ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠪᠦᠦ ᠭᠠᠩ ᠤᠷᠳᠤᠰ᠎ᠲᠤ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠤᠨ ᠠᠵᠢᠯ᠎ᠢ ᠪᠠᠢᠴᠠᠭᠠᠵᠤ ᠱᠠᠯᠠᠪᠳᠠᠭᠤᠯᠤᠨ ᠵᠢᠯᠣᠭᠣᠳᠪᠠ
ᠨᠡᠶ᠋ᠢᠲᠡᠯᠡᠭᠰᠡᠨ ᠴᠠᠭ᠄ 2026-01-23

1 ᠰᠠᠷ᠎ᠠ᠎ᠶᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠦ ᠠᠷᠠᠳ᠎ᠦᠨ ᠵᠠᠰᠠᠭ᠎ᠦᠨ ᠣᠷᠳᠣᠨ᠎ᠦ ᠲᠡᠷᠢᠭᠦᠯᠡᠭ᠌ᠴᠢ ᠪᠦᠦ ᠭᠠᠩ ᠤᠷᠳᠤᠰ ᠬᠤᠳᠠ᠎ᠳᠤ ᠠᠵᠤ ᠠᠬᠤᠢᠯᠠᠯ᠎ᠦᠨ ᠠᠶᠤᠯᠭᠦᠢ ᠦᠢᠯᠡᠳᠪᠦᠷᠢᠯᠡᠯ᠎ᠤᠨ ᠠᠵᠢᠯ᠎ᠢ ᠪᠠᠢᠴᠠᠭᠠᠵᠤ ᠱᠠᠯᠠᠪᠳᠠᠭᠤᠯᠤᠨ ᠵᠢᠯᠣᠭᠣᠳᠴᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠠᠶᠤᠯᠭᠦᠢ ᠦᠢᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ᠎ᠦᠨ ᠠᠶᠤᠯᠭᠦᠢ ᠦᠶ᠋ᠯᠡᠳᠪᠦᠷᠢᠯᠡᠯ᠎ᠦᠨ ᠠᠵᠢᠯ᠎ᠤᠨ ᠲᠤᠬᠠᠶ ᠴᠣᠬᠣᠯᠠᠪᠤᠷᠢ᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠪᠤᠭᠤᠲᠤ᠎ᠶᠢᠨ ᠪᠣᠯᠣᠳ ᠲᠡᠮᠦᠷ᠎ᠤᠨ ᠪᠦᠯᠦᠭᠯᠡᠯ᠎ᠦᠨ ᠪᠤᠯᠤᠳ ᠬᠠᠪᠲᠠᠰᠤᠨ ᠮᠠᠲ᠋ᠧᠷᠢᠶᠠᠯ᠎ᠦᠨ ᠦᠶ᠋ᠯᠡᠳᠪᠦᠷᠢ᠎ᠶᠢᠨ ᠳᠡᠯᠪᠡᠷᠡᠯᠲᠡ᠎ᠶ᠋ᠢᠨ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠂ ᠠᠶᠤᠯᠭᠦᠶ ᠦᠶ᠋ᠯᠡᠳᠪᠦᠷᠢᠯᠡᠯ ᠭᠡᠬᠦ ᠡᠨᠡ ᠬᠦ᠌ ᠬᠦᠪᠴᠢ᠎ᠶᠢ ᠴᠠᠭ ᠢᠮᠠᠭ᠍ᠲᠠ ᠴᠢᠩᠭᠠᠯᠠᠵᠤ᠂ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠨᠠᠷᠢᠨ ᠬᠢᠨᠠᠮᠠᠭᠠᠶ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠠᠶᠤᠯᠭᠦᠶ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

ᠵᠢᠯ᠎ᠤᠨ ᠡᠴᠦᠰ ᠣᠨ᠎ᠦ ᠡᠬᠢ ᠪᠣᠯ ᠠᠵᠤ ᠠᠬᠤᠢᠯᠠᠯ᠎ᠦᠨ ᠦᠢᠯᠡᠳᠪᠦᠷᠢᠯᠡᠯ᠎ᠦᠨ ᠬᠦᠭᠵᠢᠶᠡᠨᠲᠡᠢ ᠤᠯᠠᠷᠢᠯ ᠮᠥᠨ᠂ ᠪᠠᠰᠠ ᠴᠤ᠌ ᠠᠶᠤᠯᠭᠦᠢ ᠦᠢᠯᠡᠳᠪᠦᠷᠢᠯᠡᠯ᠎ᠦᠨ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠃ ᠪᠦᠦ ᠭᠠᠩ ᠤᠷᠢᠳ ᠬᠣᠵᠢᠳ ᠪᠦᠦ ᠹᠸᠩ ᠨᠡᠭᠦᠷᠡᠰᠦ᠎ᠪᠡᠷ ᠰᠠᠭᠤᠷᠢ ᠲᠦᠭᠦᠭᠡᠢ ᠡᠳ᠋ ᠪᠤᠯᠭᠠᠭᠰᠠᠨ ᠱᠢᠨ᠎ᠡ ᠮᠠᠲ᠋ᠧᠷᠢᠶᠠᠯ᠎ᠤᠨ ᠺᠣᠮᠫᠠᠨᠢ᠂ ᠱᠢᠨ ᠵᠢᠨ ᠱᠠᠨ ᠨᠡᠭᠦᠷᠡᠰᠦᠨ ᠱᠢᠷᠬᠡᠭ᠌ᠯᠢᠭ᠎ᠦᠨ ᠺᠣᠮᠫᠠᠨᠢ᠂ ᠵᠦᠩ ᠲᠢᠶᠠᠨ ᠡᡁᠸ ᠴᠤᠸᠠᠩ ᠡᠨᠧᠷᠭᠢ᠎ᠶ᠋ᠢᠨ ᠺᠣᠮᠫᠠᠨᠢ᠎ᠳᠤ ᠬᠦᠷᠴᠦ᠍᠂ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠤᠨ ᠬᠠᠮᠢᠶᠠᠷᠤᠯᠲᠠ᠎ᠶ᠋ᠢᠨ ᠲᠦᠷᠢᠮ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶᠢ ᠥᠪᠡᠷ᠎ᠢᠶᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠂ ᠦᠢᠯᠡᠳᠪᠦᠷᠢᠯᠡᠯ᠎ᠤᠨ ᠠᠵᠢᠯ᠎ᠤᠨ ᠪᠠᠢᠷᠢ ᠪᠣᠯᠤᠨ ᠪᠠᠷᠢᠯᠭ᠎ᠠ᠎ᠶᠢᠨ ᠠᠵᠢᠯ᠎ᠦᠨ ᠠᠮᠤᠷ ᠲᠦᠪᠱᠢᠨ᠎ᠦ ᠠᠷᠭ᠎ᠠ ᠬᠡᠮᠵᠢᠢ᠎ᠡ᠎ᠶᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠢ ᠠᠶᠤᠯᠭᠦᠢ ᠦᠢᠯᠡᠳᠪᠦᠷᠢᠯᠡᠯ᠎ᠤᠨ ᠮᠡᠷᠭᠡᠵᠢᠯ᠎ᠦᠨ ᠵᠢᠷᠤᠮᠵᠢᠯ᠎ᠢ ᠴᠢᠩᠭ᠎ᠠ ᠵᠢᠷᠤᠮᠯᠠᠵᠤ᠂ ᠪᠦᠬᠦ᠌ ᠬᠡᠯᠬᠢᠶ᠎ᠡ ᠪᠦᠬᠦ᠌ ᠶᠠᠪᠤᠴᠠ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠥᠴᠦᠬᠡᠨ ᠴᠦ᠍ ᠣᠰᠣᠯᠳᠠᠬᠤ ᠦᠭᠡᠢ᠎ᠪᠡᠷ ᠰᠠᠢᠲᠤᠷ ᠬᠢᠵᠦ᠍᠂ ᠢᠯᠠᠩᠭᠤᠶ᠎ᠠ ᠳᠠᠷᠤᠯᠲᠠᠲᠤ ᠰᠠᠪᠠ᠂ ᠬᠢᠨᠠᠨ ᠬᠡᠮᠵᠢᠬᠦ᠌ ᠲᠥᠬᠥᠭᠡᠷᠦᠮᠵᠢ ᠵᠡᠷᠭᠡ ᠵᠠᠩᠭᠢᠯᠠᠭ᠎ᠠ᠎ᠶ᠋ᠢᠨ ᠲᠥᠬᠥᠭᠡᠷᠦᠮᠵᠢ᠎ᠶ᠋ᠢ ᠲᠣᠭᠣᠷᠢᠨ ᠪᠠᠢᠴᠠᠭᠠᠬᠤ᠎ᠪᠠᠨ ᠴᠢᠩᠭᠠᠳᠭᠠᠵᠤ᠂ 《ᠠᠰᠠᠭᠤᠳᠠᠯ ᠎ᠲᠠᠶ᠎ᠪᠠᠷ ᠠᠵᠢᠯᠯᠠᠬᠤ》᠎ᠶᠢ ᠤᠬ᠍ᠳᠤ ᠵᠥᠪᠱᠢᠶᠡᠷᠡᠬᠦ᠌ ᠦᠭᠡᠢ᠃ ᠮᠡᠷᠭᠡᠵᠢᠯ ᠤᠷ᠎ᠠ ᠮᠡᠷᠭᠡᠱᠢᠯ᠎ᠢᠶᠡᠨ ᠰᠠᠢᠵᠢᠷᠠᠭᠤᠯᠵᠤ᠂ ᠲᠥᠬᠥᠭᠡᠷᠦᠮᠵᠢ᠎ᠶᠢᠨ ᠬᠠᠮᠠᠭᠠᠯᠠᠯᠲᠠ᠎ᠪᠠᠨ ᠴᠢᠩᠭᠠᠳᠭᠠᠵᠤ᠂ ᠠᠵᠤ ᠠᠬᠤᠢᠯᠠᠯ᠎ᠤᠨ ᠠᠦ᠋ᠲ᠋ᠣᠴᠢᠯᠠᠭ᠍ᠰᠠᠨ᠂ ᠤᠶᠤᠨᠴᠢᠯᠠᠬ᠍ᠰᠠᠨ ᠬᠠᠮᠢᠶᠠᠷᠤᠯᠲᠠ᠎ᠶ᠋ᠢᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠡᠳᠦᠷ ᠲᠤᠲᠤᠮ᠎ᠤᠨ ᠪᠠᠢᠴᠠᠭᠠᠯᠲᠠ᠂ ᠲᠣᠭ᠍ᠲᠠᠮᠠᠯ ᠬᠤᠭᠤᠴᠠᠭ᠎ᠠ ᠎ᠲᠠᠶ᠎ᠪᠡᠷ ᠰᠤᠭᠤᠴᠢᠨ ᠪᠠᠢᠴᠠᠭᠠᠬᠤ ᠪᠠ ᠲᠤᠰᠭᠠᠶ ᠮᠡᠷᠭᠡᠵᠢᠯᠲᠡᠨ᠎ᠡᠴᠡ ᠵᠢᠭ᠍ᠰᠠᠭᠠᠨ ᠪᠠᠢᠴᠠᠭᠠᠬᠤ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠠᠮᠤᠷ ᠲᠦᠪᠱᠢᠨ᠎ᠦ ᠪᠣᠯᠪᠠᠰᠤᠷᠠᠯ᠂ ᠣᠨᠴᠠᠭᠠᠢ ᠲᠥᠷᠥᠯ᠎ᠦᠨ ᠠᠵᠢᠯ᠎ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠬᠤ ᠰᠣᠷᠢᠯᠲᠠ ᠵᠡᠷᠭᠡ ᠠᠵᠢᠯ᠎ᠢ ᠰᠠᠢᠲᠤᠷ ᠬᠢᠵᠦ᠍᠂ ᠭᠠᠳᠠᠭ᠍ᠰᠢ ᠳᠠᠭᠠᠭᠠᠴᠢᠯᠠᠭᠤᠯᠤᠨ ᠦᠶ᠋ᠯᠡᠳᠪᠦᠷᠢᠯᠡᠬᠦ᠌᠎ᠶ᠋ᠢ ᠦᠨᠡᠨ ᠬᠦ᠌ ᠵᠢᠷᠤᠮᠵᠢᠭᠤᠯᠤᠨ᠂ ᠦᠶ᠋ᠯᠡᠳᠪᠦᠷᠢᠯᠡᠯ᠎ᠤᠨ ᠠᠮᠤᠷ ᠲᠦᠪᠱᠢᠨ᠎ᠦ ᠠᠳᠠᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ ᠭᠡᠵᠦ ᠱᠠᠭᠠᠷᠳᠠᠪᠠ᠃

ᠪᠦᠦ ᠭᠠᠩ᠂ ᠬᠠᠷᠢᠶ᠎ᠠ ᠣᠷᠣᠨ᠂ ᠰᠠᠯᠠᠭ᠎ᠠ ᠮᠥᠴᠢᠷ᠂ ᠠᠵᠤ ᠠᠬᠤᠢᠯᠠᠯ᠎ᠵᠡᠷᠭᠡ ᠭᠤᠷᠪᠠᠨ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》᠎ᠶᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠠᠵᠢᠯ ᠲᠦᠷᠦᠯ᠎ᠤᠨ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠤᠨ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠴᠢᠨᠠᠭ᠍ᠰᠢᠳᠠ ᠴᠢᠩᠭᠠᠳᠭᠠᠵᠤ᠂ ᠡᠷᠬᠡᠪᠰᠢ ᠡᠯ᠎ᠡ ᠵᠦᠢᠯ᠎ᠦᠨ ᠠᠷᠭ᠎ᠠ ᠬᠡᠮᠵᠢᠢ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠲᠤᠲᠠᠭᠳᠠᠬᠤ ᠪᠠᠢᠳᠠᠯ ᠭᠠᠷᠴᠤ ᠪᠤᠯᠬᠤ ᠦᠭᠡᠢ᠃ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠬᠤ᠎ᠪᠡᠨ ᠴᠢᠩᠭᠠᠳᠭᠠᠵᠤ᠂ ᠬᠠᠤᠯᠢ ᠬᠡᠷᠡᠭ᠌ᠵᠢᠭᠦᠯᠬᠦ᠌᠎ᠳᠦ 《ᠠᠭᠤᠵᠢᠭᠤ ᠰᠤᠯᠠ ᠵᠥᠭᠡᠯᠡᠨ》 ᠪᠠᠢᠬᠤ᠎ᠶ᠋ᠢ ᠣᠭ᠍ᠲᠣ ᠵᠥᠪᠱᠢᠶᠡᠷᠡᠬᠦ᠌ ᠥᠬᠡᠶ ᠪᠠᠢᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ