠬᠦᠴᠦᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠵᠤ ᠠᠬᠤᠢᠯᠠᠯ ᠪᠠ ᠣᠯᠠᠨ ᠲᠦᠮᠡᠨ᠎ᠦ ᠲᠤᠰᠭᠠᠯ ᠶᠡᠬᠡᠲᠡᠢ ᠪᠠᠢᠭ᠎ᠠ ᠬᠡᠷᠡᠭ᠎ᠢ ᠱᠢᠢᠳᠪᠦᠷᠢᠯᠡᠬᠦ᠌ ᠦᠶᠡᠯᠡᠯ᠎ᠦᠨ ᠬᠤᠭᠤᠴᠠᠭ᠎ᠠ ᠨᠢ ᠣᠷᠳᠣ᠂ 《ᠬᠡᠷᠡᠭᠵᠢᠬᠦᠯᠬᠦ᠎ᠳᠦ ᠪᠡᠷᠬᠡᠲᠡᠢ》 ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠨᠡᠩ ᠰᠠᠢᠲᠤᠷ ᠬᠠᠮᠠᠭᠠᠯᠠᠬᠤ ᠬᠡᠷᠡᠭᠲᠡᠢ᠃ ᠬᠠᠤᠯᠢ᠎ᠪᠠᠷ ᠵᠠᠰᠠᠬᠤ ᠨᠡᠢᠭᠡᠮ᠎ᠦᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠰᠠᠢᠲᠤᠷ ᠠᠳᠭᠤᠵᠤ᠂ ᠤᠷᠢᠳᠴᠢᠯᠠᠨ ᠰᠡᠷᠭᠡᠢᠯᠡᠬᠦ᠌ ᠴᠢᠨᠠᠷᠲᠠᠢ ᠬᠠᠤᠯᠢ᠎ᠪᠠᠷ ᠵᠠᠰᠠᠬᠤ ᠣᠢ᠌ᠯᠠᠭᠠᠭ᠍ᠳᠠᠬᠣᠨᠢ ᠪᠣᠢ ᠪᠣᠯᠭᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠢᠳᠪᠦᠷᠢᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠬᠠᠤᠯᠢ᠎ᠪᠠᠷ ᠵᠠᠰᠠᠬᠤ ᠲᠤᠬᠠᠢ ᠨᠡᠩ ᠣᠯᠠᠨ ᠬᠦᠴᠦᠨ᠎ᠦ ᠬᠥᠳᠥᠯᠥᠨ ᠵᠢᠯᠣᠭᠣᠳᠭᠤ ᠪᠠ ᠤᠳᠤᠷᠢᠳᠤᠨ ᠵᠤᠬᠢᠴᠠᠭᠤᠯᠬᠤ ᠲᠡᠢᠰᠢ ᠬᠦᠴᠦᠯᠡᠬᠦ᠌᠎ᠶ᠋ᠢ ᠠᠬᠢᠭᠤᠯᠬᠤ ᠬᠡᠷᠡᠭᠳᠠᠢ᠃ ᠬᠠᠤᠯᠢ᠎ᠪᠡᠷ ᠵᠠᠰᠠᠬᠤ᠎ᠳᠦ ᠬᠢᠨᠠᠯᠲᠠ ᠲᠠᠯᠪᠢᠬᠤ᠎ᠶ᠋ᠢ ᠪᠦᠬᠦᠨ᠎ᠢ ᠪᠦᠷᠬᠦᠭᠦᠯᠦᠨ᠂ ᠪᠦᠬᠦ᠌ ᠲᠠᠯ᠎ᠠ᠎ᠪᠠᠷ᠂ ᠪᠦᠬᠦ᠌ ᠶᠠᠪᠤᠴᠠ᠎ᠪᠡᠷ ᠠᠬᠢᠭᠤᠯᠵᠤ᠂ ᠨᠢᠭ᠍ᠲᠠ ᠴᠢᠩᠭ᠎ᠠ ᠬᠠᠤᠯᠢ᠎ᠪᠡᠷ ᠵᠠᠰᠠᠬᠤ᠎ᠳᠤ ᠬᠢᠨᠠᠯᠲᠠ ᠲᠠᠯᠪᠢᠬᠤ ᠱᠢᠰᠲ᠋ᠧᠮ᠎ᠢ ᠲᠦᠷᠭᠡᠳᠭᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠬᠠᠤᠯᠢ᠎ᠪᠠᠷ ᠵᠠᠰᠠᠬᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠠᠮ᠎ᠤᠨ ᠲᠥᠪ ᠬᠣᠷᠢᠶ᠎ᠠ᠎ᠶᠢᠨ ᠬᠠᠤᠯᠢ᠎ᠪᠡᠷ ᠵᠠᠰᠠᠬᠤ ᠪᠠᠢᠭᠤᠯᠤᠯᠲᠠ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠬᠠᠤᠯᠢ᠎ᠪᠡᠷ ᠵᠠᠰᠠᠬᠤ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠴᠢᠭ᠌ᠯᠡᠯ ᠵᠥᠪ ᠤᠨᠤᠪᠴᠢᠳᠠᠢ᠂ ᠠᠬᠢᠭᠤᠯᠬᠤ ᠠᠵᠢᠯ ᠬᠦᠴᠦᠲᠡᠢ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠬᠠᠤᠯᠢ᠎ᠪᠡᠷ ᠵᠠᠰᠠᠬᠤ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ ᠪᠣᠯᠤᠨ ᠬᠠᠤᠯᠢ᠎ᠪᠡᠷ ᠵᠠᠰᠠᠬᠤ ᠠᠵᠢᠯᠳᠠᠨ᠎ᠤ ᠬᠥᠮᠦᠵᠢᠯ ᠪᠣᠯᠪᠠᠰᠤᠷᠠᠯ᠂ ᠦᠢᠯᠡᠳᠦᠯᠭᠡ᠎ᠶᠢᠨ ᠲᠤᠮᠳᠠ ᠳᠠᠪᠲᠠᠠ ᠪᠤᠯᠪᠠᠰᠤᠷᠠᠬᠤ᠂ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠬᠠᠤᠯᠢ᠎ᠪᠡᠷ ᠵᠠᠰᠠᠬᠤ ᠡᠩᠨᠡᠭᠡ᠎ᠶ᠋ᠢᠨ ᠠᠮᠢᠳᠦᠷᠠᠯ ᠪᠠᠳᠤᠯᠠᠭ᠎ᠠ ᠲᠠᠢ ᠰᠠᠨᠠᠭ᠎ᠠ ᠠᠮᠤᠷ ᠠᠵᠢᠯ ᠬᠢᠬᠦ ᠵᠢ ᠠᠬᠢᠭᠤᠯᠵᠤ᠂ ᠲᠣᠭᠠᠴᠢᠯᠠᠯᠲᠠ ᠪᠣᠯᠤᠨ ᠬᠠᠤᠯᠢᠵᠢᠯᠳᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠲᠦᠷᠦᠭᠦᠯᠡᠨ ᠬᠠᠤᠯᠢ᠎ᠶᠢ ᠬᠦᠨᠳᠦᠳᠭᠡᠵᠦ ᠬᠠᠤᠯᠢ᠎ᠶ᠋ᠢ ᠰᠤᠷᠴᠤ ᠬᠠᠤᠯᠢ᠎ᠶ᠋ᠢ ᠰᠠᠬᠢᠵᠤ ᠬᠠᠤᠯᠢ᠎ᠶ᠋ᠢ ᠬᠡᠷᠡᠭ᠌ᠯᠡᠵᠦ᠍᠂ ᠬᠠᠤᠯᠢ᠎ᠪᠠᠷ ᠵᠠᠰᠠᠬᠤ ᠰᠡᠳᠭᠢᠬᠦᠢ ᠪᠠ ᠬᠠᠤᠯᠢ᠎ᠪᠠᠷ ᠵᠠᠰᠠᠬᠤ ᠠᠷᠭ᠎ᠠ ᠬᠡᠯᠪᠡᠷᠢ᠎ᠶᠢ ᠬᠡᠷᠡᠭ᠌ᠯᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠬᠥᠭ᠌ᠵᠢᠯᠲᠡ᠎ᠶ᠋ᠢ ᠠᠬᠢᠭᠤᠯᠬᠤ᠂ ᠵᠥᠷᠢᠴᠡᠯ᠎ᠢ ᠠᠷᠢᠯᠭᠠᠬᠤ᠂ ᠲᠣᠭ᠍ᠲᠠᠭᠤᠨ᠎ᠢ ᠬᠠᠮᠠᠭᠠᠯᠠᠬᠤ᠂ ᠠᠶᠤᠯ ᠲᠦᠭ᠌ᠰᠢᠭᠦᠷᠢ᠎ᠶᠢ ᠠᠷᠭᠠᠴᠠᠭᠠᠬᠤ ᠴᠢᠳᠠᠪᠤᠷᠢ᠎ᠪᠡᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠦ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃