ᠮᠠᠨᠵᠤᠤᠷ ᠪᠣᠭᠣᠮᠲᠠ᠎ᠶᠢᠨ ᠪᠦᠷᠢᠳᠬᠡᠯ᠎ᠢ ᠦᠨᠳᠦᠰᠦᠯᠡᠪᠡᠯ᠄ ᠡᠨᠡ ᠵᠢᠯ᠎ᠦᠨ ᠲᠦᠷᠦᠭᠦᠸ᠋ 8 ᠰᠠᠷ᠎ᠠ᠎ᠳᠤ᠂ ᠮᠠᠨᠵᠤᠤᠷ᠎ᠤᠨ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠪᠠᠷ ᠳᠠᠮᠤᠨ ᠮᠠᠰᠢᠨ ᠲᠡᠷᠭᠡ᠎ᠶᠢ 3291 ᠭᠠᠷᠭᠠᠵᠤ᠂ ᠠᠳᠠᠯᠢ ᠬᠤᠭᠤᠴᠠᠭᠠᠨ᠎ᠤ ᠬᠢ᠎ᠡᠴᠡ 1.39 ᠳᠠᠬᠢᠨ᠎ᠢᠶᠠᠷ ᠨᠡᠮᠡᠭᠳᠡᠵᠡᠢ᠃
2019 ᠣᠨ᠎ᠠᠴᠠ ᠮᠠᠨ᠎ᠤ ᠤᠯᠤᠰ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠲᠤᠷᠰᠢᠯᠲᠠ᠎ᠶᠢᠨ ᠴᠡᠭ᠎ᠦᠨ ᠠᠵᠢᠯ᠎ᠢ ᠡᠬᠢᠯᠡᠭᠦᠯᠦᠭᠰᠡᠨ᠎ᠡᠴᠡ ᠨᠠᠭᠠᠰᠢ᠂ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠶᠠᠪᠤᠳᠠᠯ ᠠᠭᠠᠵᠢᠮ᠎ᠢᠶᠠᠷ ᠭᠠᠳᠠᠭᠠᠳᠤ ᠠᠷᠠᠯᠵᠢᠶᠠᠨ᠎ᠤ ᠭᠠᠳᠠᠭᠠᠳᠤ ᠭᠠᠷᠭᠠᠯᠲᠠ᠎ᠶᠢᠨ ᠰᠢᠨ᠎ᠡ ᠨᠡᠮᠡᠭᠳᠡᠯ ᠴᠡᠭ ᠪᠣᠯᠪᠠ᠃ ᠮᠠᠨ᠎ᠤ ᠤᠯᠤᠰ᠎ᠤᠨ ᠬᠠᠮᠤᠭ᠎ᠤᠨ ᠶᠡᠬᠡ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ ᠪᠣᠯᠤᠭᠰᠠᠨ᠎ᠤ ᠬᠤᠪᠢ᠎ᠳᠤ᠂ ᠣᠢᠷ᠎ᠠ᠎ᠶᠢᠨ ᠵᠢᠯ᠎ᠦᠳ᠎ᠲᠦ ᠮᠠᠨᠵᠤᠤᠷ᠎ᠤᠨ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠳᠤ ᠳᠠᠮᠤᠨ ᠮᠠᠰᠢᠨ ᠲᠡᠷᠭᠡᠨ᠎ᠦ ᠬᠢᠯᠢ ᠠᠯᠤᠰᠯᠠᠭᠰᠠᠨ ᠪᠣᠷᠤᠯᠠᠭᠤᠯᠭ᠎ᠠ᠎ᠶᠢᠨ ᠥᠷᠨᠢᠯᠲᠡ ᠭᠠᠷᠴᠠᠢ᠃ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠲᠤᠬᠠᠢᠯᠠᠭᠰᠠᠨ ᠠᠵᠢᠯ᠎ᠤᠨ ᠤᠷᠤᠭᠰᠢᠲᠠᠢ ᠶᠠᠪᠤᠭᠳᠠᠬᠤ᠎ᠶᠢ ᠳᠡᠮᠵᠢᠬᠦ᠎ᠶᠢᠨ ᠲᠥᠯᠥᠭᠡ᠂ ᠮᠠᠨᠵᠤᠤᠷ ᠪᠣᠭᠣᠮᠲᠠ᠎ᠶᠢᠨ ᠬᠠᠷᠢᠶ᠎ᠠ ᠮᠠᠨᠵᠤᠤᠷ᠎ᠤᠨ ᠱᠢ ᠪᠠ ᠯᠢ ᠪᠣᠭᠣᠮᠲᠠ᠎ᠶᠢᠨ ᠬᠢᠨ ᠠᠵᠤ ᠠᠬᠤᠢᠯᠠᠯ᠎ᠢ ᠵᠢᠭᠠᠨ ᠵᠢᠯᠣᠭᠣᠳᠤᠭᠠᠳ ᠭᠠᠳᠠᠭᠠᠳᠤ᠎ᠳᠠᠬᠢ ᠲᠦᠯᠡᠰᠢᠨᠦ ᠮᠠᠰᠢᠨ ᠲᠡᠷᠭᠡ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠮᠡᠷᠭᠡᠵᠢᠯ᠎ᠦᠨ ᠠᠷᠠᠯᠵᠢᠶᠠᠨ᠎ᠤ ᠱᠠᠭᠠᠷᠳᠠᠯᠭ᠎ᠠ᠎ᠶᠢ ᠭᠦᠢᠴᠡᠳ ᠣᠢᠯᠠᠭᠠᠭᠤᠯᠪᠠ᠃ ᠡᠭᠦᠨ᠎ᠦ ᠬᠠᠮᠲᠤ᠂ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠦᠢᠯᠡᠴᠢᠯᠡᠭᠡᠨ᠎ᠦ ᠲᠤᠰᠬᠠᠢ ᠠᠵᠢᠯ᠎ᠤᠨ ᠪᠠᠢᠷᠢ ᠭᠠᠷᠭᠠᠵᠤ᠂ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠳᠤ ᠪᠣᠭᠣᠮᠲᠠ᠎ᠪᠠᠷ ᠥᠩᠭᠡᠷᠡᠬᠦ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ ᠬᠠᠩᠭᠠᠵᠤ᠂ ᠠᠵᠤ ᠠᠬᠤᠢᠯᠠᠯ᠎ᠤᠨ ᠭᠠᠳᠠᠭᠠᠳᠤ᠎ᠳᠤ ᠭᠠᠷᠭᠠᠬᠤ᠎ᠪᠠᠷ ᠭᠤᠶᠤᠴᠢᠯᠠᠨ ᠮᠡᠳᠡᠭᠦᠯᠬᠦ ᠠᠵᠢᠯ᠎ᠢ ᠵᠢᠷᠤᠮᠵᠢᠭᠤᠯᠤᠨ᠂ 《ᠤᠷᠢᠳᠴᠢᠯᠠᠨ ᠭᠤᠶᠤᠴᠢᠯᠠᠵᠤ ᠮᠡᠳᠡᠭᠦᠯᠬᠦ᠂ ᠤᠷᠢᠳ᠎ᠢᠶᠠᠷ ᠳᠠᠩᠰᠠ ᠬᠢᠨᠠᠬᠤ᠂ ᠪᠣᠯᠵᠣᠵᠤ ᠪᠠᠢᠴᠠᠭᠠᠨ ᠰᠢᠯᠭᠠᠬᠤ》 ᠵᠡᠷᠭᠡ ᠳᠥᠭᠥᠮᠯᠡᠬᠦ ᠠᠷᠭ᠎ᠠ ᠬᠡᠮᠵᠢᠶ᠎ᠡ᠎ᠶᠢ ᠬᠠᠮ ᠬᠡᠷᠡᠭᠵᠢᠭᠦᠯᠵᠦ᠂ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ᠎ᠶᠢᠨ ᠪᠣᠭᠣᠮᠲᠠ ᠥᠩᠭᠡᠷᠡᠬᠦ ᠴᠠᠭ᠎ᠢ ᠨᠢ ᠠᠯᠬᠤᠮ ᠠᠯᠬᠤᠮ᠎ᠢᠶᠠᠷ ᠪᠠᠭᠠᠰᠬᠠᠪᠠ᠃
《ᠬᠢᠯᠢ᠎ᠶᠢᠨ ᠭᠠᠳᠠᠨᠠᠬᠢ ᠬᠡᠷᠡᠭᠯᠡᠭᠴᠢᠳ 〈ᠳᠤᠮᠳᠠᠳᠤ ᠤᠯᠤᠰ᠎ᠲᠤ ᠦᠢᠯᠡᠳᠦᠭᠰᠡᠨ〉 ᠮᠠᠰᠢᠨ ᠲᠡᠷᠭᠡ᠎ᠶᠢ ᠤᠯᠠᠮ᠎ᠠᠴᠠ ᠤᠯᠠᠮ ᠮᠡᠳᠡᠷᠡᠬᠦ᠎ᠶᠢ ᠳᠠᠭᠠᠯᠳᠤᠨ᠂ ᠪᠢᠳᠡᠨ᠎ᠦ ᠵᠠᠬᠢᠶᠠᠯᠠᠭ᠎ᠠ ᠴᠤ᠌ ᠤᠯᠠᠮ᠎ᠢᠶᠠᠷ ᠨᠡᠮᠡᠭᠳᠡᠵᠦ ᠪᠠᠢᠨ᠎ᠠ᠃ ᠡᠭᠦᠨ᠎ᠦ ᠵᠡᠷᠭᠡ᠎ᠳᠦ᠂ ᠤᠯᠤᠰ᠎ᠠᠴᠠ ᠳᠠᠮᠤᠨ ᠮᠠᠰᠢᠨ ᠲᠡᠷᠭᠡ᠎ᠶᠢ ᠭᠠᠳᠠᠭᠠᠳᠤ᠎ᠳᠤ ᠭᠠᠷᠭᠠᠬᠤ ᠲᠥᠷᠥ᠎ᠶᠢᠨ ᠪᠣᠳᠣᠯᠭ᠎ᠠ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠭᠣᠮᠲᠠ᠎ᠶᠢᠨ ᠬᠢᠨᠠᠨ ᠬᠠᠮᠢᠶᠠᠷᠬᠤ ᠦᠢᠯᠡᠴᠢᠯᠡᠭᠡ ᠴᠦ᠍ ᠲᠠᠰᠤᠷᠠᠯᠲᠠ ᠦᠭᠡᠢ ᠰᠢᠯᠢᠳᠡᠭᠵᠢᠨ ᠳᠡᠰ ᠳᠠᠪᠰᠢᠵᠤ᠂ ᠪᠢᠳᠡ ᠴᠦ᠍ ᠤᠯᠤᠰ᠎ᠤᠨ ᠭᠠᠳᠠᠭᠠᠳᠤ᠎ᠳᠠᠬᠢ ᠵᠠᠬ᠎ᠠ ᠳᠡᠯᠭᠡᠭᠦᠷ᠎ᠢ ᠨᠡᠭᠡᠭᠡᠬᠦ᠎ᠳᠦ ᠲᠤᠢᠯ᠎ᠤᠨ ᠶᠡᠬᠡ ᠢᠲᠡᠭᠡᠯ ᠲᠡᠢ ᠪᠣᠯᠣᠭᠰᠠᠨ ᠪᠠᠢᠨ᠎ᠠ᠃ ᠪᠢᠳᠡ ᠲᠦᠷᠦ᠎ᠶᠢᠨ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠵᠤ᠂ ᠳᠤᠮᠳᠠᠳᠤ ᠤᠯᠤᠰ᠎ᠤᠨ ᠳᠠᠮᠤᠨ ᠮᠠᠰᠢᠨ ᠲᠡᠷᠭᠡ᠎ᠪᠡᠨ ᠨᠡᠩ ᠥᠷᠭᠡᠨ ᠠᠭᠤᠳᠠᠮ ᠭᠠᠳᠠᠭᠠᠳᠤ᠎ᠶᠢᠨ ᠵᠠᠬ᠎ᠠ ᠳᠡᠯᠭᠡᠭᠦᠷ᠎ᠲᠦ ᠣᠷᠣᠭᠤᠯᠬᠤ᠎ᠶᠢ ᠠᠬᠢᠭᠤᠯᠤᠨ᠎ᠠ》 ᠭᠡᠵᠦ ᠮᠠᠨᠵᠤᠤᠷ᠎ᠤᠨ ᠪᠥᠸᠧ ᠢᠦᠢ ᠪᠠᠷᠠᠭ᠎ᠠ ᠲᠡᠭᠡᠭᠡᠪᠦᠷᠢ᠎ᠶᠢᠨ ᠣᠷᠣᠯᠠᠨ ᠭᠦᠢᠴᠡᠳᠬᠡᠬᠦ ᠬᠢᠵᠠᠭᠠᠷᠲᠤ ᠺᠣᠮᠫᠠᠨᠢ᠎ᠶᠢᠨ ᠬᠠᠷᠢᠭᠤᠴᠠᠯᠭᠠᠲᠠᠨ ᠰᠦᠩ ᠵᠢᠶᠧ ᠬᠡᠯᠡᠪᠡ᠃