ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠸᠠᠩ ᠸᠧᠢ ᠵᠥᠩ ᠪᠤᠭᠤᠲᠤ ᠬᠣᠲᠠ᠎ᠳᠤ ᠪᠠᠢᠴᠠᠭᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ ᠨᠢ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ 《ᠠᠷᠪᠠᠨ ᠲᠠᠪᠤᠳᠤᠭᠠᠷ ᠲᠠᠪᠤᠨ ᠵᠢᠯ》᠎ᠦᠨ ᠰᠠᠢᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2026-01-07

1 ᠰᠠᠷ᠎ᠠ᠎ᠶ᠋ᠢᠨ 5 ᠡᠴᠡ 6 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠪᠤᠭᠤᠲᠤ ᠬᠤᠳᠠ᠎ᠳᠤ ᠪᠠᠢᠴᠠᠭᠠᠨ ᠰᠤᠳᠤᠯᠤᠯᠲᠠ ᠬᠢᠪᠡ᠃ ᠲᠡᠷᠡ᠂ ᠱᠢᠨ᠎ᠡ ᠨᠢᠭᠡᠨ ᠵᠢᠯ᠎ᠳᠦ ᠪᠤᠭᠤᠲᠤ ᠬᠣᠲᠠ᠎ᠶ᠋ᠢᠨ ᠬᠢᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠪᠣᠯᠤᠨ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠴᠠᠭ ᠮᠦᠴᠡ ᠲᠠᠢ ᠤᠷᠤᠯᠳᠤᠬᠤ ᠲᠤᠯᠭᠠᠮ ᠰᠡᠳᠭᠢᠯᠭᠡ᠎ᠪᠡᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠠᠬᠢᠷ ᠡᠪᠦᠯ᠎ᠦᠨ ᠤᠯᠠᠷᠢᠯ᠎ᠳᠤ᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ᠎ᠡᠴᠡ ᠪᠤᠭᠤᠲᠤ᠎ᠶᠢᠨ ᠬᠣᠲᠠ᠎ᠶᠢᠨ ᠲᠤᠭᠤᠷᠢᠭ ᠬᠦᠷᠲᠡᠯᠡᠬᠢ ᠪᠣᠬᠢᠷᠲᠤᠯ ᠥᠬᠡᠶ ᠤᠰᠤᠲᠥ᠋ᠷᠥᠭ᠌ᠴᠢ ᠎ᠳᠠᠮᠵᠢᠭᠤᠯᠬᠤ ᠤᠷᠳᠤ ᠬᠣᠭᠣᠯᠠᠶ᠎ᠶ᠋ᠢᠨ ᠢᠨᠵᠧᠨᠧᠷᠢᠩ᠎ᠤᠨ ᠲᠥᠷᠥᠯ ᠵᠦᠶ᠋ᠯ᠎ᠦᠨ ᠲᠤᠬᠠᠶ᠎ᠶ᠋ᠢᠨ ᠲᠠᠯᠠᠪᠠᠶ᠎ᠳᠤ ᠮᠥᠨ ᠬᠦ᠌ ᠬᠥᠷ ᠬᠥᠭ᠌ᠵᠢᠶᠡᠨ ᠎ᠲᠡᠶ ᠶᠠᠭᠠᠷᠠᠯᠲᠠᠶ ᠪᠠᠢᠯ᠎ᠠ᠂ ᠸᠠᠩ ᠸᠧᠶ ᠵᠥᠩ ᠡᠨᠳᠡ ᠢᠷᠡᠵᠦ᠍᠂ ᠲᠥᠷᠥᠯ ᠵᠦᠶ᠋ᠯ᠎ᠦᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ ᠵᠢᠴᠢ ᠡᠵᠡᠩᠨᠡᠯᠲᠡ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠪᠠ᠃ ᠲᠡᠷᠡ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠰᠠᠯᠬᠢᠨ ᠡᠨ᠋ᠸᠷᠬᠢ ᠬᠡᠷᠡᠯᠴᠢ ᠴᠡᠨᠡᠭ ᠤᠰᠤᠲᠥ᠋ᠷᠥᠭ᠌ᠴᠢ ᠦᠢᠯᠡᠳᠬᠦ ᠵᠡᠷᠭᠡ ᠠᠬᠤᠶ ᠪᠠᠢᠳᠠᠯ᠎ᠤᠨ ᠬᠡᠷᠡᠭ᠌ᠯᠡᠭᠡ᠎ᠶ᠋ᠢ ᠰᠠᠢᠲᠤᠷ ᠠᠳᠭᠤᠵᠤ᠂ ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌᠎ᠶ᠋ᠢ ᠶᠡᠬᠡ᠎ᠪᠡᠷ ᠠᠬᠢᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠤ᠂ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠶ᠃ ᠪᠥᠸᠧ ᠬᠠᠨ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠡᠨᠧᠷᠭᠢ ᠨᠥᠭᠡᠴᠡᠯᠡᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠲᠣᠭᠣᠷᠢᠭ᠎ᠲᠤ᠂ ᠸᠠᠩ ᠸᠧᠶ ᠵᠥᠩ ᠲᠥᠷᠥᠯ ᠵᠦᠶ᠋ᠯ᠎ᠦᠨ ᠠᠵᠢᠯᠯᠠᠭᠠᠨ᠎ᠤ ᠪᠠᠢᠳᠠᠯ ᠪᠣᠯᠤᠨ ᠲᠥᠬᠥᠭᠡᠷᠦᠮᠵᠢ᠎ᠶ᠋ᠢᠨ ᠦᠵᠡᠭᠦᠯᠭᠡ᠎ᠶ᠋ᠢ ᠨᠠᠷᠢᠨ ᠬᠢᠨᠠᠮᠠᠭᠠᠶ ᠪᠠᠢᠴᠠᠭᠠᠨ ᠦᠵᠡᠵᠦ᠍᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠢᠷᠡᠭᠡᠳᠦᠶ᠎ᠶ᠋ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨ᠎ᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠮᠡᠷᠭᠡᠵᠢᠯ᠎ᠦᠨ ᠲᠠᠰ ᠳᠡᠪᠱᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠲᠠᠰᠤᠷᠠᠯᠲᠠ ᠥᠬᠡᠶ ᠥᠷᠭᠡᠳᠭᠡᠭᠡᠷᠡᠢ ᠭᠡᠵᠦ᠍ ᠵᠣᠷᠢᠭ᠍ᠵᠢᠭᠤᠯᠪᠠ᠃ ᠪᠠᠢᠴᠠᠭᠠᠨ ᠰᠤᠳᠤᠯᠤᠯᠲᠠ᠎ᠶ᠋ᠢᠨ ᠬᠤᠭᠤᠴᠠᠭᠠᠨ᠎ᠳᠤ᠂ ᠸᠠᠩ ᠸᠧᠶ ᠵᠥᠩ ᠬᠣᠯᠪᠣᠭ᠍ᠳᠠᠯ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ᠎ᠲᠦ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠦᠶ᠋ᠯᠡᠴᠢᠯᠡᠭᠡ᠎ᠪᠡᠨ ᠰᠠᠢᠲᠤᠷ ᠬᠢᠵᠦ᠍᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠡᠶ ᠭᠦᠨᠵᠡᠭᠡᠶ ᠵᠣᠯᠭᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠲᠣᠭ᠍ᠲᠠᠪᠤᠷᠢᠲᠤ ᠴᠢᠨᠠᠷ᠎ᠢ ᠪᠠᠲᠤᠯᠠᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠶᠡᠬᠡ᠎ᠪᠡᠷ ᠪᠣᠶ ᠪᠣᠯᠭᠠᠵᠤ᠂ ᠡᠯ᠎ᠡ ᠲᠥᠷᠥᠯ᠎ᠦᠨ ᠠᠵᠤ ᠠᠬᠤᠢᠯᠠᠯ᠎ᠤᠨ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠬᠦ᠎ᠳᠤ ᠲᠠᠭᠠᠯᠠᠮᠵᠢᠲᠠᠶ᠂ ᠬᠥᠭ᠌ᠵᠢᠬᠦ᠎ᠳᠤ ᠰᠡᠳᠭᠢᠯ ᠠᠮᠤᠷ ᠪᠠᠢᠬᠤ᠎ᠶ᠋ᠢ ᠪᠠᠲᠤᠯᠠᠬᠤ ᠬᠡᠷᠡᠭᠲᠡᠢ ᠭᠡᠵᠦ ᠳᠠᠬᠢᠨ ᠳᠠᠪᠲᠠᠨ ᠵᠠᠬᠢᠪᠠ᠃

ᠴᠢᠩᠱᠠᠨ ᠲᠣᠭᠣᠷᠢᠭ᠎ᠤᠨ ᠴᠢᠯᠥᠭᠡᠲᠦ ᠵᠠᠮ᠎ᠤᠨ ᠬᠣᠶᠠᠳᠤᠭᠠᠷ ᠨᠣᠮᠧᠷᠲᠤ ᠵᠡᠭᠡᠯᠢ ᠭᠤᠳᠤᠮᠵᠢ᠎ᠳᠤ᠂ ᠸᠠᠩ ᠸᠧᠢ ᠵᠦᠩ ᠨᠡᠢᠭᠡᠮ ᠲᠣᠭᠣᠷᠢᠭ᠎ᠤᠨ ᠬᠣᠭᠣᠯᠠᠨ ᠭᠡᠷ᠂ ᠲᠡᠦᠬᠡ ᠰᠣᠶᠣᠯ᠎ᠤᠨ ᠦᠵᠡᠭᠦᠯᠭᠡ᠎ᠶ᠋ᠢᠨ ᠲᠢᠩᠬᠢᠮ᠂ ᠭᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ᠎ᠢ ᠠᠰᠠᠷᠠᠬᠤ ᠦᠢᠯᠡᠴᠢᠯᠡᠭᠡᠨ᠎ᠦ ᠲᠥᠪ ᠵᠡᠷᠭᠡ ᠲᠠᠯᠠᠪᠤᠷ ᠭᠠᠵᠠᠷ᠎ᠢᠶᠠᠷ ᠬᠦᠷᠴᠦ᠍᠂ ᠦᠨᠳᠦᠰᠦᠨ ᠱᠠᠲᠤᠨ᠎ᠤ ᠺᠠᠳ᠋ᠷ ᠪᠣᠯᠤᠨ ᠤᠯᠠᠨ ᠲᠦᠮᠡᠨ᠎ᠲᠡᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠤᠯᠠᠨ᠎ᠤ ᠠᠵᠢᠯ ᠠᠮᠢᠳᠤᠷᠠᠯ᠎ᠤᠨ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠨᠡᠢᠭᠡᠮ ᠲᠣᠭᠣᠷᠢᠭ᠎ᠤᠨ ᠠᠵᠢᠯ ᠨᠢ ᠲᠦᠭ ᠲᠦᠮᠡᠨ ᠠᠢᠯ ᠡᠷᠦᠬᠡ᠎ᠳ᠋ᠤ ᠬᠣᠯᠪᠣᠭ᠍ᠳᠠᠵᠤ ᠪᠠᠢᠳᠠᠭ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠭᠢᠯ ᠲᠠᠯᠪᠢᠵᠤ ᠬᠦᠴᠦ᠍ ᠣᠷᠣᠭᠤᠯᠤᠨ ᠰᠠᠢᠲᠤᠷ ᠬᠢᠵᠦ᠍᠂ ᠦᠢᠯᠡᠴᠢᠯᠡᠭᠡ᠎ᠶ᠋ᠢᠨ ᠨᠠᠷᠢᠯᠢᠬ᠍ᠵᠢᠭᠤᠯᠤᠭᠰᠠᠨ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠤᠯᠠᠨ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠵᠤ᠂ ᠨᠠᠰᠤᠵᠢᠯ᠎ᠤᠨ ᠦᠢᠯᠡᠴᠢᠯᠡᠭᠡᠨ᠎ᠦ ᠠᠵᠤ ᠦᠢᠯᠡᠰ᠎ᠢ ᠲᠦᠷᠭᠡᠨ ᠤᠬᠠᠭᠠᠯᠠᠨ ᠲᠦᠯᠦᠪᠯᠡᠵᠦ ᠬᠥᠭ᠌ᠵᠢᠭᠦᠯᠵᠦ᠍᠂ ᠤᠯᠠᠨ ᠶᠠᠩᠵᠤ᠎ᠶ᠋ᠢᠨ ᠨᠠᠰᠤᠵᠢᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠨᠠᠰᠤᠲᠠᠢᠴᠤᠳ᠎ᠢ ᠵᠣᠯ ᠵᠢᠷᠭᠠᠯ᠎ᠲᠠᠶ᠎ᠪᠠᠷ ᠥᠲᠡᠯᠦᠭᠡ ᠨᠠᠰᠤ ᠎ᠪᠠᠨ ᠥᠩᠭᠡᠷᠡᠭᠡᠬᠦ ᠪᠣᠯᠭᠠᠬᠤ ᠬᠡᠷᠡᠭ᠌ᠲᠡᠢ᠃ ᠨᠡᠢᠭᠡᠮ ᠲᠣᠭᠣᠷᠢᠭ᠎ᠤᠨ ᠺᠠᠳ᠋ᠷ᠎ᠢ ᠬᠠᠯᠠᠮᠵᠢᠯᠠᠨ ᠬᠠᠢᠷᠠᠯᠠᠵᠤ᠂ ᠤᠷᠮᠠᠱᠢᠭᠤᠯᠤᠯ ᠪᠠ ᠪᠠᠲᠤᠯᠠᠭ᠎ᠠ᠎ᠶ᠋ᠢ ᠴᠢᠩᠭᠠᠳᠭᠠᠵᠤ᠂ ᠲᠡᠳᠡᠨ᠎ᠤ ᠨᠢᠭᠡ ᠰᠡᠳᠭᠢᠯ ᠨᠢᠭᠡ ᠵᠣᠷᠢᠭ᠎ᠢᠶᠠᠷ ᠨᠡᠢᠭᠡᠮ ᠲᠣᠭᠣᠷᠢᠭ᠎ᠲᠤ ᠦᠨᠳᠦᠰᠦᠯᠡᠵᠦ᠍᠂ ᠨᠢᠭᠡ ᠰᠡᠳᠭᠢᠯ᠎ᠢᠶᠡᠷ ᠦᠢᠯᠡᠴᠢᠯᠡᠭᠦ ᠵᠢ ᠪᠠᠲᠤᠯᠠᠬᠤ ᠬᠡᠷᠡᠭ᠌ᠲᠡᠢ ᠭᠡᠵᠡᠢ᠃

ᠢᠦᠢ ᠯᠢ ᠱᠢᠨ᠂ ᠴᠧᠨ ᡁᠢ ᠴᠠᠩ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ