ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠯᠥᠨ ᠪᠣᠶ᠋ᠢᠷ᠎ᠤᠨ ᠦᠬᠡᠷ ᠬᠣᠨᠢᠨ ᠮᠢᠬ᠎ᠠ ᠪᠥᠬᠥ ᠤᠯᠤᠰ᠎ᠲᠤ ᠪᠣᠷᠤᠯᠠᠭᠤᠯᠭ᠎ᠠ ᠰᠠᠢᠲᠠᠢ ᠪᠠᠢᠨ᠎ᠠ
ᠨᠡᠶ᠋ᠢᠲᠡᠯᠡᠭᠰᠡᠨ ᠴᠠᠭ᠄ 2025-11-25

ᠡᠪᠦᠯ᠎ᠦᠨ ᠡᠬᠢᠨ᠎ᠳᠦ᠂ ᠬᠥᠯᠥᠨ ᠪᠤᠢ᠍ᠢᠷ ᠬᠤᠳᠠ᠎ᠶᠢᠨ ᠡᠯ᠎ᠡ ᠲᠣᠮᠣ᠌ ᠮᠢᠬᠠᠨ᠎ᠤ ᠦᠢᠯᠡᠰ᠎ᠦᠨ ᠦᠢᠯᠡᠳᠪᠦᠷᠢᠯᠡᠯ᠎ᠦᠨ ᠲᠠᠰᠤᠭ ᠶᠠᠭᠠᠷᠠᠯᠲᠠᠢ ᠠᠵᠢᠯᠯᠠᠨ᠎ᠠ᠃ ᠰᠤᠷᠪᠤᠯᠵᠢᠯᠠᠭ᠍ᠴᠢ ᠬᠥᠯᠥᠨ ᠪᠣᠶ᠋ᠢᠷ᠎ᠤᠨ ᠮᠢᠬᠠᠨ᠎ᠤ ᠦᠢᠯᠡᠰ᠎ᠦᠨ ᠪᠦᠯᠦᠭᠯᠡᠯ᠎ᠡᠴᠡ ᠣᠢᠯᠠᠭᠠᠭᠰᠠᠨ᠎ᠢᠶᠠᠷ᠂ ᠡᠨᠡ ᠬᠦ᠌ ᠠᠵᠤ ᠠᠬᠤᠢᠯᠠᠯ᠎ᠤᠨ ᠣᠳᠣᠬᠠᠨ᠎ᠤ ᠡᠳᠦᠷ᠎ᠦᠨ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠨᠢ 25 ᠲᠣᠨ᠎ᠳᠤ ᠬᠦᠷᠴᠦ᠂ ᠪᠦᠲᠦᠭᠡᠭᠳᠡᠬᠦᠨ᠎ᠦ ᠵᠠᠬᠢᠶᠠᠯᠠᠭ᠎ᠠ᠎ᠶᠢᠨ ᠬᠠᠭᠤᠳᠠᠰᠤ ᠨᠢ ᠵᠢᠯ᠎ᠦᠨ ᠡᠴᠦᠰ ᠪᠣᠯᠲᠠᠯ᠎ᠠ ᠵᠢᠭ᠍ᠰᠠᠭᠳᠠᠵᠤ᠂ ᠠᠵᠤ ᠦᠢᠯᠡᠰ᠎ᠦᠨ ᠬᠡᠷᠡᠭᠯᠡᠭᠴᠢᠳ᠎ᠦᠨ ᠵᠠᠬᠢᠶᠠᠯᠠᠭ᠎ᠠ ᠨᠢ ᠨᠠᠩ ᠴᠦ᠍ ᠬᠡᠷᠡᠭᠴᠡᠭᠡ᠎ᠶᠢ ᠬᠠᠩᠭᠠᠵᠤ ᠳᠡᠢᠯᠬᠦ ᠦᠭᠡᠢ ᠪᠣᠯᠤᠭᠰᠠᠨ ᠪᠠᠢᠨ᠎ᠠ᠃ ᠡᠨᠡ ᠨᠢ ᠬᠥᠯᠥᠨ ᠪᠣᠶ᠋ᠢᠷ᠎ᠤᠨ ᠦᠬᠡᠷ ᠬᠣᠨᠢᠨ ᠮᠢᠬ᠎ᠠ᠎ᠶᠢᠨ ᠴᠢᠨᠠᠷᠯᠢᠭ᠋ ᠪᠠ ᠨᠠᠷᠠᠲᠤ ᠲᠡᠮᠳᠡᠭ᠎ᠦᠨ ᠨᠥᠯᠥᠭᠡᠯᠡᠬᠦ ᠬᠦᠴᠦᠨ᠎ᠳᠦ᠎ᠪᠠᠨ ᠲᠦᠰᠢᠭᠯᠡᠨ ᠪᠥᠬᠥ ᠤᠯᠤᠰ᠎ᠤᠨ ᠵᠠᠬ᠎ᠠ ᠳᠡᠯᠭᠡᠭᠦᠷ᠎ᠲᠦ ᠦᠷᠭᠦᠯᠵᠢᠯᠡᠨ ᠰᠠᠢᠨ ᠪᠣᠷᠣᠯᠠᠭᠤᠯᠤᠭᠳᠠᠵᠤ ᠪᠠᠢᠬᠤ᠎ᠶᠢ ᠬᠠᠷᠠᠭᠤᠯᠵᠤ ᠪᠠᠢᠨ᠎ᠠ᠃ 

ᠤᠯᠤᠰ᠎ᠤᠨ ᠲᠠᠰ᠎ᠤᠨ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰᠵᠢᠯᠲᠡ᠎ᠶᠢᠨ ᠭᠣᠣᠯᠳᠠᠯᠭ᠎ᠠ ᠪᠣᠯᠬᠤ ᠬᠥᠲᠥᠴᠢ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠬᠥᠯᠥᠨ ᠪᠣᠶ᠋ᠢᠷ᠎ᠤᠨ ᠮᠢᠬᠠᠨ᠎ᠤ ᠦᠢᠯᠡᠰ᠎ᠦᠨ ᠪᠦᠯᠦᠭᠯᠡᠯ ᠨᠢ ᠨᠤᠲᠤᠭ ᠪᠡᠯᠴᠢᠭᠡᠷ᠎ᠦᠨ ᠴᠢᠨᠠᠷᠯᠢᠭ᠋ ᠡᠬᠢ ᠪᠠᠶᠠᠯᠢᠭ᠋᠎ᠢ ᠭᠦᠨ ᠠᠭᠤᠳᠠᠯᠵᠤ᠂ ᠲᠡᠵᠢᠭᠡᠨ ᠦᠷᠡᠵᠢᠭᠦᠯᠬᠦ᠂ ᠡᠳ᠋ᠰᠢᠭᠦᠯᠦᠨ ᠪᠣᠯᠪᠠᠰᠤᠷᠠᠭᠤᠯᠬᠤ᠎ᠠᠴᠠ ᠪᠣᠷᠣᠯᠠᠭᠤᠯᠬᠤ ᠬᠦᠷᠲᠡᠯᠡᠬᠢ ᠣᠳᠣᠬᠢᠴᠢᠯᠠᠭᠰᠠᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠲᠣᠭᠲᠠᠯᠴᠠᠭ᠎ᠠ᠎ᠶᠢ ᠪᠠᠢᠭᠤᠯᠪᠠ᠃ ᠡᠨᠡ ᠵᠢᠯ᠎ᠦᠨ 9 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ᠂ ᠲᠣᠰ ᠠᠵᠤ ᠠᠬᠤᠢᠯᠠᠯ ᠨᠢᠭᠡᠨᠲᠡ 1.6 ᠲᠦᠮᠡᠨ ᠠᠯᠠᠰᠢᠨ ᠦᠬᠡᠷ ᠨᠢᠲᠤᠯᠵᠤ᠂ 13.5 ᠲᠦᠮᠡᠨ ᠠᠯᠠᠰᠢᠨ ᠬᠣᠨᠢ ᠨᠢᠲᠤᠯᠵᠡᠢ᠂ 2021 ᠲᠣᠨ ᠮᠢᠬᠠᠨ᠎ᠤ ᠪᠦᠲᠦᠭᠡᠭᠳᠡᠬᠦᠨ᠎ᠢ ᠨᠠᠷᠢᠯᠢᠭ᠋ ᠭᠦᠨ ᠡᠳ᠋ᠰᠢᠭᠦᠯᠵᠦ᠂ ᠪᠦᠲᠦᠭᠡᠭᠳᠡᠬᠦᠨ᠎ᠦ ᠥᠷᠲᠡᠭ ᠨᠢ 7.2 ᠳ᠋ᠦᠩᠰᠢᠭᠤᠷ ᠲᠥᠭᠥᠷᠢᠭ᠎ᠲᠦ ᠬᠦᠷᠴᠡᠢ᠃ ᠠᠵᠤ ᠠᠬᠤᠢᠯᠠᠯ᠎ᠤᠨ ᠪᠦᠲᠦᠭᠡᠭᠳᠡᠬᠦᠨ ᠨᠢ ᠪᠥᠬᠥ ᠤᠯᠤᠰ᠎ᠤᠨ 30 ᠮᠤᠵᠢ (ᠣᠷᠣᠨ᠂ ᠬᠣᠲᠠ)᠎ᠳᠤ ᠪᠣᠷᠣᠯᠠᠭᠤᠯᠭ᠎ᠠ ᠰᠠᠢᠲᠠᠢ ᠪᠠᠢᠬᠤ᠎ᠪᠠᠷ ᠪᠠᠷᠠᠬᠤ ᠦᠭᠡᠢ᠂ ᠪᠠᠰᠠ ᠮᠠᠢ ᠳ᠋ᠠᠩ ᠯᠣᠸ᠋᠂ ᠪᠠᠢ ᠱᠧᠩ ᠵᠡᠷᠭᠡ ᠨᠡᠷ᠎ᠡ ᠴᠤᠤᠲᠠᠢ ᠢᠳᠡᠭᠡᠨ ᠤᠮᠳᠠᠭᠠᠨ᠎ᠤ ᠨᠡᠷᠡᠲᠦ ᠲᠡᠮᠳᠡᠭ᠎ᠲᠤ ᠣᠷᠳᠣ᠌ ᠬᠤᠭᠤᠴᠠᠭ᠎ᠠ᠎ᠪᠠᠷ ᠮᠢᠬ᠎ᠠ ᠬᠠᠩᠭᠠᠬᠤ ᠬᠤᠳᠠᠯᠳᠤᠭᠠᠴᠢᠨ ᠪᠣᠯᠤᠭᠰᠠᠨ ᠪᠠᠢᠨ᠎ᠠ᠃ 

ᠨᠡᠷᠡᠲᠦ ᠲᠡᠮᠳᠡᠭ᠎ᠦᠨ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ᠂ 《ᠬᠥᠯᠥᠨ ᠪᠣᠶ᠋ᠢᠷ᠎ᠤᠨ ᠦᠬᠡᠷ᠎ᠦᠨ ᠮᠢᠬ᠎ᠠ》 《ᠬᠥᠯᠥᠨ ᠪᠣᠶ᠋ᠢᠷ᠎ᠤᠨ ᠬᠣᠨᠢᠨ ᠮᠢᠬ᠎ᠠ》 ᠨᠢ 《ᠵᠥᠩ ᠷᠦᠩ》 ᠳᠤᠮᠳᠠᠳᠤ ᠤᠯᠤᠰ᠎ᠤᠨ ᠨᠡᠷ᠎ᠡ ᠠᠯᠳᠠᠷᠰᠢᠯ ᠲᠠᠢ ᠲᠠᠸᠠᠷ᠎ᠤᠨ ᠲᠡᠮᠳᠡᠭ ᠬᠢᠭᠡᠳ 《ᠥᠪᠥᠷ ᠮᠣᠩᠭᠣᠯ ᠲᠡᠮᠳᠡᠭᠲᠦ》 ᠭᠡᠷᠡᠴᠢᠯᠡᠯ᠎ᠦᠨ ᠳᠠᠪᠬᠤᠷ ᠪᠠᠲᠤᠯᠠᠭ᠎ᠠ᠎ᠳᠤ ᠲᠦᠰᠢᠭᠯᠡᠨ᠂ ᠮᠠᠰᠢ ᠣᠯᠠᠨ ᠨᠠᠷᠠᠲᠤ ᠬᠤᠳᠠᠯᠳᠤᠭᠠᠨ᠎ᠤ ᠬᠡᠲᠦ ᠳᠡᠯᠭᠡᠭᠦᠷ᠎ᠲᠦ ᠠᠮᠵᠢᠯᠲᠠ᠎ᠲᠠᠢ᠎ᠪᠠᠷ ᠪᠣᠷᠣᠯᠠᠭᠤᠯᠬᠤ ᠪᠣᠯᠵᠠᠢ᠃ ᠪᠥᠬᠥ ᠤᠯᠤᠰ᠎ᠲᠤ 160 ᠪᠣᠷᠤᠯᠠᠭᠤᠯᠭ᠎ᠠ᠎ᠶᠢᠨ ᠬᠡᠷᠡᠭ ᠡᠷᠬᠢᠯᠡᠬᠦ ᠭᠠᠵᠠᠷ ᠬᠢᠭᠡᠳ ᠬᠤᠪᠢᠶᠠᠷᠢ ᠬᠥᠮᠥᠷᠭᠡ᠂ 600 ᠭᠠᠷᠤᠢ ᠨᠡᠷᠡᠲᠦ ᠲᠡᠮᠳᠡᠭ᠎ᠦᠨ ᠲᠤᠰᠬᠠᠢ ᠬᠤᠳᠠᠯᠳᠤᠭᠠᠨ᠎ᠤ ᠳᠡᠯᠭᠡᠭᠦᠷ᠎ᠢ ᠪᠠᠢᠷᠢᠯᠠᠭᠤᠯᠬᠤ᠎ᠪᠠᠷ ᠳᠠᠮᠵᠢᠭᠤᠯᠤᠨ᠂ 《ᠰᠠᠭᠤᠷᠢᠨ ᠭᠠᠵᠠᠷ᠎ᠤᠨ ᠬᠦᠢᠲᠡᠨ ᠬᠡᠯᠬᠢᠶ᠎ᠡ — ᠬᠡᠷᠡᠭ ᠡᠷᠬᠢᠯᠡᠬᠦ ᠭᠠᠵᠠᠷ — ᠦᠵᠦᠭᠦᠷ᠎ᠦᠨ ᠵᠠᠬ᠎ᠠ ᠳᠡᠯᠭᠡᠭᠦᠷ》᠎ᠦᠨ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ᠎ᠶᠢ ᠪᠠᠢᠭᠤᠯᠵᠤ᠂ ᠲᠠᠯ᠎ᠠ ᠨᠤᠲᠤᠭ᠎ᠡᠴᠡ ᠬᠣᠭᠣᠯᠠᠨ ᠰᠢᠷᠡᠭᠡᠨ᠎ᠳᠦ ᠬᠦᠷᠲᠡᠯ᠎ᠡ ᠵᠠᠪᠰᠠᠷ ᠦᠭᠡᠢ ᠵᠣᠯᠭᠠᠭᠤᠯᠪᠠ᠃ 

ᠡᠭᠦᠨ᠎ᠦ ᠬᠠᠮᠲᠤ᠂ ᠬᠥᠯᠥᠨ ᠪᠣᠶ᠋ᠢᠷ᠎ᠤᠨ ᠰᠢᠶᠣᠣ ᠹᠧᠢ ᠶᠠᠩ ᠪᠠᠷᠠᠭᠤᠨ ᠬᠣᠰᠢᠭᠤᠨ᠎ᠤ ᠬᠣᠨᠢᠨ ᠮᠢᠬᠠᠨ᠎ᠤ ᠬᠢᠵᠠᠭᠠᠷᠲᠤ ᠺᠣᠮᠫᠠᠨᠢ ᠵᠡᠷᠭᠡ ᠨᠢᠭᠡ ᠪᠦᠯᠦᠭ ᠰᠢᠯᠢᠳᠡᠭ ᠠᠵᠤ ᠠᠬᠤᠢᠯᠠᠯ᠎ᠤᠳ ᠴᠤ᠌ ᠲᠦᠷᠭᠡᠨ ᠬᠥᠭᠵᠢᠵᠦ ᠪᠠᠢᠨ᠎ᠠ᠃ ᠡᠨᠡ ᠺᠣᠮᠫᠠᠨᠢ᠎ᠶᠢᠨ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ 《ᠪᠠᠷᠠᠭᠤᠨ ᠬᠣᠰᠢᠭᠤᠨ᠎ᠤ ᠬᠣᠨᠢᠨ ᠮᠢᠬ᠎ᠠ》᠎ᠶᠢᠨ ᠨᠡᠷᠡᠲᠦ ᠲᠡᠮᠳᠡᠭ᠎ᠦᠨ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠥᠷᠭᠡᠳᠬᠦ᠎ᠶᠢ ᠳᠠᠭᠠᠯᠳᠤᠨ᠂ ᠪᠡᠭᠡᠵᠢᠩ᠂ ᠾᠧᠨᠠᠨ᠂ ᠱᠠᠩᠬᠠᠢ ᠵᠡᠷᠭᠡ ᠭᠠᠵᠠᠷ᠎ᠤᠨ ᠳᠡᠭᠡᠳᠦ ᠲᠠᠰ᠎ᠤᠨ ᠢᠳᠡᠭᠡᠨ ᠤᠮᠳᠠᠭᠠᠨ᠎ᠤ ᠠᠵᠤ ᠠᠬᠤᠢᠯᠠᠯ᠎ᠤᠳ ᠲᠡᠭᠦᠨ᠎ᠦ ᠺᠣᠮᠫᠠᠨᠢ᠎ᠶᠢᠨ ᠪᠦᠲᠦᠭᠡᠭᠳᠡᠬᠦᠨ᠎ᠢ ᠵᠠᠯᠭᠠᠭ᠎ᠠ᠎ᠪᠠᠷ ᠰᠣᠩᠭᠣᠨ ᠬᠡᠷᠡᠭᠯᠡᠵᠦ᠂ ᠡᠨᠡ ᠵᠢᠯ ᠨᠢᠭᠡᠨᠲᠡ 7 ᠲᠦᠮᠡ ᠭᠠᠷᠤᠢ ᠠᠯᠠᠰᠢᠨ ᠬᠣᠨᠢ᠎ᠶᠢ ᠨᠢᠲᠤᠯᠵᠤ᠂ ᠵᠠᠬᠢᠶᠠᠯᠠᠭ᠎ᠠ᠎ᠶᠢᠨ ᠲᠣᠭ᠎ᠠ ᠬᠡᠮᠵᠢᠶ᠎ᠡ ᠨᠢ ᠦᠷᠭᠦᠯᠵᠢᠯᠡᠨ ᠨᠡᠮᠡᠭᠳᠡᠵᠦ ᠪᠠᠢᠨ᠎ᠠ ᠭᠡᠵᠡᠢ᠃ 

ᠠᠩᠬᠠᠷᠤᠭᠤᠰᠢᠲᠠᠢ ᠨᠢ᠂ ᠬᠥᠯᠥᠨ ᠪᠣᠶ᠋ᠢᠷ᠎ᠤᠨ ᠦᠬᠡᠷ ᠬᠣᠨᠢᠨ ᠮᠢᠬᠠᠨ᠎ᠤ ᠠᠵᠤ ᠦᠢᠯᠡᠰ᠎ᠦᠨ ᠬᠥᠭᠵᠢᠯᠲᠡ ᠨᠢ ᠨᠢᠭᠡᠨᠲᠡ ᠣᠯᠠᠨ ᠵᠦᠢᠯ᠎ᠦᠨ ᠰᠢᠪᠲᠤᠯᠤᠯᠲᠠ᠎ᠲᠠᠢ ᠪᠣᠯᠪᠠ᠄ ᠰᠢᠶᠠᠩᠭᠠᠩ᠎ᠳᠤ ᠪᠣᠷᠣᠯᠠᠭᠤᠯᠵᠤ ᠪᠠᠢᠭ᠍ᠰᠠᠨ ᠦᠭᠡᠢ 《ᠬᠣᠭᠣᠰᠤᠨ》᠎ᠢ ᠨᠥᠬᠥᠪᠦᠷᠢᠯᠡᠪᠡ; 《ᠬᠥᠯᠥᠨ ᠪᠣᠶ᠋ᠢᠷ᠎ᠤᠨ ᠲᠠᠯ᠎ᠠ ᠨᠤᠲᠤᠭ᠎ᠤᠨ ᠬᠣᠨᠢᠨ ᠮᠢᠬ᠎ᠠ》 ᠨᠢ 《ᠪᠥᠬᠥ ᠤᠯᠤᠰ᠎ᠤᠨ ᠨᠣᠭᠣᠭᠠᠨ ᠲᠠᠷᠢᠶᠠᠯᠠᠩ᠎ᠤᠨ ᠠᠷᠪᠠᠨ ᠶᠡᠬᠡ ᠬᠠᠮᠤᠭ᠎ᠤᠨ ᠶᠡᠬᠡ ᠨᠥᠯᠥᠭᠡᠯᠡᠬᠦ ᠬᠦᠴᠦᠨ ᠪᠦᠬᠦᠢ ᠭᠠᠵᠠᠷ ᠣᠷᠣᠨ᠎ᠤ ᠨᠠᠷᠠᠲᠤ ᠲᠡᠮᠳᠡᠭ》᠎ᠢ ᠬᠦᠷᠲᠡᠭᠰᠡᠨ ᠪᠥᠭᠡᠳ ᠲᠦᠷᠦᠭᠦᠸ᠋ ᠪᠦᠯᠦᠭ᠎ᠦᠨ 《ᠬᠥᠯᠥᠨ ᠪᠣᠶ᠋ᠢᠷ᠎ᠤᠨ ᠲᠠᠯ᠎ᠠ ᠨᠤᠲᠤᠭ》 ᠬᠡᠮᠡᠬᠦ ᠬᠣᠲᠠ᠎ᠶᠢᠨ ᠬᠡᠪᠴᠢᠶᠡᠨ᠎ᠳᠡᠬᠢ ᠨᠡᠶ᠋ᠢᠲᠡ᠎ᠶᠢᠨ ᠬᠡᠷᠡᠭᠯᠡᠭᠡᠨ᠎ᠦ ᠨᠠᠷᠠᠲᠤ ᠲᠡᠮᠳᠡᠭ᠎ᠦᠨ ᠬᠡᠷᠡᠭᠯᠡᠬᠦ ᠡᠷᠬᠡ᠎ᠶᠢ ᠣᠯᠪᠠ; ᠠᠯᠠᠰᠢᠨ ᠬᠣᠨᠢᠨ᠎ᠤ ᠮᠥᠷᠳᠡᠨ ᠪᠠᠢᠴᠠᠭᠠᠬᠤ ᠲᠣᠭᠲᠠᠯᠴᠠᠭᠠᠨ᠎ᠤ ᠪᠠᠢᠭᠤᠯᠤᠯᠲᠠ ᠨᠢ ᠨᠠᠩ ᠴᠤ᠌ 《ᠰᠠᠢᠨ ᠬᠣᠨᠢᠨ ᠮᠢᠬ᠎ᠠ᠎ᠶᠢ ᠦᠨ᠎ᠡ ᠰᠠᠢᠲᠠᠢ ᠬᠤᠳᠠᠯᠳᠤᠬᠤ》 ᠶᠠᠪᠤᠳᠠᠯ᠎ᠢ ᠦᠨᠡᠨ ᠪᠤᠲᠠᠲᠠᠢ ᠪᠣᠯᠭᠠᠵᠠᠢ᠃

ᠬᠥᠯᠥᠨ ᠪᠤᠢ᠍ᠢᠷ ᠬᠤᠳᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠠᠴᠠ 《ᠠᠷᠪᠠᠨ ᠲᠠᠪᠤᠳᠤᠭᠠᠷ ᠲᠠᠪᠤᠨ ᠵᠢᠯ》᠎ᠢ ᠪᠠᠷᠠᠯᠠᠬᠤᠶ᠎ᠠ᠂ ᠬᠥᠯᠥᠨ ᠪᠣᠢᠷ ᠬᠤᠳᠠ 《ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠠᠵᠤ ᠦᠢᠯᠡᠰ᠎ᠦᠨ ᠦᠷ᠎ᠡ ᠠᠰᠢᠭ᠋᠎ᠢ ᠨᠡᠮᠡᠭᠳᠡᠭᠦᠯᠬᠦ᠂ ᠮᠠᠯᠵᠢᠬᠤ ᠡᠷᠦᠭᠡ᠎ᠶᠢᠨ ᠣᠷᠣᠯᠭ᠎ᠠ᠎ᠶᠢ ᠨᠡᠮᠡᠭᠳᠡᠭᠦᠯᠬᠦ》 ᠬᠠᠷᠠᠯᠲᠠ᠎ᠪᠠᠨ ᠦᠷᠭᠦᠯᠵᠢᠯᠡᠨ ᠣᠨᠢᠯᠠᠵᠤ᠂ 《ᠶᠠᠰᠤ ᠴᠢᠨᠠᠷ᠎ᠢᠶᠠᠷ ᠦᠨ᠎ᠡ ᠦᠷᠳᠡᠭ᠎ᠢ ᠲᠣᠭᠲᠠᠭᠠᠬᠤ᠂ ᠨᠡᠷᠡᠲᠦ ᠲᠡᠮᠳᠡᠭ᠎ᠢᠶᠡᠷ ᠵᠠᠬ᠎ᠠ ᠳᠡᠯᠭᠡᠭᠦᠷ᠎ᠢ ᠥᠷᠭᠡᠳᠬᠡᠬᠦ》 ᠠᠵᠤ ᠦᠢᠯᠡᠰ᠎ᠤᠨ ᠲᠡᠰ ᠳᠡᠪᠰᠢᠭᠦᠯᠬᠦ ᠠᠷᠭ᠎ᠠ ᠵᠠᠮ᠎ᠢ ᠰᠦᠪᠡᠭᠴᠢᠯᠡᠨ᠂ 《ᠲᠡᠵᠢᠭᠡᠨ ᠦᠷᠡᠵᠢᠭᠦᠯᠬᠦ᠎ᠡᠴᠡ ᠡᠳ᠋ᠰᠢᠭᠦᠯᠦᠨ ᠪᠣᠯᠪᠠᠰᠤᠷᠠᠭᠤᠯᠵᠤ ᠪᠣᠷᠣᠯᠠᠭᠤᠯᠬᠤ ᠬᠦᠷᠲᠡᠯᠡᠬᠢ》 ᠠᠵᠤ ᠦᠢᠯᠡᠰ᠎ᠦᠨ ᠬᠡᠯᠬᠢᠶ᠎ᠡ᠎ᠪᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠠᠮᠢ ᠠᠬᠤᠢ ᠪᠠ ᠠᠵᠤ ᠠᠬᠤᠢ᠎ᠶᠢᠨ ᠬᠣᠣᠰ ᠠᠮᠵᠢᠯᠲᠠ᠎ᠶᠢ ᠪᠡᠶᠡᠯᠡᠭᠦᠯᠬᠦ᠎ᠶᠢᠨ ᠴᠢᠬᠤᠯᠠ ᠲᠤᠯᠭᠠᠭᠤᠷᠢ ᠪᠣᠯᠭᠠᠨ᠎ᠠ ᠭᠡᠵᠦ ᠢᠯᠡᠳᠬᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ