ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠩ ᠶᠤᠸᠠᠨ ᠮᠢᠩ ᠤᠯᠤᠰ᠎ᠤᠨ ᠠᠵᠢᠯᠯᠠᠬᠤ ᠳᠤᠭᠤᠢᠯᠠᠩ᠎ᠢ ᠳᠠᠭᠠᠭᠤᠯᠤᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠬᠣᠪᠣᠷ ᠰᠢᠷᠣᠢ᠎ᠶᠢᠨ ᠪᠣᠯᠣᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠶᠢᠨ ᠳᠡᠯᠪᠡᠷᠡᠯᠲᠡ᠎ᠶᠢᠨ ᠡᠨᠳᠡᠯ᠎ᠦᠨ ᠠᠬᠤᠢ ᠲᠠᠯᠠᠪᠠᠢ᠎ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ᠎ᠢ ᠵᠢᠯᠣᠭᠣᠳᠪᠠ   ᠪᠣᠣ ᠭᠠᠩ ᠪᠠᠷ᠎ᠠ ᠪᠣᠯᠪᠠ
ᠨᠡᠶ᠋ᠢᠲᠡᠯᠡᠭᠰᠡᠨ ᠴᠠᠭ᠄ 2026-01-20

1 ᠳ᠋ᠦ᠍ᠭᠡᠷ ᠰᠠᠷ᠎ᠠ᠎ᠶᠢᠨ 19 ᠎ᠦ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ᠎ᠡᠴᠡ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠬᠣᠪᠣᠷ ᠰᠢᠷᠣᠢ᠎ᠶᠢᠨ ᠪᠣᠯᠣᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠶᠢᠨ ᠳᠡᠯᠪᠡᠷᠡᠯᠲᠡ᠎ᠶᠢᠨ ᠡᠨᠳᠡᠯ᠎ᠢ ᠨᠡᠷᠡᠯᠡᠨ ᠵᠢᠭᠠᠵᠤ ᠰᠢᠮᠳᠠᠭᠤᠯᠪᠠ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠳᠡᠳ᠋ ᠰᠠᠢᠳ ᠰᠥᠩ ᠶᠤᠸᠠᠨ ᠮᠢᠩ ᠤᠯᠤᠰ᠎ᠤᠨ ᠠᠵᠢᠯᠯᠠᠬᠤ ᠳᠤᠭᠤᠢᠯᠠᠩ᠎ᠢ ᠳᠠᠭᠠᠭᠤᠯᠤᠨ ᠠᠬᠤᠢ ᠲᠠᠯᠠᠪᠠᠶ᠎ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ᠎ᠢ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠪᠠᠷ᠎ᠠ ᠪᠣᠯᠪᠠ᠃ 

ᠰᠥᠩ ᠶᠤᠸᠠᠨ ᠮᠢᠩ ᠨᠠᠷ ᠰᠢᠭᠤᠳ ᠡᠨᠳᠡᠯ᠎ᠦᠨ ᠠᠬᠤᠢ ᠲᠠᠯᠠᠪᠠᠶ᠎ᠳᠤ ᠬᠦᠷᠴᠦ᠂ ᠠᠪᠤᠷᠠᠨ ᠲᠤᠰᠠᠯᠠᠬᠤ ᠠᠵᠢᠯ᠎ᠤᠨ ᠠᠬᠢᠴᠠ᠎ᠶᠢ ᠪᠠᠢᠴᠠᠭᠠᠨ ᠦᠵᠡᠵᠦ᠂ ᠬᠣᠯᠪᠣᠭ᠎ᠠ ᠲᠠᠰᠤᠷᠠᠭᠰᠠᠨ ᠬᠥᠮᠥᠰ᠎ᠢ ᠪᠥᠬᠥ ᠬᠦᠴᠦᠨ᠎ᠢᠶᠠᠷ᠎ᠢᠶᠠᠨ ᠡᠷᠢᠨ ᠠᠪᠤᠷᠠᠵᠤ᠂ ᠰᠢᠨᠵᠢᠯᠡᠬᠦ ᠤᠬᠠᠭᠠᠨᠴᠢ ᠪᠥᠭᠡᠳ ᠠᠮᠤᠷ ᠲᠦᠪᠰᠢᠨ᠎ᠢᠶᠡᠷ ᠠᠪᠤᠷᠠᠯᠲᠠ ᠬᠢᠵᠦ᠂ ᠡᠭᠦᠰᠦᠮᠡᠯ ᠡᠨᠳᠡᠯ ᠭᠠᠷᠬᠤ᠎ᠠᠴᠠ ᠴᠢᠩᠭ᠎ᠠ ᠰᠡᠷᠭᠡᠢᠯᠡᠬᠦ ᠬᠡᠷᠡᠭᠲᠡᠢ ᠭᠡᠵᠦ ᠱᠠᠭᠠᠷᠳᠠᠵᠠᠢ᠃ ᠳᠠᠷᠠᠭ᠎ᠠ ᠨᠢ᠂ ᠰᠦᠩ ᠶᠤᠸᠠᠨ ᠮᠢᠩ ᠪᠤᠭᠤᠲᠤ᠎ᠶᠢᠨ ᠪᠣᠯᠣᠳ ᠲᠡᠮᠦᠷ᠎ᠦᠨ ᠡᠮᠨᠡᠯᠭᠡ᠎ᠶᠢᠨ ᠬᠣᠷᠢᠶ᠎ᠠ᠎ᠳᠤ ᠬᠦᠷᠴᠦ᠂ ᠰᠢᠷᠬᠠᠲᠤᠭᠰᠠᠳ᠎ᠢ ᠪᠣᠯᠭᠣᠭᠠᠨ ᠲᠣᠬᠣᠨᠢᠭᠤᠯᠵᠤ᠂ ᠲᠡᠳᠡᠨ᠎ᠢ ᠰᠠᠨᠠᠭ᠎ᠠ ᠠᠮᠤᠷ ᠡᠮᠨᠡᠨ ᠵᠠᠰᠠᠬᠤ᠎ᠶᠢ ᠨᠢ ᠰᠠᠨᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ᠎ᠢ ᠰᠢᠯᠢᠳᠡᠭ ᠡᠮᠴᠢᠯᠡᠭᠡᠨ᠎ᠦ ᠬᠦᠴᠦᠨ᠎ᠢ ᠳᠠᠢᠴᠢᠯᠠᠵᠤ ᠪᠠᠢᠭᠠᠳ ᠠᠪᠤᠷᠠᠨ ᠵᠠᠰᠠᠬᠤ ᠬᠡᠷᠡᠭᠲᠡᠢ ᠭᠡᠵᠦ ᠱᠠᠭᠠᠷᠳᠠᠪᠠ᠃ 

ᠳᠠᠷᠠᠭ᠎ᠠ ᠨᠢ᠂ ᠰᠦᠩ ᠶᠤᠸᠠᠨ ᠮᠢᠩ ᠵᠣᠬᠢᠶᠠᠨ ᠪᠠᠢᠭᠤᠯᠤᠨ ᠬᠤᠷᠠᠯ ᠬᠤᠷᠠᠯᠳᠤᠭᠤᠯᠵᠤ᠂ ᠬᠣᠯᠪᠣᠭ᠎ᠠ ᠲᠠᠰᠤᠷᠠᠭᠰᠠᠨ ᠬᠥᠮᠥᠰ᠎ᠢ ᠡᠷᠢᠵᠦ ᠠᠪᠤᠷᠠᠬᠤ ᠠᠵᠢᠯ᠎ᠤᠨ ᠠᠬᠢᠴᠠ᠂ ᠰᠢᠷᠬᠠᠲᠤᠭᠰᠠᠳ᠎ᠢ ᠠᠪᠤᠷᠠᠨ ᠵᠠᠰᠠᠬᠤ᠂ ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠲᠤᠰᠬᠠᠢ ᠮᠡᠷᠭᠡᠵᠢᠯᠲᠡᠳ ᠯᠦ᠍ᠭᠡ ᠡᠨᠳᠡᠯ ᠡᠭᠦᠰᠬᠡᠵᠦ ᠮᠡᠳᠡᠬᠦ ᠰᠢᠯᠲᠠᠭᠠᠨ᠎ᠢ ᠵᠠᠳᠠᠯᠪᠠ᠃ ᠰᠦᠩ ᠶᠤᠸᠠᠨ ᠮᠢᠩ ᠴᠢᠬᠤᠯᠠᠴᠢᠯᠠᠬᠤ᠎ᠳᠦ᠎ᠪᠡᠨ᠂ ᠡᠨᠳᠡᠯ᠎ᠦᠨ ᠰᠢᠯᠲᠠᠭᠠᠨ᠎ᠤ ᠪᠠᠢᠴᠠᠭᠠᠯᠲᠠ᠎ᠶᠢ ᠦᠨᠡᠨ᠎ᠡᠴᠡ ᠵᠥᠪ᠎ᠢ ᠡᠷᠢᠨ᠂ ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠨᠢᠮᠪᠠᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠤᠴᠢᠷ ᠶᠠᠪᠤᠳᠠᠯ᠎ᠳᠤ ᠬᠣᠯᠪᠣᠭᠳᠠᠭᠰᠠᠨ ᠠᠵᠤ ᠠᠬᠤᠢᠯᠠᠯ᠎ᠤᠳ ᠭᠦᠨᠵᠡᠭᠡᠢ ᠲᠤᠩᠭᠠᠨ ᠪᠣᠳᠣᠯᠬᠢᠯᠠᠵᠤ᠂ ᠠᠮᠤᠷ ᠲᠦᠪᠰᠢᠨ ᠪᠠ ᠦᠷ᠎ᠡ ᠠᠰᠢᠭ᠋᠎ᠤᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠨ᠂ ᠡᠨᠳᠡᠯ᠎ᠦᠨ ᠳᠠᠯᠳᠠ ᠬᠡᠮ᠎ᠢ ᠳᠣᠲᠣᠭᠠᠳᠤ᠎ᠳᠦ᠎ᠪᠡᠨ ᠮᠡᠳᠡᠭᠦᠯᠬᠦ ᠱᠠᠩᠨᠠᠯ᠎ᠤᠨ ᠲᠣᠭᠲᠠᠴᠠ᠎ᠶᠢ ᠪᠠᠢᠭᠤᠯᠵᠤ᠂ ᠠᠵᠢᠯᠲᠠᠨ ᠠᠵᠢᠯᠴᠢᠨ᠎ᠤ ᠠᠶᠤᠯ ᠦᠭᠡᠢ ᠦᠢᠯᠡᠳᠪᠦᠷᠢᠯᠡᠯ᠎ᠳᠦ ᠣᠷᠣᠯᠴᠠᠬᠤ ᠢᠳᠡᠪᠬᠢᠵᠢᠯ᠎ᠢ ᠭᠦᠢᠴᠡᠳ ᠳᠠᠢᠴᠢᠯᠠᠨ᠂ ᠠᠵᠤ ᠠᠬᠤᠢᠯᠠᠯ᠎ᠤᠨ ᠠᠮᠤᠷ ᠲᠦᠪᠰᠢᠨ᠎ᠢ ᠬᠠᠮᠲᠤ᠎ᠪᠠᠷ ᠰᠠᠬᠢᠨ ᠬᠠᠮᠠᠭᠠᠯᠠᠬᠤ ᠬᠡᠷᠡᠭᠲᠡᠢ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠡᠭᠦᠨ᠎ᠡᠴᠡ ᠰᠤᠷᠭᠠᠮᠵᠢ ᠠᠪᠴᠤ᠂ ᠨᠢᠭᠡ᠎ᠡᠴᠡ ᠨᠦᠬᠦᠭᠡ᠎ᠶᠢ ᠵᠦᠢᠴᠢᠯᠡᠨ᠂ ᠪᠥᠬᠥ ᠣᠷᠣᠨ᠎ᠤ ᠭᠣᠣᠯᠳᠠᠯᠭ᠎ᠠ ᠪᠣᠯᠬᠤ ᠠᠵᠢᠯ ᠲᠥᠷᠥᠯ᠎ᠦᠨ ᠬᠦᠷᠢᠶᠡᠨ᠎ᠳᠡᠬᠢ ᠠᠮᠤᠷ ᠲᠦᠪᠰᠢᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠠᠳᠠᠯᠢᠪᠲᠤᠷ ᠡᠨᠳᠡᠯ ᠭᠠᠷᠬᠤ᠎ᠠᠴᠠ ᠡᠷᠡᠰ ᠵᠠᠢᠯᠠᠰᠬᠢᠬᠦ ᠬᠡᠷᠡᠭᠲᠡᠢ ᠭᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ