11 ᠳ᠋ᠦ᠍ᠭᠡᠷ ᠰᠠᠷ᠎ᠠ᠎ᠶᠢᠨ 12 ᠤᠨ ᠡᠳᠦᠷ᠂ 《ᠪᠣᠬᠢᠷᠲᠤᠯ ᠦᠭᠡᠢ ᠰᠢᠨ᠎ᠡ ᠠᠮᠢ ᠠᠬᠤᠢ᠎ᠶᠢ ᠴᠣᠭᠴᠠᠯᠠᠬᠤ》᠎ᠪᠠᠷ ᠭᠣᠣᠯ ᠰᠡᠳᠦᠪ ᠪᠣᠯᠭᠠᠭᠰᠠᠨ ᠤᠯᠠᠭᠠᠨᠬᠠᠳᠠ᠎ᠶᠢᠨ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠦᠨ ᠶᠡᠬᠡ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠯᠦᠭᠯᠡᠯ ᠪᠥᠬᠥ ᠳᠡᠯᠡᠬᠡᠢ᠎ᠶᠢᠨ ᠬᠠᠮᠤᠭ᠎ᠤᠨ ᠲᠣᠮᠣ᠌᠂ ᠡᠨᠧᠷᠭᠢ᠎ᠶᠢᠨ ᠲᠣᠮᠣ᠌ ᠵᠠᠭᠪᠤᠷ᠎ᠢᠶᠠᠷ ᠬᠥᠳᠡᠯᠭᠡᠭᠦᠷ ᠪᠣᠯᠭᠠᠭᠰᠠᠨ AI ᠴᠠᠬᠢᠯᠭᠠᠨ ᠬᠦᠴᠦᠨ᠎ᠦ ᠰᠢᠰᠲᠧᠮ᠎ᠢ ᠨᠡᠢᠲᠡᠯᠡᠪᠡ᠃ ᠲᠤᠰ ᠰᠢᠰᠲ᠋ᠧᠮ ᠨᠢ 《ᠶᠤᠸᠠᠨ ᠵᠢᠩ ᠲᠢᠶᠠᠨ ᠵᠢᠢ》 ᠬᠢᠭᠡᠳ 《ᠶᠤᠸᠠᠨ ᠵᠢᠩ ᠲᠢᠶᠠᠨ ᠱᠦ᠍》 ᠭᠡᠬᠦ ᠬᠣᠶᠠᠷ ᠶᠡᠬᠡ ᠭᠣᠣᠯ ᠵᠠᠭᠪᠤᠷ᠎ᠢᠶᠠᠷ ᠬᠥᠳᠡᠯᠭᠡᠭᠦᠷ ᠪᠣᠯᠭᠠᠵᠤ᠂ ᠬᠣᠯᠢᠮᠠᠭ ᠬᠡᠷᠡᠭᠯᠡᠭᠡᠨ᠎ᠦ ᠴᠠᠬᠢᠯᠭᠠᠨ ᠦᠷᠳᠡᠭᠡ᠂ ᠰᠠᠯᠤᠩᠭᠢ ᠲᠣᠣᠷ ᠲᠠᠢ ᠰᠢᠰᠲ᠋ᠧᠮ᠂ ᠨᠣᠭᠣᠭᠠᠨ ᠴᠠᠬᠢᠯᠭᠠᠨ᠎ᠤ ᠰᠢᠭᠤᠳ ᠬᠣᠯᠪᠣᠯᠲᠠ᠂ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠦᠨ ᠬᠦᠷᠢᠶᠡᠯᠡᠩ ᠵᠡᠷᠭᠡ ᠲᠦᠷᠪᠡᠨ ᠶᠡᠬᠡ ᠠᠬᠤᠢ ᠪᠠᠢᠳᠠᠯ᠎ᠢᠶᠠᠷ ᠳᠠᠮᠵᠢᠭᠤᠯᠵᠤ᠂ ᠬᠢᠮᠢ᠎ᠶᠢᠨ ᠠᠵᠤ ᠦᠢᠯᠡᠳᠪᠦᠷᠢ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠰᠢᠨ᠎ᠡ ᠮᠠᠯ ᠠᠵᠤ ᠠᠬᠤᠢ᠂ ᠰᠢᠨ᠎ᠡ ᠮᠠᠲᠧᠷᠢᠶᠠᠯ᠂ ᠰᠢᠨ᠎ᠡ ᠲᠠᠷᠢᠶᠠᠯᠠᠩ ᠵᠡᠷᠭᠡ᠎ᠳᠦ ᠨᠡᠩ ᠠᠷᠪᠢᠲᠠᠢ᠂ ᠨᠡᠩ ᠲᠣᠭᠲᠠᠭᠤᠨ᠂ ᠨᠡᠩ ᠨᠣᠭᠣᠭᠠᠨ ᠴᠠᠬᠢᠯᠭᠠᠨ ᠬᠦᠴᠦ ᠬᠠᠩᠭᠠᠵᠤ᠂ ᠰᠢᠨ᠎ᠡ ᠡᠨᠧᠷᠭᠢ᠎ᠶᠢ ᠰᠢᠨ᠎ᠡ ᠠᠵᠤ ᠦᠢᠯᠡᠳᠪᠦᠷᠢ᠎ᠶᠢᠨ ᠬᠥᠭᠵᠢᠯᠲᠡ᠎ᠶᠢᠨ ᠨᠣᠭᠣᠭᠠᠨ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠠᠢ᠃
ᠲᠣᠰ ᠤᠳᠠᠭ᠎ᠠ᠎ᠶᠢᠨ ᠶᠡᠬᠡ ᠬᠤᠷᠠᠯ᠎ᠢ ᠳᠤᠮᠳᠠᠳᠤ ᠤᠯᠤᠰ᠎ᠤᠨ ᠡᠨᠧᠷᠭᠢ᠎ᠶᠢᠨ ᠰᠤᠳᠤᠯᠭᠠᠨ᠎ᠤ ᠨᠡᠢᠭᠡᠮᠯᠢᠭ ᠭᠣᠣᠯᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠪᠠ ᠤᠯᠠᠭᠠᠨᠬᠠᠳᠠ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠵᠢᠭᠠᠨ ᠵᠢᠯᠤᠭᠣᠳᠴᠤ᠂ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠯᠦᠭᠯᠡᠯ᠂ ᠳᠤᠮᠳᠠᠳᠤ ᠤᠯᠤᠰ᠎ᠤᠨ ᠡᠨᠧᠷᠭᠢ᠎ᠶᠢᠨ ᠰᠤᠳᠤᠯᠭᠠᠨ᠎ᠤ ᠨᠡᠢᠭᠡᠮᠯᠢᠭ᠎ᠦᠨ ᠳᠠᠬᠢᠯᠲᠠ ᠡᠨᠧᠷᠭᠢ᠎ᠶᠢᠨ ᠲᠤᠰᠬᠠᠢ ᠮᠡᠷᠭᠡᠵᠢᠯ᠎ᠦᠨ ᠵᠥᠪᠯᠡᠯ ᠳᠠᠭᠠᠭᠠᠴᠢᠯᠠᠨ ᠡᠷᠬᠢᠯᠡᠪᠡ᠃ ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠳ᠂ ᠠᠵᠤ ᠠᠬᠤᠢᠯᠠᠯ᠎ᠤᠨ ᠲᠥᠯᠥᠭᠡᠯᠡᠭᠴᠢᠳ ᠲᠣᠰ ᠲᠣᠰ ᠭᠣᠣᠯ ᠵᠣᠷᠢᠯᠲᠠᠲᠤ ᠶᠠᠷᠢᠶ᠎ᠠ ᠲᠠᠯᠪᠢᠵᠤ᠂ ᠬᠤᠳᠠᠯᠳᠤᠭᠠᠨ᠎ᠤ ᠬᠡᠷᠡᠭ᠎ᠦᠨ ᠵᠢᠱ᠌ᠢᠶᠡᠨᠦᠭᠦᠳᠢ ᠬᠤᠪᠢᠶᠠᠯᠴᠠᠪᠠ᠃ ᠨᠣᠭᠣᠭᠠᠨ ᠴᠠᠬᠢᠯᠭᠠᠨ᠎ᠤ ᠰᠢᠭᠤᠳ ᠬᠣᠯᠪᠣᠯᠲᠠ ᠵᠢᠴᠢ ᠪᠣᠬᠢᠷᠲᠤᠯ ᠦᠭᠡᠢ ᠡᠨᠧᠷᠭᠢ᠎ᠶᠢᠨ ᠬᠡᠷᠡᠭᠯᠡᠭᠡ᠂ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠦᠨ ᠬᠦᠷᠢᠶᠡᠯᠡᠩ᠎ᠦᠨ ᠪᠠᠢᠭᠤᠯᠤᠯᠲᠠ ᠵᠢᠴᠢ ᠪᠠᠷᠢᠮᠵᠢᠶ᠎ᠠ ᠵᠡᠷᠭᠡ ᠰᠡᠳᠦᠪ᠎ᠦᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠵᠦ᠂ ᠨᠣᠭᠣᠭᠠᠨ ᠤᠰᠤᠲᠥ᠋ᠷᠥᠭᠴᠢ ᠰᠢᠪᠲᠦᠷ ᠠᠯᠺᠣᠣᠯ᠎ᠤᠨ ᠬᠥᠭᠵᠢᠯᠲᠡ᠎ᠶᠢ ᠪᠠᠷᠠᠯᠠᠬᠤ᠂ ᠳᠤᠮᠳᠠᠳᠤ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ᠎ᠦᠨ ᠬᠥᠭᠵᠢᠯᠲᠡ ᠪᠠ ᠦᠢᠯᠡᠳᠦᠯᠭᠡ ᠵᠡᠷᠭᠡ ᠲᠠᠯ᠎ᠠ᠎ᠪᠠᠷ ᠡᠷᠬᠡ ᠰᠦᠷᠲᠦ ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠬᠢᠭᠰᠡᠨ ᠪᠠ ᠰᠢᠢᠳᠪᠦᠷᠢᠯᠡᠬᠦ ᠲᠥᠰᠥᠯ᠎ᠢ ᠬᠤᠪᠢᠶᠠᠯᠴᠠᠨ ᠡᠳ᠋ᠯᠡᠵᠦ᠂ 《ᠵᠣᠬᠢᠶᠠᠮᠠᠯ ᠤᠶᠤᠨ+》 ᠠᠬᠤᠢ ᠪᠠᠢᠳᠠᠯ ᠳᠣᠣᠷᠠᠬᠢ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠰᠤᠳᠤᠯᠤᠨ ᠶᠠᠷᠢᠯᠴᠠᠪᠠ᠃
ᠤᠯᠠᠭᠠᠨᠬᠠᠳᠠ ᠪᠣᠯ ᠤᠯᠤᠰ᠎ᠤᠨ ᠲᠥᠯᠥᠪᠵᠢᠭᠦᠯᠦᠭᠰᠡᠨ ᠰᠤᠩᠭᠠᠷᠢ ᠮᠥᠷᠡᠨ ᠬᠢᠭᠡᠳ ᠯᠢᠶᠣᠤᠾᠧ ᠭᠣᠣᠯ᠎ᠤᠨ ᠴᠡᠪᠡᠷ ᠡᠨᠧᠷᠭᠢ᠎ᠶᠢᠨ ᠰᠠᠭᠤᠷᠢᠨ᠎ᠤ ᠴᠢᠬᠤᠯᠠ ᠵᠠᠩᠭᠢᠯᠠᠭ᠎ᠠ᠎ᠶᠢᠨ ᠴᠡᠭ ᠪᠣᠯᠣᠨ᠎ᠠ᠂ ᠡᠭᠦᠨ᠎ᠳᠦ 5300 ᠲᠦᠮᠡᠨ ᠺᠢᠯᠣᠸᠠᠲ᠎ᠤᠨ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠵᠤ᠂ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠢ ᠬᠥᠭᠵᠢᠭᠦᠯᠬᠦ᠎ᠳᠦ ᠤᠯᠠᠨ᠎ᠠᠴᠠ ᠣᠨᠴᠠᠭᠠᠢ ᠳᠠᠪᠠᠭᠤᠯᠢᠭ᠋ ᠲᠠᠯ᠎ᠠ ᠲᠠᠢ ᠪᠠᠢᠨ᠎ᠠ᠃ 《7 ᠳ᠋ᠤᠭᠠᠷ ᠰᠠᠷ᠎ᠠ᠎ᠶᠢᠨ 8 ᠤ ᠡᠳᠦᠷ᠂ ᠪᠦᠬᠦ ᠳᠡᠯᠡᠬᠡᠢ᠎ᠶᠢᠨ ᠠᠩᠬᠠᠳᠠᠭ᠍ᠴᠢ ᠨᠣᠭᠣᠭᠠᠨ ᠤᠰᠤᠲᠥ᠋ᠷᠥᠭᠴᠢ ᠰᠢᠪᠲᠦᠷ᠎ᠦᠨ ᠬᠣᠯᠪᠣᠭᠠᠯᠠᠨ ᠦᠢᠯᠡᠳᠦᠭᠰᠡᠨ — ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠤᠰᠤᠲᠥ᠋ᠷᠥᠭᠴᠢ ᠰᠢᠪᠲᠦᠷ᠎ᠦᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ᠎ᠢ ᠠᠮᠵᠢᠯᠲᠠ ᠲᠠᠢ᠎ᠪᠠᠷ ᠠᠰᠢᠭ᠍ᠯᠠᠯᠲᠠ᠎ᠳᠤ ᠣᠷᠣᠭᠤᠯᠵᠤ ᠲᠤᠷᠰᠢᠨ ᠠᠵᠢᠯᠯᠠᠭᠤᠯᠵᠤ᠂ 10 ᠳ᠋ᠤᠭᠠᠷ ᠰᠠᠷ᠎ᠠ᠎ᠶᠢᠨ 17 ᠤ ᠡᠳᠦᠷ ᠪᠥᠬᠥ ᠳᠡᠯᠡᠬᠡᠢ᠎ᠶᠢᠨ ᠠᠩᠬᠠᠳᠠᠭ᠍ᠴᠢ ᠤᠰᠤᠲᠥ᠋ᠷᠥᠭᠴᠢ ᠰᠢᠪᠲᠦᠷ᠎ᠦᠨ ᠲᠦᠯᠡᠰᠢ ᠰᠢᠲᠠᠮᠠᠬᠠᠢ ᠬᠡᠢ᠎ᠶᠢᠨ ᠬᠣᠣᠰ ᠲᠦᠷᠪᠢᠨᠦ ᠪᠦᠬᠦᠯᠢ ᠮᠠᠰᠢᠨ᠎ᠢᠶᠠᠷ ᠨᠣᠴᠣᠭᠠᠬᠤ ᠲᠤᠷᠰᠢᠯᠲᠠ᠎ᠶᠢ ᠬᠢᠵᠦ᠂ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠤᠯᠠᠭᠠᠨᠬᠠᠳᠠ ᠬᠣᠲᠠ᠎ᠶᠢᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠮᠢᠩᠭᠠᠨ ᠳ᠋ᠦᠩᠰᠢᠭᠤᠷ ᠲᠥᠭᠥᠷᠢᠭ᠎ᠦᠨ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ᠂ ᠮᠢᠩᠭᠠᠨ ᠲᠦᠮᠡᠨ ᠺᠢᠯᠣᠸᠠᠲ᠎ᠤᠨ ᠶᠡᠷᠦᠩᠬᠡᠢ ᠮᠠᠰᠢᠨ ᠴᠣᠭᠴᠠᠯᠠᠪᠤᠷᠢ ᠪᠠ ᠮᠢᠩᠭᠠᠨ ᠳ᠋ᠦᠩᠰᠢᠭᠤᠷ ᠲᠠᠰ᠎ᠤᠨ ᠤᠰᠤᠲᠥ᠋ᠷᠥᠭᠴᠢ ᠡᠨᠧᠷᠭᠢ᠎ᠶᠢᠨ ᠠᠵᠤ ᠠᠬᠤᠢ᠎ᠶᠢᠨ ᠠᠮᠢ ᠠᠬᠤᠢ᠎ᠶᠢᠨ ᠲᠣᠭᠣᠷᠢᠭ᠋᠎ᠤᠨ ᠠᠤᠭ᠎ᠠ ᠲᠥᠯᠥᠪᠯᠡᠭᠡ ᠪᠡᠶᠡᠯᠡᠭᠳᠡᠬᠦ ᠪᠣᠯᠣᠨ᠎ᠠ》 ᠭᠡᠵᠦ ᠤᠯᠠᠭᠠᠨᠬᠠᠳᠠ ᠬᠣᠲᠠ᠎ᠶᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠳᠠᠷᠤᠭ᠎ᠠ ᠯᠤᠸᠠᠨ ᠲᠢᠶᠠᠨ ᠮᠧᠩ ᠬᠡᠯᠡᠵᠡᠢ᠃