ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠦᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ᠎ᠦᠨ ᠡᠯ᠎ᠡ ᠲᠥᠷᠥᠯ᠎ᠦᠨ ᠠᠵᠢᠯ᠎ᠢ ᠰᠠᠢᠲᠤᠷ ᠬᠢᠬᠦ ᠬᠡᠷᠡᠭᠳᠠᠢ
ᠨᠡᠶ᠋ᠢᠲᠡᠯᠡᠭᠰᠡᠨ ᠴᠠᠭ᠄ 2026-01-30

1 ᠰᠠᠷ᠎ᠠ᠎ᠶᠢᠨ 28᠎ᠡᠴᠡ 29᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠤᠯᠠᠭᠠᠨᠬᠠᠳᠠ ᠬᠤᠳᠠ᠎ᠳᠤ ᠪᠠᠢᠴᠠᠭᠠᠨ ᠰᠤᠳᠤᠯᠬᠤ ᠳ᠋ᠠᠭᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠦ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ ᠪᠣᠯᠤᠨ ᠲᠥᠪ᠎ᠤᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ᠎ᠦᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠸᠠᠩ ᠸᠧᠶ ᠵᠥᠩ ᠡᠩ ᠲᠡᠷᠢᠭᠦᠨ᠎ᠳᠦ ᠰᠦᠩᠱᠠᠨ ᠲᠣᠭᠣᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ ᠬᠦᠷᠴᠦ᠍᠂ ᠠᠷᠠᠳ᠎ᠲᠤ ᠳᠥᠭᠥᠮ ᠦᠵᠡᠭᠦᠯᠬᠦ᠌ ᠦᠶ᠋ᠯᠡᠴᠢᠯᠡᠭᠡ ᠥᠷᠨᠢᠭᠦᠯᠵᠤ ᠪᠠᠢᠬᠤ᠂ ᠨᠡᠢᠭᠡᠮ ᠲᠣᠭᠣᠷᠢᠭ᠎ᠤᠨ ᠠᠵᠢᠯᠲᠠᠨ᠎ᠤ ᠤᠯᠭᠤᠮᠵᠢ ᠪᠠᠲᠤᠯᠠᠭ᠎ᠠ ᠪᠠ ᠦᠨᠳᠦᠰᠦᠲᠡᠨ᠎ᠦ ᠪᠦᠯᠬᠦᠮᠳᠡᠯ ᠠᠭᠤᠰᠤᠯᠴᠠᠯ ᠵᠡᠷᠭᠡ ᠪᠠᠢᠳᠠᠯ᠎ᠢ ᠨᠠᠷᠢᠯᠢᠬ ᠣᠢᠯᠠᠭᠠᠪᠠ᠃ ᠲᠡᠷᠡ᠂ ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠦ ᠬᠠᠮᠲᠤ᠎ᠶ᠋ᠢᠨ ᠬᠡᠷ ᠪᠦᠯᠢ ᠮᠥᠨ᠂ ᠦᠨᠳᠦᠰᠦᠲᠡᠨ᠎ᠨᠦᠭᠦᠳ ᠰᠡᠳᠭᠢᠯ ᠵᠢᠷᠦᠬᠡ᠎ᠪᠡᠨ ᠬᠣᠯᠪᠣᠬᠤ᠂ ᠭᠠᠷ ᠭᠠᠷ᠎ᠢᠶᠠᠨ ᠬᠣᠯᠪᠣᠯᠴᠠᠬᠤ ᠰᠠᠢᠨ ᠤᠯᠠᠮᠵᠢᠯᠠᠯ᠎ᠢ ᠶᠡᠬᠡ᠎ᠪᠡᠷ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭ᠌ᠲᠡᠶ᠃ ᠨᠡᠢᠭᠡᠮ ᠲᠣᠭᠣᠷᠢᠭ᠎ᠤᠨ ᠎ᠬᠢᠨ ᠠᠷᠠᠳ᠎ᠲᠤ ᠳᠥᠭᠥᠮ ᠦᠵᠡᠭᠦᠯᠬᠦ᠌ ᠦᠶ᠋ᠯᠡᠴᠢᠯᠡᠭᠡᠨ᠎ᠦ ᠴᠢᠳᠠᠮᠵᠢ᠎ᠶ᠋ᠢ ᠴᠢᠩᠭᠠᠳᠭᠠᠵᠤ᠂ ᠠᠷᠠᠳ ᠣᠯᠠᠨ᠎ᠢ ᠲᠠᠭᠠᠯᠠᠮᠵᠢᠳᠠᠢ ᠰᠠᠨᠠᠭ᠎ᠠ ᠠᠮᠤᠷ ᠪᠠᠢᠯᠭᠠᠬᠤ ᠬᠡᠷᠡᠭ᠌ᠲᠡᠶ᠃ 《ᠦᠳᠡᠭᠦᠰ ᠨᠢᠯᠬᠠᠰ》᠎ᠲᠤ ᠠᠩᠬᠠᠷᠤᠯ᠎ᠢᠶᠠᠨ ᠲᠥᠪᠯᠡᠷᠡᠭᠦᠯᠵᠦ᠍ ᠠᠷᠠᠳ᠎ᠲᠤ ᠲᠦᠬᠦᠮ ᠦᠵᠡᠭᠦᠯᠬᠦ᠌ ᠠᠷᠭ᠎ᠠ ᠬᠡᠮᠵᠢᠶ᠎ᠠ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠨᠠᠰᠤᠲᠠᠨ᠎ᠢ ᠠᠰᠠᠷᠠᠵᠤ ᠬᠡᠤᠬᠡᠳ ᠰᠠᠭᠠᠳᠠᠭᠤᠯᠬᠤ ᠵᠡᠷᠭᠡ ᠦᠢᠯᠡᠴᠢᠯᠡᠭᠡᠨ᠎ᠦ ᠬᠠᠩᠭᠠᠯᠭ᠎ᠠ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠦᠨ ᠱᠢᠯᠢᠳᠡᠭ᠌ᠵᠢᠭᠦᠯᠬᠦ᠌ ᠬᠡᠷᠡᠭ᠌ᠲᠡᠢ᠃ ᠨᠡᠢᠭᠡᠮ ᠲᠣᠭᠣᠷᠢᠭ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠦᠳᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠠᠭᠠᠭᠤᠯᠤᠭᠴᠢ᠎ᠶᠢ ᠱᠢᠯᠢᠳᠡᠭ᠎ᠢ ᠨᠢ ᠰᠣᠩᠭᠣᠨ ᠬᠦᠴᠦᠷᠬᠡᠭ᠎ᠢ ᠨᠢ ᠲᠤᠬᠢᠷᠠᠭᠤᠯᠵᠤ᠂ ᠵᠣᠬᠢᠶᠠᠨ ᠪᠠᠢᠭᠤᠯᠤᠯᠳᠠ᠎ᠶᠢᠨ ᠦᠢᠯᠡᠴᠢᠯᠡᠬᠦ᠌ ᠠᠷᠭ᠎ᠠ ᠬᠡᠯᠪᠡᠷᠢ᠎ᠪᠡᠨ ᠱᠢᠯᠢᠳᠡᠭ᠌ᠵᠢᠭᠦᠯᠵᠦ᠍᠂ ᠰᠠᠭᠤᠭᠠᠯᠢ ᠠᠷᠠᠳ᠎ᠤᠨ ᠠᠵᠢᠯ ᠣᠯᠭᠣᠯᠲᠠ᠎ᠶ᠋ᠢ ᠠᠬᠢᠭᠤᠯᠵᠤ᠂ ᠨᠡᠢᠭᠡᠮ ᠲᠣᠭᠣᠷᠢᠭ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠪᠡ᠃

ᠮᠠ ᠠᠨ ᠱᠠᠨ ᠤᠢ ᠱᠢᠭᠤᠢ᠎ᠶ᠋ᠢᠨ ᠲᠠᠯᠠᠪᠠᠢ᠎ᠳᠤ᠂ ᠸᠠᠩ ᠸᠧᠢ ᠵᠦᠩ ᠬᠥᠭᠥᠷᠭᠡᠨ ᠵᠠᠮ᠎ᠢᠶᠠᠷ ᠠᠯᠬᠤᠯᠠᠬᠤ᠎ᠶᠢᠨ ᠵᠡᠷᠭᠡ᠎ᠪᠠᠷ ᠤᠢ ᠮᠣᠳᠣᠨ᠎ᠤ ᠤᠷᠭᠤᠴᠠ᠎ᠶ᠋ᠢᠨ ᠪᠠᠢᠳᠠᠯ᠎ᠢ ᠨᠠᠷᠢᠯᠢᠬ ᠪᠠᠢᠴᠠᠭᠠᠨ ᠦᠵᠡᠵᠦ᠍᠂ ᠤᠢ ᠱᠢᠭᠤᠢ᠎ᠶ᠋ᠢᠨ ᠲᠠᠯᠠᠪᠠᠢ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠢ ᠨᠠᠷᠢᠯᠢᠬ ᠠᠰᠠᠭᠤᠪᠠ᠃ ᠲᠡᠷᠡ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ 《ᠤᠯᠤᠰ᠎ᠤᠨ ᠶᠡᠬᠡ ᠶᠠᠪᠤᠳᠠᠯ》 ᠮᠥᠨ᠂ ᠰᠢ᠎ᠵᠢᠨ᠎ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠣᠶ ᠱᠢᠭᠤᠶ᠎ᠶ᠋ᠢᠨ ᠬᠠᠮᠠᠭᠠᠯᠠᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠶ᠃ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠣᠶ ᠮᠣᠳᠣᠨ᠎ᠤ ᠡᠭᠦᠯᠳᠡᠷ᠎ᠢ ᠰᠣᠩᠭᠣᠵᠤ᠂ ᠣᠨᠴᠠᠯᠢᠭ᠍ᠲᠤ ᠲᠠᠷᠢᠮᠠᠯ᠂ ᠲᠡᠵᠢᠭᠡᠨ ᠦᠷᠡᠵᠢᠭᠦᠯᠬᠦ᠌ ᠵᠡᠷᠭᠡ ᠣᠶ᠎ᠶᠢᠨ᠎ᠳᠤᠳᠤᠷᠠᠬᠢ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠦᠨ᠂ ᠨᠣᠭᠣᠭᠠᠷᠠᠭᠤᠯᠬᠤ ᠪᠠ ᠪᠠᠶᠠᠵᠢᠭᠤᠯᠬᠤ ᠬᠤᠤᠰ ᠠᠮᠵᠢᠯᠲᠠ᠎ᠶ᠋ᠢ ᠪᠡᠶᠡᠯᠡᠭᠦᠯᠬᠦ᠌ ᠬᠡᠷᠡᠭ᠌ᠲᠡᠶ᠃ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠶ᠋ᠢ ᠴᠢᠬᠤᠯᠠᠴᠢᠯᠠᠵᠤ᠂ ᠤᠯᠤᠰ᠎ᠤᠨ ᠥᠮᠴᠢᠯᠡᠯ᠎ᠤᠨ ᠣᠶ ᠱᠢᠭᠤᠶ᠎ᠶᠢᠨ ᠲᠠᠯᠠᠪᠠᠶ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ᠃ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠬᠦ᠌ ᠠᠵᠢᠯ᠎ᠢ ᠰᠠᠢᠲᠤᠷ ᠬᠢᠵᠦ᠍᠂ ᠤᠬᠠᠭᠤᠯᠵᠤ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠵᠤ᠂ ᠬᠢᠯᠪᠠᠷ ᠪᠤᠰᠤ᠎ᠪᠠᠷ ᠢᠷᠡᠭ᠌ᠰᠡᠨ ᠠᠮᠢ ᠠᠬᠤᠶ᠎ᠶ᠋ᠢᠨ ᠦᠷ᠎ᠡ ᠪᠦᠲᠦᠭᠡᠯ᠎ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ ᠭᠡᠪᠡ᠃ ᠬᠣᠩ ᠹᠦ᠋ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠶ᠋ᠯᠡᠰ᠎ᠦᠨ ᠬᠦᠷᠢᠶᠡᠯᠡᠩ᠎ᠳᠦ᠂ ᠸᠠᠩ ᠸᠧᠶ ᠵᠥᠩ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠢ ᠨᠠᠷᠢᠯᠢᠭ ᠣᠢᠯᠠᠭᠠᠵᠤ᠂ ᠠᠵᠤ ᠠᠬᠤᠢᠯᠠᠯ᠎ᠤᠨ ᠬᠢᠨ᠎ᠢ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢ ᠴᠢᠩᠭ᠎ᠠ ᠳᠠᠭᠠᠵᠤ᠂ ᠬᠡᠪᠴᠢᠶ᠎ᠡ᠎ᠪᠡᠨ ᠥᠷᠭᠡᠳᠭᠡᠨ᠂ ᠶᠠᠰᠤ ᠴᠢᠨᠠᠷ᠎ᠢᠶᠠᠨ ᠱᠢᠯᠢᠳᠡᠭ᠌ᠵᠢᠭᠦᠯᠵᠦ᠍᠂ ᠲᠦᠷᠦᠯ ᠲᠡᠮᠳᠡᠭ᠎ᠢᠶᠡᠨ ᠬᠦᠴᠦᠷᠬᠡᠭ᠌ᠵᠢᠭᠦᠯᠦᠨ᠂ ᠠᠵᠤ ᠦᠶ᠋ᠯᠡᠰ᠎ᠢ ᠪᠣᠬᠢᠷᠲᠤᠯ ᠥᠬᠡᠶ ᠪᠤᠯᠭᠠᠬᠤ᠂ ᠤᠶᠤᠨᠴᠢᠯᠠᠬᠤ᠂ ᠳᠡᠭᠡᠳᠦ ᠲᠠᠰᠵᠢᠭᠦᠯᠬᠦ ᠬᠥᠭ᠌ᠵᠢᠯᠲᠡ᠎ᠶ᠋ᠢ ᠴᠢᠷᠮᠠᠢᠨ ᠪᠡᠶᠡᠯᠡᠭᠦᠯᠬᠦ ᠬᠡᠷᠡᠭᠳᠠᠢ᠃ ᠳᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠬᠤ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠮᠠᠯᠴᠢᠨ ᠲᠠᠷᠢᠶᠠᠴᠢᠨ᠎ᠳᠤ ᠠᠵᠤ ᠦᠶ᠋ᠯᠡᠰ᠎ᠦᠨ ᠠᠱᠢᠭ ᠣᠷᠣᠯᠭ᠎ᠠ᠎ᠶ᠋ᠢ ᠨᠠᠩ ᠰᠠᠢᠲᠤᠷ ᠡᠳ᠋ᠯᠡᠭᠦᠯᠬᠦ᠌ ᠬᠡᠷᠡᠭ᠌ᠲᠡᠶ ᠭᠡᠵᠤ ᠵᠤᠷᠢᠭᠵᠢᠭᠤᠯᠪᠠ᠃

ᠸᠠᠩ ᠸᠧᠶ ᠵᠥᠩ ᠴᠢᠬᠤᠯᠠ ᠶᠡᠬᠡ ᠲᠥᠷᠥᠯ ᠵᠦᠶ᠋ᠯ᠎ᠦᠨ ᠠᠬᠢᠴᠠ᠂ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠪᠠᠢᠳᠠᠯ᠎ᠢ ᠮᠠᠰᠢ ᠠᠩᠬᠠᠷᠴᠤ᠌᠂ ᠶᠤᠸᠠᠨ ᠵᠢᠩ ᠨᠡᠭᠦᠷᠡᠰᠦᠲᠦᠶ᠋ᠷᠦᠭ᠌ᠴᠢ ᠦᠯᠦ ᠭᠠᠳᠠᠭᠰᠢᠯᠠᠭᠤᠯᠬᠤ ᠮᠡᠷᠭᠡᠵᠢᠯ (ᠤᠯᠠᠭᠠᠨᠬᠠᠳᠠ)᠎ᠦᠨ ᠺᠣᠮᠫᠠᠨᠢ᠎ᠳᠦ᠂ ᠸᠠᠩ ᠸᠧᠶ ᠵᠥᠩ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠮᠡᠷᠭᠡᠵᠢᠯ᠎ᠦᠨ ᠰᠤᠳᠤᠯᠤᠨ ᠨᠡᠭᠡᠭᠡᠯᠲᠡ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠶ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠲᠡᠷᠡ ᠠᠵᠤ ᠠᠬᠤᠢᠯᠠᠯ᠎ᠢ ᠱᠢᠨ᠎ᠡ ᠡᠨᠧᠷᠭᠢ᠂ 《ᠵᠣᠬᠢᠶᠠᠮᠠᠯ ᠣᠶᠤᠨ ᠴᠢᠳᠠᠪᠤᠷᠢ +》᠎ᠶᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠣᠨᠢᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠰᠠᠯᠬᠢ ᠬᠡᠷᠡᠯ᠎ᠢᠶᠡᠷ ᠤᠰᠤᠲᠥ᠋ᠷᠥᠭ᠌ᠴᠢ ᠱᠢᠪᠲᠦᠷ ᠦᠶ᠋ᠯᠡᠳᠬᠦ᠌ ᠠᠬᠤᠢ ᠪᠠᠢᠳᠠᠯ᠎ᠤᠨ ᠬᠡᠷᠡᠭ᠌ᠯᠡᠯᠲᠡ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠬᠠᠮᠢᠶ᠎ᠠ ᠪᠥᠬᠥᠶ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠤᠷᠤᠯᠳᠤᠭᠠᠨ᠎ᠤ ᠵᠠᠮ᠎ᠢ ᠵᠠᠪᠳᠤᠨ ᠡᠵᠡᠯᠡᠭᠡᠷᠡᠶ ᠭᠡᠵᠦ᠍ ᠵᠣᠷᠢᠭ᠍ᠵᠢᠭᠤᠯᠪᠠ᠃ ᠵᠢᠨ ᠲᠦᠩ ᠵᠡᠰ᠎ᠦᠨ ᠦᠶ᠋ᠯᠡᠰ᠎ᠦᠨ ᠺᠣᠮᠫᠠᠨᠢ᠎ᠳᠤ᠂ ᠸᠠᠩ ᠸᠧᠶ ᠵᠥᠩ ᠦᠶ᠋ᠯᠡᠳᠬᠦᠨ᠎ᠦ ᠦᠶ᠋ᠯᠡᠳᠪᠦᠷᠢᠯᠡᠯ᠎ᠦᠨ ᠪᠠᠢᠳᠠᠯ ᠪᠠ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶ᠋ᠢᠨ ᠪᠠᠢᠳᠠᠯ᠎ᠢ ᠨᠠᠷᠢᠯᠢᠬ ᠠᠰᠠᠭᠤᠵᠤ᠂ ᠠᠵᠤ ᠠᠬᠤᠢᠯᠠᠯ᠎ᠢ ᠵᠠᠬ᠎ᠠ ᠳᠡᠯᠭᠡᠭᠦᠷ᠎ᠦᠨ ᠠᠵᠠ ᠲᠣᠬᠢᠶᠠᠯ᠎ᠢ ᠠᠮᠵᠢᠨ᠂ ᠤᠷ᠎ᠠ ᠮᠡᠷᠭᠡᠰᠢᠯ᠎ᠤᠨ ᠳᠡᠰ ᠳᠠᠷᠠᠭᠠᠯᠠᠯ ᠪᠠ ᠲᠣᠨᠣᠭ ᠲᠥᠬᠥᠭᠡᠷᠦᠮᠵᠢ ᠮᠡᠷᠭᠡᠵᠢᠯ᠎ᠦᠨ ᠱᠢᠨᠡᠴᠢᠯᠡᠯᠲᠡ᠎ᠪᠡᠨ ᠴᠢᠩᠭᠠᠳᠭᠠᠵᠤ᠂ ᠠᠵᠤ ᠦᠶ᠋ᠯᠡᠰ᠎ᠦᠨ ᠬᠡᠯᠬᠢᠶ᠎ᠡ᠎ᠪᠡᠨ ᠲᠠᠰᠤᠷᠠᠯᠲᠠ ᠥᠬᠡᠶ ᠤᠷᠲᠤᠳᠭᠠᠨ᠂ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠵᠣᠷᠢᠭ᠍ᠵᠢᠭᠤᠯᠪᠠ᠃ ᠲᠡᠷᠡ ᠲᠤᠬᠠᠶ᠎ᠶ᠋ᠢᠨ ᠭᠠᠵᠠᠷ᠎ᠤᠨ ᠎ᠬᠢᠨ᠎ᠳᠤ ᠦᠶ᠋ᠯᠡᠴᠢᠯᠡᠭᠡᠨ᠎ᠤ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠳᠦ ᠴᠢᠨᠠᠷ ᠰᠠᠢᠲᠠᠶ ᠥᠨᠳᠥᠷ ᠪᠦᠲᠦᠮᠵᠢᠲᠡᠶ ᠦᠶ᠋ᠯᠡᠴᠢᠯᠡᠭᠡ ᠬᠠᠩᠭᠠᠬᠤ ᠬᠡᠷᠡᠭ᠌ᠲᠡᠶ ᠭᠡᠵᠦ᠍ ᠵᠠᠬᠢᠪᠠ᠃

ᠪᠠᠢᠴᠠᠭᠠᠨ ᠰᠤᠳᠤᠯᠤᠯᠲᠠ᠎ᠶ᠋ᠢᠨ ᠳᠤᠮᠳᠠ᠂ ᠸᠠᠩ ᠸᠧᠢ ᠵᠦᠩ᠂ ᠠᠶᠤᠯᠭᠦᠢ ᠦᠢᠯᠡᠳᠪᠦᠷᠢᠯᠡᠯ ᠪᠣᠯ ᠬᠥᠮᠦᠨ᠎ᠦ ᠠᠮᠢ ᠨᠠᠰᠤ᠎ᠲᠠᠶ ᠬᠣᠯᠪᠣᠭ᠍ᠳᠠᠬᠤ ᠶᠡᠬᠡ ᠶᠠᠪᠤᠳᠠᠯ ᠮᠥᠨ᠂ ᠪᠢᠳᠡ ᠶᠠᠭᠠᠬᠢᠭ᠍ᠰᠠᠨ ᠴᠤ᠌ ᠡᠷᠡᠭᠦᠯ ᠮᠡᠨᠳᠦ ᠠᠮᠢ ᠨᠠᠰᠤ᠎ᠪᠠᠷ ᠦᠷᠡᠭᠳᠡᠯ ᠪᠤᠯᠭᠠᠭᠰᠠᠨ GDP᠂ ᠪᠣᠬᠢᠷᠲᠤᠯ᠎ᠲᠠᠶ GDP᠂ 《ᠬᠠᠭᠤᠷᠮᠠᠭ》 GDP᠎ᠢ ᠠᠪᠴᠤ ᠪᠤᠯᠬᠤ ᠦᠭᠡᠢ᠃ ᠵᠢᠯ᠎ᠦᠨ ᠡᠴᠦᠰ ᠪᠣᠯᠬᠤ ᠲᠠᠱᠢᠷᠠᠮ᠎ᠢᠶᠠᠷ᠂ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ 《ᠴᠠᠭ ᠢᠮᠠᠭ᠍ᠲᠠ ᠰᠠᠨᠠᠭ᠎ᠠ ᠲᠠᠯᠪᠢᠬᠤ》 ᠬᠠᠷᠢᠭᠤᠴᠠᠯᠭᠠᠲᠤ ᠰᠡᠳᠭᠢᠯᠭᠡ᠎ᠪᠡᠷ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠵᠤ᠂ ᠤᠯᠠᠨ ᠲᠦᠮᠡᠨ᠎ᠦ ᠠᠮᠤᠷ ᠠᠮᠤᠭᠤᠯᠠᠩ᠎ᠢᠶᠠᠷ ᠴᠠᠭᠠᠨ ᠰᠠᠷ᠎ᠠ᠎ᠪᠠᠨ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠢ ᠭᠡᠵᠦ᠍ ᠲᠠᠬᠢᠨ ᠳᠠᠪᠲᠠᠨ ᠴᠢᠬᠤᠯᠠᠴᠢᠯᠠᠪᠠ᠃

ᠢᠦᠢ ᠯᠢ ᠱᠢᠨ᠂ ᠲᠠᠩ ᠢ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ