1 ᠰᠠᠷ᠎ᠠ᠎ᠶ᠋ᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠨᠠᠮ᠎ᠤᠨ ᠬᠣᠷᠢᠶ᠎ᠠ᠎ᠶ᠋ᠢᠨ ᠨᠢᠭᠡᠳᠦᠭᠡᠷ ᠱᠦᠵᠢ ᠸᠠᠩ ᠸᠧᠶ ᠵᠥᠩ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠨᠠᠮ᠎ᠤᠨ ᠬᠣᠷᠢᠶ᠎ᠠ᠎ᠶ᠋ᠢᠨ ᠶᠢᠰᠦᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠪᠥᠬᠥᠳᠡ (ᠥᠷᠭᠡᠳᠭᠡᠭ᠌ᠰᠡᠨ) ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠲᠡᠷᠡ᠂ ᠴᠡᠷᠢᠭ᠎ᠦᠨ ᠲᠣᠭᠣᠷᠢᠭ᠎ᠤᠨ ᠡᠯ᠎ᠡ ᠱᠠᠲᠤᠨ᠎ᠤ᠎ᠬᠢᠨ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂ ᠡᠯ᠎ᠡ ᠵᠦᠶ᠋ᠯ᠎ᠦᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠶ ᠠᠳᠭᠤᠵᠤ᠂ ᠴᠡᠷᠢᠭ᠎ᠦᠨ ᠲᠣᠭᠣᠷᠢᠭ᠎ᠤᠨ ᠴᠡᠷᠢᠭ ᠠᠩᠭᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
会议上强调.jpg)
会议上强调2.jpg)
ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠺᠣᠮᠠᠨᠳ᠋ᠯᠠᠭ᠍ᠴᠢ ᠯᠢᠦ ᠴᠦᠨ ᠵᠢᠶᠠᠩ ᠬᠤᠷᠠᠯ᠎ᠢ ᠡᠷᠭᠢᠯᠡᠵᠦ᠍᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠳᠡᠳ᠋ ᠺᠣᠮᠠᠨᠳ᠋ᠯᠠᠭ᠍ᠴᠢ ᠶᠠᠩ ᠭᠦᠸᠧ ᠠᠨ᠂ ᠱᠢᠩ ᠭᠦᠸᠧ ᠯᠢᠶᠠᠩ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠳᠡᠳ᠋ ᠺᠣᠮᠢᠰᠰᠠᠷ ᠸᠠᠩ ᠱᠧ ᠯᠢ ᠬᠤᠷᠠᠯ᠎ᠳᠤ ᠣᠷᠣᠯᠴᠠᠵᠤ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠳᠡᠳ᠋ ᠺᠣᠮᠢᠰᠰᠠᠷ ᠵᠠᠩ ᠸᠧᠨ ᠬᠣᠶ ᠬᠥᠬᠢᠭᠦᠯᠦᠨ ᠱᠠᠩᠨᠠᠬᠤ ᠨᠡᠷᠡᠰ᠎ᠢ ᠤᠩᠱᠢᠨ ᠨᠡᠢᠲᠡᠯᠡᠪᠡ᠃
会议上强调3.jpg)
会议上强调4.jpg)
ᠬᠤᠷᠠᠯ ᠳᠡᠭᠡᠷ᠎ᠡ ᠸᠠᠩ ᠸᠧᠢ ᠵᠦᠩ ᠨᠠᠷ ᠲᠡᠷᠢᠭᠦᠨ᠎ᠦ ᠬᠠᠮᠲᠤ ᠪᠠ ᠬᠤᠪᠢ ᠬᠥᠮᠦᠨ᠎ᠳᠦ ᠱᠠᠩᠨᠠᠯ ᠭᠠᠷᠳᠠᠭᠤᠯᠪᠠ᠃
ᠸᠠᠩ ᠸᠧᠢ ᠵᠦᠩ ᠡᠩ ᠲᠡᠷᠢᠭᠦᠨ᠎ᠳᠦ ᠬᠥᠬᠢᠭᠦᠯᠦᠭ᠌ᠳᠡᠨ ᠰᠠᠢᠱᠢᠶᠠᠭ᠍ᠳᠠᠭ᠍ᠰᠠᠨ ᠲᠡᠷᠢᠭᠦᠨ᠎ᠦ ᠨᠢᠭᠡᠴᠢ ᠪᠣᠯᠤᠨ ᠬᠤᠪᠢ ᠬᠥᠮᠦᠨ᠎ᠳᠦ ᠪᠠᠶᠠᠷ ᠬᠦᠷᠭᠡᠵᠦ᠍ ᠪᠠᠢᠬᠤ᠎ᠪᠠᠨ ᠢᠯᠡᠳᠬᠡᠵᠤ᠂ ᠪᠦᠬᠦ᠌ ᠣᠷᠣᠨ᠎ᠤ ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠪᠢᠴᠢᠭ᠎ᠦᠨ ᠲᠤᠱᠢᠶᠠᠯᠲᠠᠨ᠂ ᠡᠷᠦᠭᠡ᠎ᠶ᠋ᠢᠨ ᠴᠡᠷᠢᠭ᠎ᠦᠨ ᠪᠡᠯᠡᠳᠭᠡᠯ ᠠᠯᠪᠠᠨ᠎ᠤ ᠬᠥᠮᠦᠰ ᠪᠣᠯᠤᠨ ᠳᠠᠷᠤᠭ᠎ᠠ ᠪᠠᠢᠯᠳᠤᠭ᠍ᠴᠢ᠎ᠶ᠋ᠢᠨ ᠭᠡᠷ ᠪᠦᠯᠢ᠎ᠶ᠋ᠢᠨ ᠬᠢᠨ᠎ᠳᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍᠂ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠥᠩᠭᠡᠷᠡᠭ᠌ᠰᠡᠨ ᠨᠢᠭᠡ ᠵᠢᠯ᠎ᠳᠦ ᠴᠡᠷᠢᠭ᠎ᠦᠨ ᠲᠣᠭᠣᠷᠢᠭ᠎ᠤᠨ ᠨᠠᠮ᠎ᠤᠨ ᠬᠣᠷᠢᠶ᠎ᠠ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌᠎ᠶᠢᠨ ᠲᠣᠭᠣᠷᠢᠨ᠎ᠳᠤ ᠡᠷᠡᠰ ᠪᠠᠳᠤ᠎ᠪᠠᠷ ᠲᠣᠭ᠎ᠢ ᠮᠠᠨᠳᠤᠭᠤᠯᠤᠨ ᠰᠦᠭ ᠰᠦᠨᠡᠰᠦ᠎ᠶ᠋ᠢ ᠱᠤᠭᠤᠵᠤ᠂ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ᠎ᠶ᠋ᠢ ᠪᠠᠳᠤᠳᠬᠠᠨ ᠦᠨᠳᠦᠰᠦ᠎ᠶ᠋ᠢ ᠪᠡᠬᠢᠵᠢᠭᠦᠯᠬᠦ᠌᠂ ᠨᠠᠮ᠎ᠢ ᠴᠢᠩᠭ᠎ᠠ ᠬᠠᠮᠢᠶᠠᠷᠤᠨ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠪᠥᠬᠥ᠌ ᠣᠷᠣᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠡᠯ᠎ᠡ ᠵᠦᠶ᠋ᠯ᠎ᠦᠨ ᠠᠵᠢᠯ᠎ᠤᠨ ᠱᠢᠨ᠎ᠡ ᠳᠠᠪᠱᠢᠯᠲᠠ᠎ᠲᠠᠶ ᠪᠣᠯᠬᠤ᠎ᠶ᠋ᠢ ᠠᠬᠢᠭᠤᠯᠪᠠ᠃ ᠴᠡᠷᠢᠭ᠎ᠦᠨ ᠲᠣᠭᠣᠷᠢᠭ᠎ᠤᠨ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠪᠣᠯᠤᠨ ᠡᠷᠦᠬᠡ᠎ᠶ᠋ᠢᠨ ᠴᠡᠷᠢᠭ᠎ᠦᠨ ᠪᠡᠯᠡᠳᠭᠡᠯ ᠠᠯᠪᠠᠨ᠎ᠤ ᠬᠥᠮᠦᠰ ᠵᠠᠷᠯᠢᠭ᠎ᠢ ᠰᠣᠨᠣᠰᠤᠮᠠᠭ᠍ᠴᠠ᠎ᠪᠠᠨ ᠬᠥᠳᠡᠯᠦᠯᠴᠡᠵᠦ᠍᠂ ᠠᠶᠤᠯ ᠲᠦᠭ᠌ᠰᠢᠭᠦᠷᠢ᠎ᠡᠴᠡ ᠠᠶᠤᠬᠤ ᠦᠭᠡᠢ ᠪᠠᠢᠵᠤ᠂ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠮᠢᠶᠠᠷᠤᠯᠲᠠ ᠡᠵᠡᠮᠳᠡᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠵᠡᠷᠭᠡ ᠠᠵᠢᠯ᠎ᠢ ᠢᠳᠡᠪᠬᠢᠲᠡᠢ ᠡᠭᠦᠷᠭᠡᠯᠡᠵᠦ᠍᠂ ᠠᠶᠤᠯ ᠡᠴᠡ ᠠᠪᠤᠷᠠᠬᠤ ᠭᠠᠮᠱᠢᠭ᠎ᠡᠴᠡ ᠠᠪᠤᠷᠠᠬᠤ ᠵᠡᠷᠭᠡ ᠪᠠᠴᠢᠮ ᠬᠦᠴᠢᠷ ᠠᠶᠤᠯ ᠲᠦᠭ᠌ᠰᠢᠭᠦᠷᠢᠲᠡᠶ ᠬᠦᠨᠳᠦ ᠡᠭᠦᠷᠭᠡ᠎ᠶ᠋ᠢ ᠡᠷᠡᠰ ᠭᠤᠢᠪᠢᠰᠢ ᠦᠭᠡᠢ ᠡᠬᠦᠷᠬᠡᠯᠡᠵᠤ᠂ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠠ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠡᠬᠢᠯᠡᠯᠲᠡ᠎ᠶ᠋ᠢᠨ ᠵᠢᠯ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠴᠡᠷᠢᠭ᠎ᠦᠨ ᠲᠣᠭᠣᠷᠢᠭ᠎ᠤᠨ ᠡᠯ᠎ᠡ ᠱᠠᠲᠤᠨ᠎ᠤ ᠬᠢᠨ ᠤᠯᠤᠰ ᠲᠦᠷᠦ᠍᠎ᠪᠡᠷ ᠴᠡᠷᠢᠭ ᠪᠠᠢᠭᠤᠯᠬᠤ᠎ᠶ᠋ᠢ ᠢᠮᠠᠭ᠍ᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤᠯᠤᠭᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠴᠡᠭ᠌ᠴᠡᠯᠡᠯᠲᠡ ᠪᠤᠯᠤᠨ ᠰᠤᠷᠢᠯᠳᠠ ᠪᠣᠯᠪᠠᠰᠤᠷᠠᠯ᠎ᠢ ᠪᠠᠢᠩᠭᠤᠵᠢᠭᠤᠯᠬᠤ ᠳᠦᠷᠢᠮᠵᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠡᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ᠃ ᠴᠡᠷᠢᠭ ᠪᠣᠯᠪᠠᠰᠤᠷᠠᠭᠤᠯᠵᠤ ᠲᠡᠢᠨ᠎ᠳᠦ ᠪᠡᠯᠡᠳᠭᠡᠬᠦ᠌᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠨᠠᠮ᠎ᠤᠨ ᠬᠣᠷᠢᠶ᠎ᠠ ᠪᠠᠢᠯᠳᠤᠭᠠᠨ᠎ᠢ ᠤᠳᠤᠷᠢᠳᠬᠤ᠎ᠶᠢ ᠴᠢᠩᠭᠠᠳᠭᠠᠵᠤ᠂ ᠲᠡᠢᠨ᠎ᠳᠦ ᠪᠡᠯᠡᠳᠭᠡᠬᠦ᠌ ᠲᠤᠯᠭᠠᠭᠤᠷᠢᠯᠠᠯ᠎ᠢ ᠪᠡᠬᠢᠵᠢᠭᠦᠯᠵᠦ᠍᠂ ᠱᠢᠰᠲ᠋ᠧᠮ ᠲᠠᠢ ᠴᠡᠷᠢᠭ ᠪᠣᠯᠪᠠᠰᠤᠷᠠᠭᠤᠯᠬᠤ᠎ᠶᠢ ᠪᠤᠳᠠᠳᠠᠢ ᠠᠳᠬᠤᠵᠤ᠂ ᠪᠠᠢᠯᠳᠤᠭᠠᠨ᠎ᠳᠦ ᠲᠤᠰᠠᠯᠠᠵᠤ ᠪᠠᠢᠯᠳᠤᠭᠠᠨ᠎ᠤ ᠪᠠᠳᠤᠯᠠᠭ᠎ᠠ᠎ᠶᠢ ᠬᠠᠩᠭᠠᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠪᠦᠬᠦ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠤᠳᠤᠷᠢᠳᠤᠮᠵᠢ᠎ᠶ᠋ᠢ ᠪᠠᠲᠤ ᠪᠤᠢ ᠪᠣᠯᠭᠠᠵᠤ᠂ ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠣᠯᠤᠨ ᠱᠢᠨ᠎ᠡ ᠴᠢᠨᠠᠷ᠎ᠤᠨ ᠲᠠᠢ᠌ᠴᠢᠨ ᠬᠦᠴᠦᠨ᠎ᠦ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭ᠍ᠰᠢᠯᠠᠬᠤ᠎ᠶ᠋ᠢ ᠬᠦᠴᠦᠯᠡᠨ ᠠᠬᠢᠭᠤᠯᠵᠤ᠂ ᠤᠯᠤᠰ᠎ᠢᠶᠠᠨ ᠬᠦᠴᠦᠷᠬᠡᠭ᠌ᠵᠢᠭᠦᠯᠵᠦ᠍ ᠴᠡᠷᠢᠭ᠎ᠢᠶᠡᠨ ᠬᠦᠴᠦᠷᠬᠡᠭ᠌ᠵᠢᠭᠦᠯᠬᠦ᠌ ᠰᠦᠷ ᠳᠠᠯᠠᠢᠴᠠᠲᠠᠢ ᠬᠦᠴᠦᠨ᠎ᠢ ᠦᠨᠡᠨ ᠬᠦ᠌ ᠨᠢᠭ᠍ᠲᠠᠷᠠᠭᠤᠯᠬᠤ ᠬᠡᠷᠡᠭ᠌ᠲᠡᠢ᠃ ᠵᠠᠰᠠᠭ᠎ᠢᠶᠠᠨ ᠬᠦᠷᠢᠶᠡᠯᠡᠨ ᠠᠷᠠᠳ᠎ᠢᠶᠠᠨ ᠬᠠᠢᠷᠠᠯᠠᠬᠤ ᠢᠷᠠᠭᠤ ᠠᠯᠳᠠᠷᠲᠤ ᠤᠯᠠᠮᠵᠢᠯᠠᠯ ᠪᠣᠯᠤᠨ ᠡᠷᠡᠯᠬᠡᠭ ᠪᠠᠭᠠᠲᠤᠷᠯᠢᠭ ᠴᠢᠳᠠᠮᠠᠭᠠᠢ ᠪᠠᠢᠯᠳᠤᠬᠤ ᠱᠢᠯᠢᠳᠡᠭ ᠰᠤᠷᠲᠠᠯ᠎ᠢ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ᠎ᠤᠨ ᠪᠦᠳᠦᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠤᠯᠠᠨ ᠲᠦᠮᠡᠨ᠎ᠳᠦ ᠦᠢᠯᠡᠴᠢᠯᠡᠬᠦ᠌ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠲᠠᠬᠢᠨ ᠱᠢᠨ᠎ᠡ ᠭᠠᠪᠢᠶ᠎ᠠ ᠪᠠᠢᠭᠤᠯᠬᠤ ᠬᠡᠷᠡᠭ᠌ᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠬᠢᠨ ᠳᠠᠷᠤᠭ᠎ᠠ ᠪᠠᠢᠯᠳᠤᠭ᠍ᠴᠢᠳ᠎ᠤᠨ ᠦᠨᠳᠦᠰᠦᠨ ᠠᠱᠢᠭ ᠲᠤᠰᠠ᠎ᠳᠤ ᠬᠣᠯᠪᠣᠭ᠍ᠳᠠᠭ᠍ᠰᠠᠨ ᠬᠦᠴᠢᠷᠳᠡᠯ ᠪᠠ ᠠᠰᠠᠭᠤᠳᠠᠯ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠰᠠᠢᠲᠤᠷ ᠱᠢᠢᠳᠪᠦᠷᠢᠯᠡᠵᠦ᠍ ᠦᠭᠬᠦᠨ᠂ ᠪᠦᠬᠦ᠌ ᠨᠡᠢᠭᠡᠮ᠎ᠢ ᠬᠦᠳᠦᠯᠦᠨ ᠵᠢᠯᠣᠭᠣᠳᠴᠤ᠌ ᠴᠡᠷᠢᠭ᠎ᠢᠶᠡᠨ ᠬᠦᠷᠢᠶᠡᠯᠡᠨ ᠭᠡᠷ ᠪᠦᠯᠢ᠎ᠶ᠋ᠢ ᠨᠢ ᠬᠠᠷᠠᠭᠠᠯᠵᠠᠬᠤ ᠤᠬᠠᠮᠰᠠᠷ᠎ᠢ ᠪᠠᠲᠤ ᠪᠤᠢ ᠪᠣᠯᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠳᠡᠮᠵᠢᠬᠦ᠌᠎ᠳᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃