ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠴᠡᠷᠢᠭ᠎ᠤᠨ ᠶᠠᠪᠤᠳᠠᠯ᠎ᠢ ᠵᠥᠪᠯᠡᠬᠦ᠌ ᠬᠤᠷᠠᠯ ᠵᠢᠴᠢ ᠴᠡᠷᠢᠭ᠎ᠦᠨ ᠬᠤᠪᠢᠶᠠᠷᠢ ᠲᠣᠭᠣᠷᠢᠭ (ᠰᠡᠷᠭᠡᠢᠯᠡᠯᠲᠡ᠎ᠶ᠋ᠢᠨ ᠲᠣᠭᠣᠷᠢᠭ)᠎ᠦᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠱᠦᠵᠢ᠎ᠶ᠋ᠢᠨ ᠲᠤᠱᠢᠶᠠᠯ᠎ᠤᠨ ᠮᠡᠳᠡᠭᠦᠯᠦᠯᠲᠡ᠎ᠶ᠋ᠢᠨ ᠬᠤᠷᠠᠯ ᠬᠤᠷᠠᠯᠳᠤᠵᠠᠢ   ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠤ ᠪᠦᠦ ᠭᠠᠩ ᠬᠤᠷᠠᠯ᠎ᠳᠦ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠢ   ᠱ᠌ᠢ ᠭᠤᠸᠠᠩ ᠬᠣᠶ ᠬᠤᠷᠠᠯ᠎ᠳᠤ ᠣᠷᠣᠯᠴᠠᠵᠠᠶ
ᠨᠡᠶ᠋ᠢᠲᠡᠯᠡᠭᠰᠡᠨ ᠴᠠᠭ᠄ 2026-01-06

1 ᠰᠠᠷ᠎ᠠ᠎ᠶᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠴᠡᠷᠢᠭ᠎ᠤᠨ ᠶᠠᠪᠤᠳᠠᠯ᠎ᠢ ᠵᠥᠪᠯᠡᠬᠦ᠌ ᠬᠤᠷᠠᠯ ᠵᠢᠴᠢ ᠴᠡᠷᠢᠭ᠎ᠤᠨ ᠬᠤᠪᠢᠶᠠᠷᠢ ᠲᠣᠭᠣᠷᠢᠭ (ᠰᠡᠷᠭᠡᠢᠯᠡᠯᠲᠡ᠎ᠶ᠋ᠢᠨ ᠲᠣᠭᠣᠷᠢᠭ)᠎ᠤᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠱᠦᠵᠢ᠎ᠶ᠋ᠢᠨ ᠲᠤᠱᠢᠶᠠᠯ᠎ᠤᠨ ᠮᠡᠳᠡᠭᠦᠯᠦᠯᠲᠡ᠎ᠶᠢᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠱᠦᠵᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠵᠥᠪᠯᠡᠯ᠎ᠤᠨ ᠡᠷᠬᠢᠯᠡᠭ᠌ᠴᠢ ᠪᠦᠦ ᠭᠠᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠶᠢᠨ ᠱᠦᠵᠢ ᠱ᠌ᠢ ᠭᠤᠸᠠᠩ ᠬᠣᠶ ᠬᠤᠷᠠᠯ᠎ᠳᠤ ᠣᠷᠣᠯᠴᠠᠵᠠᠶ᠃ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠺᠣᠮᠠᠨᠳ᠋ᠯᠠᠭ᠍ᠴᠢ ᠯᠢᠦ ᠴᠦᠨ ᠵᠢᠶᠠᠩ ᠶᠡᠷᠦᠩᠬᠡᠶ ᠱᠦᠵᠢ ᠰᠢ᠎ᠵᠢᠨ᠎ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠠᠢᠭᠤᠯᠤᠯᠲᠠ᠎ᠶᠢᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ 2025 ᠣᠨ᠎ᠤ ᠪᠥᠬᠥ᠌ ᠣᠷᠣᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ ᠪᠠ ᠪᠡᠯᠡᠳᠭᠡᠯ ᠬᠦᠴᠦᠨ᠎ᠦ ᠪᠠᠢᠭᠤᠯᠤᠯᠲᠠ᠎ᠶ᠋ᠢᠨ ᠪᠠᠢᠳᠠᠯ᠎ᠢ ᠬᠠᠷᠢᠭᠤ ᠮᠡᠳᠡᠭᠦᠯᠪᠡ᠃ ᠡᠯ᠎ᠡ ᠴᠡᠷᠢᠭ᠎ᠦᠨ ᠬᠤᠪᠢᠶᠠᠷᠢ ᠲᠣᠭᠣᠷᠢᠭ(ᠰᠡᠷᠭᠡᠢᠯᠡᠯᠲᠡ᠎ᠶ᠋ᠢᠨ ᠲᠣᠭᠣᠷᠢᠭ)᠎ᠤ᠋ᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠱᠦᠵᠢ ᠲᠤᠱᠢᠶᠠᠯ᠎ᠤᠨ ᠮᠡᠳᠡᠭᠦᠯᠦᠯᠲᠡ ᠬᠢᠪᠡ᠃

ᠬᠤᠷᠠᠯ᠎ᠡᠴᠡ᠂ ᠨᠢᠳᠤᠨᠤᠨ᠎ᠡᠴᠡ ᠨᠠᠭᠠᠰᠢ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠢ᠎ᠠ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠡᠴᠡ ᠵᠡᠪᠰᠡᠭ᠌ᠲᠦ ᠬᠦᠴᠦᠨ᠎ᠢ ᠬᠠᠮᠢᠶᠠᠷᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠲᠠᠢ᠌ᠴᠢᠯᠠᠯᠳᠠ᠂ ᠴᠡᠷᠢᠭ᠎ᠢ ᠪᠣᠯᠪᠠᠰᠤᠷᠠᠭᠤᠯᠤᠨ ᠲᠠᠢ᠌ᠨ᠎ᠳᠦ ᠪᠡᠯᠡᠳᠭᠡᠬᠦ᠌᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠴᠡᠷᠢᠭ᠎ᠢᠶᠡᠨ ᠬᠦᠷᠢᠶᠡᠯᠡᠨ ᠭᠡᠷ ᠪᠦᠯᠢ᠎ᠶ᠋ᠢ ᠨᠢ ᠬᠠᠷᠠᠭᠠᠯᠵᠠᠬᠤ ᠵᠡᠷᠭᠡ ᠠᠵᠢᠯ᠎ᠳᠤ ᠱᠢᠨ᠎ᠡ ᠦᠷ᠎ᠡ ᠪᠦᠲᠦᠮᠵᠢ ᠤᠯᠬᠤ᠎ᠶᠢ ᠬᠦᠴᠦᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶᠢᠨ ᠬᠢᠨ ᠲᠡᠢᠨ᠎ᠳᠦ ᠪᠡᠯᠡᠳᠭᠡᠬᠦ᠌᠂ ᠪᠣᠯᠪᠠᠰᠤᠷᠠᠯ ᠬᠢᠬᠦ᠌᠂ ᠪᠥᠲᠥᠭᠡᠨ ᠪᠠᠢᠭᠤᠯᠬᠤ ᠵᠡᠷᠭᠡ ᠡᠭᠦᠷᠭᠡ᠎ᠪᠡᠨ ᠪᠡᠶᠡᠯᠡᠭᠦᠯᠬᠦ᠌᠎ᠶᠢᠨ ᠬᠠᠮᠲᠤ᠂ ᠣᠷᠣᠨ ᠨᠤᠲᠤᠭ᠎ᠤᠨ ᠬᠥᠭ᠌ᠵᠢᠯᠲᠡ᠎ᠶᠢ ᠢᠳᠡᠪᠬᠢᠲᠡᠶ ᠳᠡᠮᠵᠢᠨ ᠦᠢᠯᠡᠴᠢᠯᠡᠵᠦ᠂ ᠢᠯᠠᠩᠭᠤᠶ᠎ᠠ ᠬᠢᠯᠢ᠎ᠶᠢᠨ ᠬᠠᠮᠠᠭᠠᠯᠠᠯᠲᠠ᠎ᠶ᠋ᠢᠨ ᠬᠠᠮᠢᠶᠠᠷᠤᠨ ᠡᠵᠡᠮᠳᠡᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠠᠶᠤᠯ ᠭᠠᠮᠱᠢᠭ᠎ᠡᠴᠡ ᠠᠪᠤᠷᠬᠠᠸ᠋ ᠵᠡᠷᠭᠡ ᠲᠠᠯ᠎ᠠ᠎ᠪᠡᠷ ᠪᠡᠯᠡᠳᠭᠡᠯ ᠬᠦᠴᠦᠨ ᠪᠣᠯᠤᠨ ᠭᠠᠪᠱᠢᠭᠠᠶ ᠠᠩᠭᠢ᠎ᠶᠢᠨ ᠦᠶ᠋ᠯᠡᠳᠦᠯ᠎ᠢᠶᠡᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠡᠴᠡ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠢ ᠠᠬᠢᠭᠤᠯᠬᠤ ᠲᠤᠬᠠᠢ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠱᠠᠭᠠᠷᠳᠠᠯᠭ᠎ᠠ ᠳᠤᠷᠠᠳᠴᠤ᠌᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠳᠤ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠡᠢ᠃ ᠴᠡᠷᠢᠭ ᠠᠩᠭᠢ ᠪᠠ ᠣᠷᠣᠨ ᠨᠤᠲᠤᠭ᠎ᠤᠨ ᠡᠯ᠎ᠡ ᠱᠠᠲᠤᠨ᠎ᠤ᠎ᠬᠢᠨ ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠢᠷᠡᠬᠦ᠌ ᠲᠠᠪᠤᠨ ᠵᠢᠯ᠎ᠤᠨ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠱᠠᠲᠤᠴᠢ ᠴᠢᠨᠠᠷᠲᠠᠶ ᠣᠨᠴᠠᠯᠢᠭ᠎ᠢ ᠣᠨᠣᠪᠴᠢᠲᠠᠶ ᠡᠵᠡᠮᠳᠡᠵᠦ᠍᠂ ᠨᠠᠮ᠎ᠡᠴᠡ ᠵᠡᠪᠰᠡᠭ᠌ᠲᠦ ᠬᠦᠴᠦᠨ᠎ᠢ ᠬᠠᠮᠢᠶᠠᠷᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ ᠪᠣᠯᠤᠨ ᠪᠡᠯᠡᠳᠭᠡᠯ ᠬᠦᠴᠦᠨ᠎ᠦ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ᠃ ᠤᠯᠤᠰ ᠲᠦᠷᠦ᠎ᠪᠡᠷ ᠴᠡᠷᠢᠭ ᠪᠠᠢᠭᠤᠯᠬᠤ᠎ᠶ᠋ᠢ ᠭᠤᠢᠪᠢᠰᠢ ᠦᠭᠡᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠵᠡᠪᠰᠡᠭ᠌ᠲᠦ ᠬᠦᠴᠦᠨ᠎ᠢ ᠠᠳᠭᠤᠬᠤ ᠬᠠᠷᠢᠭᠤᠴᠠᠯᠭᠠᠲᠤ ᠤᠬᠠᠮᠰᠠᠷ᠎ᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠬᠦᠴᠦᠷᠬᠡᠭᠵᠢᠭᠦᠯᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠢ᠃ ᠴᠡᠷᠢᠭ᠎ᠢ ᠪᠣᠯᠪᠠᠰᠤᠷᠠᠭᠤᠯᠤᠨ ᠲᠠᠢ᠌ᠨ᠎ᠳᠦ ᠪᠡᠯᠡᠳᠭᠡᠬᠦ᠌ ᠠᠵᠢᠯ᠎ᠢ ᠴᠢᠩᠭ᠎ᠠ ᠪᠣᠳᠠᠲᠠᠢ ᠠᠳᠭᠤᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢ᠌ᠴᠢᠯᠠᠯᠳᠠ᠎ᠶ᠋ᠢᠨ ᠲᠠᠯᠳᠠ ᠬᠦᠴᠦᠨ᠎ᠦ ᠪᠤᠲᠠᠲᠠᠢ ᠪᠠᠢᠳᠠᠯ᠎ᠢ ᠨᠠᠷᠢᠯᠢᠭ ᠣᠨᠣᠪᠴᠢᠲᠠᠢ ᠡᠵᠡᠮᠱᠢᠵᠦ᠍᠂ ᠴᠡᠷᠢᠭ ᠠᠨᠭᠭᠢ ᠪᠠ ᠣᠷᠣᠨ ᠨᠤᠲᠤᠭ᠎ᠤᠨ ᠬᠠᠮᠲᠤᠷᠠᠭ᠍ᠰᠠᠨ ᠰᠣᠷᠢᠯᠲᠠ ᠬᠠᠮᠲᠤᠷᠠᠭ᠍ᠰᠠᠨ ᠪᠣᠯᠪᠠᠰᠤᠷᠠᠯ᠎ᠢ ᠴᠢᠩᠭᠠᠳᠭᠠᠵᠤ᠂ ᠪᠡᠯᠡᠳᠭᠡᠯ ᠬᠦᠴᠦᠨ᠎ᠢ ᠬᠦᠴᠦᠷᠬᠡᠭ᠌ᠵᠢᠭᠦᠯᠦᠨ ᠰᠢᠯᠢᠳᠡᠭᠵᠢᠭᠦᠯᠵᠦ᠂ ᠪᠦᠬᠦ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠤᠬᠠᠮᠰᠠᠷ᠎ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠬᠢᠯᠢ ᠎ᠬᠢᠵᠠᠭᠠᠷ᠎ᠢ ᠬᠥᠭ᠌ᠵᠢᠭᠦᠯᠦᠨ ᠬᠢᠯᠢ ᠎ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠎ᠬᠢᠵᠠᠭᠠᠷ᠎ᠢ ᠪᠡᠬᠢᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠠᠵᠤ ᠠᠬᠤᠢᠯᠠᠯ ᠬᠦᠴᠦ᠍᠎ᠪᠡᠨ ᠬᠠᠮᠲᠤᠳᠭᠠᠨ ᠬᠢᠯᠢ ᠎ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠬᠢᠯᠢ ᠬᠢᠵᠠᠭᠠᠷ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠬᠢᠯᠢ ᠎ᠬᠢᠵᠠᠭᠠᠷ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠨᠤᠭᠦᠳ᠎ᠦᠨ ᠺᠠᠳ᠋ᠷ ᠤᠯᠠᠨ ᠲᠦᠮᠡᠨ᠎ᠢ ᠥᠷᠭᠡᠨ᠎ᠢᠶᠡᠷ ᠲᠠᠢ᠌ᠴᠢᠯᠠᠨ ᠬᠢᠯᠢ ᠎ᠬᠢᠵᠠᠭᠠᠷ᠎ᠢ ᠰᠠᠬᠢᠨ ᠬᠢᠯᠢ ᠎ᠬᠢᠵᠠᠭᠠᠷ᠎ᠢ ᠬᠠᠮᠠᠭᠠᠯᠠᠵᠤ᠂ ᠬᠢᠯᠢ ᠎ᠬᠢᠵᠠᠭᠠᠷ᠎ᠢ ᠬᠦᠴᠦᠷᠬᠡᠭ᠌ᠵᠢᠭᠦᠯᠦᠨ ᠬᠢᠯᠢ ᠎ᠬᠢᠵᠠᠭᠠᠷ᠎ᠢ ᠪᠡᠬᠢᠵᠢᠭᠦᠯᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠢ ᠡᠷᠬᠢᠨ ᠦᠵᠡᠵᠦ᠍ ᠲᠣᠬᠣᠨᠢᠭᠤᠯᠬᠤ ᠦᠶ᠎ᠡ᠎ᠶᠢᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠴᠡᠷᠢᠭ᠎ᠢᠶᠡᠨ ᠬᠦᠷᠢᠶᠡᠯᠡᠨ ᠭᠡᠷ ᠪᠦᠯᠢ᠎ᠶ᠋ᠢ ᠨᠢ ᠬᠠᠷᠠᠭᠠᠯᠵᠠᠬᠤ ᠱᠢᠯᠢᠳᠡᠭ ᠤᠯᠠᠮᠵᠢᠯᠠᠯ᠎ᠢᠶᠠᠨ ᠭᠦᠢᠴᠡᠳ ᠪᠠᠳᠠᠷᠠᠭᠤᠯᠵᠤ᠂ ᠬᠣᠶᠠᠷ᠎ᠢ ᠬᠦᠷᠢᠶᠡᠯᠡᠬᠦ᠌ ᠠᠵᠢᠯ᠎ᠢᠶᠠᠨ ᠰᠠᠢᠵᠢᠷᠠᠭᠤᠯᠤᠨ ᠱᠢᠨ᠎ᠡ᠎ᠶ᠋ᠢ ᠡᠭᠦᠳᠴᠦ᠍᠂ ᠥᠷᠭᠡᠨ ᠤᠯᠠᠨ ᠳᠠᠷᠤᠭ᠎ᠠ ᠪᠠᠢᠯᠳᠤᠭ᠍ᠴᠢ᠎ᠶ᠋ᠢᠨ ᠬᠦᠴᠢᠷ ᠵᠣᠪᠠᠭᠤᠷᠢ᠎ᠶ᠋ᠢ ᠦᠨᠡᠨ ᠪᠣᠳᠠᠲᠠᠢ ᠱᠢᠢᠳᠪᠦᠷᠢᠯᠡᠵᠦ᠍᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠬᠢ ᠪᠣᠯᠤᠨ ᠴᠡᠷᠢᠭ᠎ᠦᠨ ᠶᠠᠪᠤᠳᠠᠯ᠎ᠤᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠳᠤ ᠨᠡᠩ ᠰᠠᠢᠳᠤᠷ ᠦᠢᠯᠡᠴᠢᠯᠡᠨ ᠪᠠᠲᠤᠯᠠᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶᠢᠨ ᠬᠢᠨ ᠬᠢᠯᠢ ᠬᠢᠵᠠᠭᠠᠷ᠎ᠢ ᠦᠨᠡᠨᠴᠢ ᠱᠢᠳᠤᠷᠭᠤ᠎ᠪᠠᠷ ᠰᠠᠬᠢᠨ ᠬᠠᠮᠠᠭᠠᠯᠠᠵᠤ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠥᠬᠡᠶ ᠪᠠᠢᠵᠤ᠂ ᠴᠡᠷᠢᠭ᠎ᠦᠨ ᠶᠠᠪᠤᠳᠠᠯ᠎ᠤᠨ ᠡᠭᠦᠷᠭᠡ᠎ᠪᠡᠨ ᠰᠠᠢᠲᠤᠷ ᠪᠡᠶᠡᠯᠡᠭᠦᠯᠬᠦ᠌᠎ᠶᠢᠨ ᠬᠠᠮᠲᠤ ᠣᠷᠣᠨ ᠨᠤᠲᠤᠭ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠥᠩᠭᠡᠷᠡᠭ᠌ᠰᠡᠨ ᠎ᠲᠡᠶ᠎ᠪᠠᠨ ᠠᠳᠠᠯᠢ᠎ᠪᠠᠷ ᠬᠠᠯᠠᠮᠵᠢᠯᠠᠨ ᠳᠡᠮᠵᠢᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠴᠡᠷᠢᠭ ᠠᠩᠭᠢ ᠪᠠ ᠣᠷᠣᠨ ᠨᠤᠲᠤᠭ᠎ᠤᠨ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠦᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ