ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠡᠷᠢᠶᠡᠨ ᠬᠣᠲᠠ᠎ᠶᠢᠨ ᠬᠢᠯᠢ᠎ᠶ᠋ᠢᠨ ᠪᠣᠭᠣᠮᠲᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠠᠸᠠᠷ᠎ᠢ 《ᠳᠠᠷᠠᠭ᠎ᠠ ᠡᠳᠦᠷ ᠨᠢ ᠭᠠᠷᠳᠠᠭᠤᠯᠬᠤ》᠎ᠶᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-10-17

10 ᠳ᠋ᠤᠭᠠᠷ ᠰᠠᠷ᠎ᠠ᠎ᠶᠢᠨ 15 ᠎ᠤ ᠡᠳᠦᠷ᠎ᠦᠨ ᠦᠳᠡ᠎ᠶᠢᠨ ᠡᠮᠦᠨ᠎ᠡ᠂ ᠡᠷᠢᠶᠡᠨ ᠬᠣᠲᠠ᠎ᠶᠢᠨ ᠱᠢᠶᠠᠩ ᠪᠧᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ᠎ᠳᠤ᠂ ᠠᠵᠢᠯᠲᠠᠳ ᠵᠢᠵᠢᠭ ᠲᠠᠸᠠᠷ᠎ᠤᠳ᠎ᠢ ᠮᠠᠱᠢᠨ᠎ᠢᠶᠠᠷ ᠬᠢᠨᠠᠮᠠᠭᠠᠢ ᠱᠢᠯᠭᠠᠨ ᠪᠠᠢᠴᠠᠭᠠᠵᠤ ᠪᠠᠢᠪᠠ᠂ ᠡᠲᠡᠭᠡᠷ ᠪᠣᠭᠣᠳᠠᠯ᠎ᠤᠳ᠎ᠢ ᠤᠳᠠᠯ ᠦᠭᠡᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠤᠷᠢᠶᠠᠮᠵᠢᠯᠠᠨ ᠠᠪᠴᠤ᠌ ᠢᠯᠡᠭᠡᠬᠦ ᠲᠠᠪᠴᠠᠩ᠎ᠢᠶᠠᠷ ᠮᠣᠩᠭᠣᠯ ᠤᠯᠤᠰ᠎ᠲᠤ ᠶᠠᠪᠤᠭᠤᠯᠵᠤ᠂ ᠳᠠᠷᠠᠭ᠎ᠠ ᠡᠳᠦᠷ ᠨᠢ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠶᠢᠨ ᠬᠡᠷᠡᠭᠯᠡᠭᠴᠢᠳ᠎ᠤᠨ ᠭᠠᠷ᠎ᠲᠤ ᠭᠠᠷᠳᠠᠭᠤᠯᠬᠤ ᠪᠣᠯᠣᠨ᠎ᠠ᠃

ᠠᠵᠢᠯᠲᠠᠨ᠎ᠤ ᠲᠠᠨᠢᠯᠴᠠᠭᠤᠯᠤᠭᠰᠠᠨ᠎ᠢᠶᠠᠷ᠂ ᠡᠨᠡ ᠬᠦ᠌ ᠲᠠᠪᠴᠠᠩ ᠨᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠳᠤ ᠪᠣᠭᠣᠳᠠᠯ ᠪᠠᠭᠯᠠᠭ᠎ᠠ᠎ᠶᠢ ᠬᠤᠷᠢᠶᠠᠮᠵᠢᠯᠠᠨ ᠠᠪᠴᠤ᠌ ᠭᠦᠢᠴᠡᠳᠭᠡᠬᠦ᠌᠂ ᠭᠠᠳᠠᠭᠠᠳᠤ᠎ᠳᠦ ᠶᠠᠪᠤᠭᠤᠯᠬᠤ᠎ᠪᠠᠷ ᠭᠤᠶᠤᠴᠢᠯᠠᠨ ᠮᠡᠳᠡᠭᠦᠯᠬᠦ᠂ ᠣᠯᠠᠨ ᠤᠯᠤᠰ᠎ᠤᠨ ᠬᠠᠭᠤᠷᠠᠢ ᠵᠠᠮ᠎ᠢᠶᠠᠷ ᠲᠡᠭᠡᠭᠡᠪᠦᠷᠢᠯᠡᠬᠦ᠌᠂ ᠬᠢᠯᠢ᠎ᠶᠢᠨ ᠭᠠᠳᠠᠨᠠᠬᠢ ᠪᠣᠭᠣᠮᠲᠠ᠎ᠶ᠋ᠢᠨ ᠭᠠᠷᠲᠠᠮ ᠭᠦᠢᠴᠡᠳᠭᠡᠬᠦ᠌ ᠵᠢᠴᠢ ᠬᠠᠮᠤᠭ᠎ᠤᠨ ᠡᠴᠦᠰ᠎ᠦᠨ ᠲᠣᠬᠢᠷᠠᠭᠤᠯᠤᠨ ᠬᠦᠷᠭᠡᠬᠦ ᠵᠡᠷᠭᠡ ᠭᠣᠭ᠍ᠴᠣᠭ᠎ᠠ᠎ᠶ᠋ᠢ ᠬᠠᠮᠤᠷᠤᠭᠰᠠᠨ ᠪᠥᠬᠥ ᠴᠣᠪᠣᠷᠠᠯ᠎ᠤᠨ ᠦᠢᠯᠡᠴᠢᠯᠡᠭᠡ ᠬᠠᠩᠭᠠᠵᠤ᠂ ᠮᠣᠩᠭᠣᠯ ᠤᠯᠤᠰ᠎ᠤᠨ ᠬᠤᠳᠠᠯᠳᠤᠨ ᠠᠪᠤᠭ᠍ᠴᠢᠳ ᠪᠠ ᠤᠯᠤᠰ᠎ᠤᠨ ᠳᠣᠲᠣᠭᠠᠳᠤ᠎ᠶᠢᠨ ᠬᠤᠳᠠᠯᠳᠤᠭᠠᠴᠢᠳ᠎ᠲᠤ ᠨᠠᠢᠳᠠᠪᠤᠷᠢᠲᠠᠢ ᠪᠠᠷᠠᠭᠠᠨ᠎ᠤ ᠭᠦᠢᠯᠭᠡᠭᠡᠨ᠎ᠦ ᠪᠠᠲᠤᠯᠠᠭ᠎ᠠ ᠬᠠᠩᠭᠠᠭᠰᠠᠨ ᠪᠠᠢᠨ᠎ᠠ᠃ 

ᠡᠷᠢᠶᠡᠨ ᠬᠣᠲᠠ᠎ᠶᠢᠨ ᠱᠢᠶᠠᠩ ᠪᠧᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ᠎ᠶᠢᠨ ᠠᠬᠤᠢ ᠲᠠᠯᠠᠪᠠᠶ᠎ᠳᠠᠬᠢ ᠠᠵᠢᠯᠯᠠᠭ᠍ᠴᠢ ᠶᠢᠨ ᡁᠢ ᠬᠤᠢ ᠰᠤᠷᠪᠤᠯᠵᠢᠯᠠᠭ᠍ᠴᠢ᠎ᠳᠤ ᠬᠡᠯᠡᠬᠦ᠎ᠳᠤ᠎ᠪᠠᠨ᠄ 《ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶ᠎ᠠ ᠥᠩᠭᠡᠷᠡᠭᠰᠡᠨ᠎ᠳᠦ ᠳᠡᠮᠡᠢ ᠠᠷᠪᠢᠨ ᠦᠭᠡᠢ ᠪᠠᠢᠭᠰᠠᠨ᠂ ᠣᠲᠣ᠌ ᠦᠨᠳᠦᠰᠦᠨ᠎ᠳᠤ᠎ᠪᠠᠨ ᠬᠣᠶᠠᠷ ᠡᠳᠦᠷ᠎ᠲᠦ ᠨᠢᠭᠡ ᠲᠡᠷᠭᠡ ᠠᠴᠢᠶᠠᠯᠠᠨ ᠶᠠᠪᠤᠬᠤ ᠪᠣᠯᠵᠠᠢ᠃ ᠡᠳᠡᠭᠡᠷ ᠲᠠᠸᠠᠷ᠎ᠤᠨ ᠬᠡᠮᠵᠢᠶ᠎ᠡ ᠨᠢ ᠤᠯᠠᠮ᠎ᠠᠴᠠ ᠤᠯᠠᠮ ᠠᠷᠪᠢᠨ ᠪᠣᠯᠵᠤ ᠪᠠᠢᠨ᠎ᠠ᠃ ᠲᠠᠸᠠᠷ ᠬᠦᠷᠴᠦ ᠢᠷᠡᠭᠰᠡᠨ᠎ᠦ ᠳᠠᠷᠠᠭ᠎ᠠ ᠪᠢᠳᠡ ᠲᠡᠷᠡ ᠳᠠᠷᠤᠢ᠎ᠳᠤ ᠨᠢ ᠺᠣᠳ᠋ ᠱᠢᠷᠪᠢᠨ ᠬᠥᠮᠥᠷᠭᠡ᠎ᠳᠦ ᠣᠷᠣᠭᠤᠯᠵᠤ᠂ ᠪᠣᠭᠣᠮᠲᠠ᠎ᠶ᠋ᠢᠨ ᠬᠢᠨ ᠬᠢᠨᠠᠨ ᠬᠠᠮᠢᠶᠠᠷᠬᠤ ᠲᠠᠯᠠᠪᠤᠷ ᠭᠠᠵᠠᠷ᠎ᠲᠤ ᠬᠥᠮᠥᠨ ᠲᠣᠮᠢᠯᠠᠨ ᠣᠴᠢᠭᠤᠯᠵᠤ ᠪᠠᠢᠴᠠᠭᠠᠨ ᠱᠢᠯᠭᠠᠵᠤ᠂ ᠡᠳᠡᠭᠡᠷ ᠲᠠᠸᠠᠷ᠎ᠤᠳ᠎ᠢ ᠲᠦᠷᠭᠡᠨ ᠣᠷᠣᠭᠤᠯᠵᠤ ᠲᠦᠷᠭᠡᠨ ᠭᠠᠷᠭᠠᠨ᠂ ᠠᠯᠢ ᠲᠦᠷᠭᠡᠨ᠎ᠢᠶᠠᠷ ᠬᠤᠳᠠᠯᠳᠤᠨ ᠠᠪᠤᠭ᠍ᠴᠢ᠎ᠳᠤ ᠭᠠᠷᠳᠠᠭᠤᠯᠬᠤ᠎ᠪᠠᠷ ᠴᠢᠷᠮᠠᠢᠵᠤ ᠪᠠᠢᠨ᠎ᠠ》 ᠭᠡᠵᠡᠢ᠃ 

ᠡᠷᠢᠶᠡᠨ ᠬᠣᠲᠠ᠎ᠶᠢᠨ ᠬᠢᠯᠢ᠎ᠶᠢᠨ ᠪᠣᠭᠣᠮᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠣᠯᠠᠨ ᠤᠯᠤᠰ᠎ᠤᠨ ᠲᠡᠭᠡᠭᠡᠪᠦᠷᠢ᠎ᠶᠢᠨ ᠴᠥᠷᠬᠥᠯᠡᠭᠡ ᠵᠠᠮ᠎ᠢ ᠨᠡᠪᠲᠡᠷᠡᠭᠦᠯᠦᠭᠰᠡᠨ᠎ᠦ ᠳᠠᠷᠠᠭ᠎ᠠ᠂ ᠪᠠᠷᠠᠭᠠᠨ᠎ᠤ ᠭᠦᠢᠯᠭᠡᠭᠡ᠎ᠶ᠋ᠢᠨ ᠬᠢᠨ ᠲᠠᠸᠠᠷ᠎ᠤᠳ᠎ᠢ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠦᠪᠯᠡᠷᠡᠭᠦᠯᠵᠦ᠍ ᠬᠤᠪᠢᠶᠠᠷᠢᠯᠠᠬᠤ ᠲᠥᠪ᠎ᠲᠦ ᠨᠢᠭᠡᠳᠦᠯᠲᠡᠢ ᠲᠡᠭᠡᠭᠡᠪᠦᠷᠢᠯᠡᠨ ᠬᠦᠷᠭᠡᠬᠦ᠌ ᠪᠣᠯᠵᠠᠢ᠃ ᠡᠨᠳᠡ ᠪᠣᠭᠣᠮᠲᠠ᠎ᠳᠤ ᠮᠡᠳᠡᠭᠦᠯᠬᠦ᠂ ᠪᠠᠢᠴᠠᠭᠠᠨ ᠰᠢᠯᠭᠠᠬᠤ ᠵᠡᠷᠭᠡ ᠠᠯᠢ ᠣᠯᠠᠨ ᠴᠣᠪᠣᠷᠠᠯ᠎ᠢ ᠪᠡᠶᠡᠯᠡᠭᠦᠯᠦᠭ᠌ᠰᠡᠨ᠎ᠦ ᠳᠠᠷᠠᠭ᠎ᠠ᠂ ᠲᠠᠸᠠᠷ᠎ᠢ ᠬᠢᠯᠢ᠎ᠶ᠋ᠢᠨ ᠪᠣᠭᠣᠮᠲᠠ᠎ᠶ᠋ᠢᠨ ᠲᠤᠰᠭᠠᠢ ᠬᠠᠷᠢᠶᠠᠯᠠᠭ᠍ᠳᠠᠬᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠡᠭᠡᠭᠡᠪᠦᠷᠢ᠎ᠶᠢᠨ ᠲᠤᠰᠬᠠᠢ ᠱᠤᠭᠤᠮ᠎ᠢᠶᠠᠷ ᠳᠠᠷᠤᠢᠬᠠᠨ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠳᠤ ᠰᠢᠭᠤᠳ ᠶᠠᠪᠤᠭᠤᠯᠬᠤ ᠪᠣᠯᠣᠨ᠎ᠠ᠃ 

《ᠳᠤᠮᠳᠠᠳᠤ ᠤᠯᠤᠰ — ᠮᠣᠩᠭᠣᠯ ᠤᠯᠤᠰ》᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠣᠯᠠᠨ ᠤᠯᠤᠰ᠎ᠤᠨ ᠲᠡᠭᠡᠭᠡᠪᠦᠷᠢ᠎ᠶᠢᠨ ᠴᠥᠷᠬᠡᠯᠡᠭᠡ ᠵᠠᠮ᠎ᠢ ᠨᠡᠪᠲᠡᠷᠡᠭᠦᠯᠦᠭᠰᠡᠨ᠎ᠡᠴᠡ ᠨᠠᠭᠠᠰᠢ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠳᠤ 50%᠎ᠡᠴᠡ ᠳᠡᠭᠡᠭᠰᠢᠬᠢ ᠲᠡᠭᠡᠭᠡᠪᠦᠷᠢ᠎ᠶᠢᠨ ᠴᠠᠭ ᠪᠠ ᠵᠠᠷᠤᠳᠠᠯ᠎ᠢ ᠨᠢ ᠠᠷᠪᠢᠯᠠᠵᠤ ᠥᠭ᠌ᠴᠡᠢ᠃ ᠤᠯᠤᠰ᠎ᠤᠨ ᠳᠣᠲᠣᠭᠠᠳᠤ᠎ᠶᠢᠨ ᠡᠯ᠎ᠡ ᠭᠠᠵᠠᠷ᠎ᠤᠨ ᠲᠠᠸᠠᠷ᠎ᠦᠳ᠎ᠢ ᠡᠷᠢᠶᠡᠨ ᠬᠣᠲᠠ᠎ᠳᠤ ᠲᠦᠪᠯᠡᠷᠡᠭᠦᠯᠵᠦ᠍ ᠬᠤᠪᠢᠶᠠᠷᠢᠯᠠᠭ᠍ᠰᠠᠨ᠎ᠤ ᠳᠠᠷᠠᠭ᠎ᠠ᠂ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠳᠤ ᠨᠢᠭᠡᠳᠦᠯᠲᠡᠢ ᠶᠠᠪᠤᠭᠤᠯᠵᠤ᠂ ᠬᠢᠯᠢ ᠠᠯᠤᠰᠯᠠᠭᠰᠠᠨ ᠠᠷᠠᠯᠵᠢᠶᠠᠨ᠎ᠤ ᠦᠷ᠎ᠡ ᠪᠦᠲᠦᠮᠵᠢ᠎ᠶᠢ ᠢᠯᠡᠳᠲᠡ ᠳᠡᠭᠡᠭᠰᠢᠯᠡᠭᠦᠯᠦᠭᠰᠡᠨ ᠪᠠᠢᠨ᠎ᠠ᠃ ᠣᠳᠣᠬᠠᠨ᠎ᠳᠤ᠂ ᠡᠷᠢᠶᠡᠨ ᠬᠣᠲᠠ᠎ᠶᠢᠨ ᠡᠳᠦᠷ ᠳᠤᠮᠳᠠᠴᠢ᠎ᠶᠢᠨ ᠢᠯᠡᠭᠡᠨ ᠬᠦᠷᠭᠡᠵᠦ ᠪᠠᠢᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠪᠣᠭᠣᠳᠠᠯ᠎ᠤᠨ ᠬᠡᠮᠵᠢᠶ᠎ᠡ 5000᠎ᠳᠦ ᠬᠦᠷᠴᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠲᠠᠸᠠᠷ᠎ᠤᠨ 《ᠳᠠᠷᠠᠭ᠎ᠠ ᠡᠳᠦᠷ ᠨᠢ ᠭᠠᠷᠳᠠᠭᠤᠯᠬᠤ》᠎ᠶᠢ ᠦᠨᠡᠨ ᠬᠦ᠌ ᠪᠡᠶᠡᠯᠡᠭᠦᠯᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ