11 ᠳ᠋ᠦ᠍ᠭᠡᠷ ᠰᠠᠷ᠎ᠠ᠎ᠶᠢᠨ 25 ᠤ ᠡᠳᠦᠷ᠂ ᠬᠥᠬᠡᠬᠣᠲᠠ᠎ᠶᠢᠨ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠲᠤᠬᠠᠢ᠎ᠶᠢᠨ ᠭᠠᠵᠠᠷ᠎ᠲᠤ ᠰᠢᠯᠭᠠᠨ ᠪᠠᠲᠤᠯᠠᠭᠰᠠᠨ ᠲᠤᠷᠰᠢᠨ ᠨᠢᠰᠦᠯᠲᠡ ᠲᠡᠭᠦᠰ ᠠᠮᠵᠢᠯᠲᠠ ᠣᠯᠪᠠ᠂ ᠡᠨᠡ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 4F ᠨᠢᠰᠬᠡᠯ᠎ᠦᠨ ᠪᠠᠭᠤᠳᠠᠯ ᠪᠦᠲᠦᠭᠡᠨ ᠪᠠᠢᠭᠤᠯᠤᠯᠲᠠ᠎ᠶᠢᠨ ᠱᠠᠲᠤᠨ᠎ᠠᠴᠠ ᠠᠶᠠᠯᠠᠯ ᠨᠡᠪᠲᠡᠷᠡᠬᠦ ᠪᠡᠯᠡᠳᠬᠡᠯ ᠱᠠᠲᠤᠨ᠎ᠳᠤ ᠰᠢᠯᠵᠢᠭᠰᠡᠨᠢ ᠬᠠᠷᠠᠭᠤᠯᠵᠤ ᠪᠠᠢᠨ᠎ᠠ᠃
ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠲᠣᠰ ᠬᠤᠭᠤᠴᠠᠭ᠎ᠠ᠎ᠶᠢᠨ ᠪᠠᠢᠭᠤᠯᠤᠯᠲᠠ ᠨᠢ 2030 ᠣᠨ᠎ᠳᠤ ᠠᠶᠠᠨᠴᠢᠳ᠎ᠤᠨ ᠣᠷᠣᠭᠤᠯᠵᠤ ᠭᠠᠷᠭᠠᠬᠤ ᠬᠡᠮᠵᠢᠶ᠎ᠡ᠎ᠶᠢ 2800 ᠲᠦᠮᠡᠨ ᠬᠥᠮᠥᠨ ᠤᠳᠠᠭ᠎ᠠ᠂ ᠪᠠᠷᠠᠭ᠎ᠠ ᠰᠢᠤᠳᠠᠨ᠎ᠤ ᠣᠷᠣᠭᠤᠯᠵᠤ ᠭᠠᠷᠭᠠᠬᠤ ᠬᠡᠮᠵᠢᠶ᠎ᠡ᠎ᠶᠢ 32 ᠲᠦᠮᠡᠨ ᠲᠣᠨ᠂ ᠨᠢᠰᠬᠡᠯ᠎ᠦᠨ ᠨᠢᠰᠴᠦ ᠪᠠᠭᠤᠬᠤ᠎ᠶᠢ 24.4 ᠲᠦᠮᠡᠨ ᠨᠢᠰᠬᠡᠯ ᠤᠳᠠᠭ᠎ᠠ᠎ᠶᠢᠨ ᠬᠠᠷᠠᠯᠲᠠ᠎ᠶᠢᠨ ᠲᠥᠯᠥᠪᠯᠡᠭᠡ᠎ᠶᠢ ᠬᠠᠩᠭᠠᠵᠤ᠂ ᠪᠠᠢᠭᠤᠯᠤᠭᠰᠠᠨ ᠠᠶᠠᠯᠠᠯ᠎ᠤᠨ ᠥᠷᠲᠡᠭᠡᠨ᠎ᠦ ᠠᠰᠠᠷ᠎ᠤᠨ ᠲᠠᠯᠠᠪᠠᠶ 32 ᠲᠦᠮᠡᠨ ᠺᠦᠸᠠᠳ᠋ ᠮᠧᠲᠷ ᠪᠠᠢᠵᠤ᠂ 2 ᠺᠢᠯᠣᠮᠧᠲᠷ᠎ᠦᠨ ᠵᠠᠢᠲᠠᠢ ᠬᠣᠯᠠ ᠵᠠᠢ᠎ᠶᠢᠨ ᠵᠡᠷᠭᠡᠴᠡᠭᠡ ᠭᠦᠶᠦᠯᠲᠡ᠎ᠶᠢᠨ ᠵᠠᠮ 2 ᠪᠠᠢᠨ᠎ᠠ᠃
2020 ᠣᠨ᠎ᠤ 7 ᠳ᠋ᠤᠭᠠᠷ ᠰᠠᠷ᠎ᠠ᠎ᠠᠴᠠ ᠠᠵᠢᠯ ᠡᠬᠢᠯᠡᠭᠰᠡᠨ᠎ᠡᠴᠡ ᠨᠠᠭᠠᠰᠢ᠂ ᠪᠥᠬᠥ ᠪᠠᠢᠭᠤᠯᠤᠭ᠍ᠴᠢᠳ᠎ᠤᠨ ᠴᠥᠬᠥᠷᠡᠰᠢ ᠦᠭᠡᠢ ᠴᠢᠷᠮᠠᠢᠯᠭ᠎ᠠ ᠳᠣᠣᠷ᠎ᠠ᠂ ᠡᠨᠡ ᠵᠢᠯ᠎ᠦᠨ 10 ᠳ᠋ᠤᠭᠠᠷ ᠰᠠᠷ᠎ᠠ᠎ᠶᠢᠨ 5 ᠤ ᠡᠳᠦᠷ ᠨᠢᠰᠦᠯᠲᠡ᠎ᠶᠢᠨ ᠬᠠᠷᠭᠤᠭᠤᠯᠤᠨ ᠰᠢᠯᠭᠠᠬᠤ ᠡᠭᠦᠷᠭᠡ᠎ᠪᠡᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠲᠤᠷᠰᠢᠨ ᠨᠢᠰᠬᠦ ᠠᠵᠢᠯ ᠪᠣᠯ ᠰᠢᠨ᠎ᠡ᠎ᠪᠡᠷ ᠪᠠᠢᠭᠤᠯᠤᠭᠰᠠᠨ ᠨᠢᠰᠬᠡᠯ᠎ᠦᠨ ᠪᠠᠭᠤᠳᠠᠯ᠎ᠤᠨ ᠠᠵᠢᠯ ᠲᠥᠷᠥᠯ᠎ᠢ ᠰᠢᠯᠭᠠᠨ ᠠᠪᠬᠤ᠎ᠠᠴᠠ ᠡᠮᠦᠨᠡᠬᠢ ᠬᠠᠮᠤᠭ᠎ᠤᠨ ᠴᠢᠬᠤᠯᠠ ᠵᠠᠩᠭᠢᠯᠠᠭ᠎ᠠ᠎ᠶᠢᠨ ᠡᠭᠦᠷᠭᠡ ᠪᠣᠯᠣᠨ᠎ᠠ᠃ ᠲᠣᠰ ᠤᠳᠠᠭᠠᠨ᠎ᠤ ᠲᠤᠷᠰᠢᠨ ᠨᠢᠰᠦᠯᠲᠡ᠎ᠶᠢ ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠠᠷ ᠠᠶᠠᠯᠠᠯ᠎ᠤᠨ ᠺᠣᠮᠫᠠᠨᠢ ᠭᠦᠢᠴᠡᠳᠬᠡᠵᠦ᠂ ᠨᠡᠶ᠋ᠢᠲᠡ 500 ᠮᠢᠨᠦ᠋ᠲ ᠣᠷᠴᠢᠮ ᠬᠡᠷᠡᠭᠰᠡᠪᠡ᠃ ᠰᠢᠯᠭᠠᠨ ᠪᠠᠲᠤᠯᠠᠯᠲᠠ᠎ᠶᠢᠨ ᠢᠯᠡᠷᠡᠭᠦᠯᠦᠭᠰᠡᠨ᠎ᠢᠶᠡᠷ᠂ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠨᠢᠰᠦᠯᠲᠡ᠎ᠶᠢᠨ ᠵᠢᠷᠤᠮ᠂ ᠠᠵᠢᠯᠯᠠᠭᠠᠨ᠎ᠤ ᠪᠠᠷᠢᠮᠵᠢᠶ᠎ᠠ᠂ ᠴᠢᠮᠡᠭᠡ ᠬᠣᠯᠪᠣᠭ᠎ᠠ ᠵᠠᠮᠴᠢᠯᠠᠯ᠂ ᠨᠢᠰᠦᠯᠲᠡ᠎ᠶᠢᠨ ᠲᠣᠭᠣᠷᠢᠭ᠋᠎ᠤᠨ ᠵᠠᠮ᠎ᠤᠨ ᠭᠠᠳᠠᠷᠭᠤ᠂ ᠭᠤᠯᠭᠤᠯᠲᠠ᠎ᠶᠢᠨ ᠲᠡᠮᠳᠡᠭ ᠵᠡᠷᠭᠡ ᠡᠯ᠎ᠡ ᠵᠦᠢᠯ᠎ᠦᠨ ᠰᠢᠯᠭᠠᠨ ᠪᠠᠲᠤᠯᠠᠯᠲᠠ᠎ᠶᠢᠨ ᠭᠦᠢᠴᠡᠳᠬᠡᠯ ᠲᠣᠭ᠎ᠠ ᠨᠢ ᠬᠡᠪ᠎ᠦᠨ ᠪᠠᠢᠵᠤ᠂ ᠠᠵᠢᠯ ᠲᠥᠷᠥᠯ᠎ᠦᠨ ᠪᠠᠷᠢᠮᠵᠢᠶ᠎ᠠ᠎ᠳᠤ ᠨᠡᠢᠴᠡᠵᠦ ᠪᠠᠢᠨ᠎ᠠ᠃
ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠭᠤᠷᠪᠠᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠭᠣᠣᠯᠳᠠᠯᠭ᠎ᠠ ᠪᠣᠯᠬᠤ ᠲᠥᠷᠥᠯ ᠵᠦᠢᠯ ᠪᠣᠯᠣᠨ᠎ᠠ᠃ ᠠᠵᠢᠯᠯᠠᠭᠠᠨ᠎ᠳᠤ ᠣᠷᠣᠭᠰᠠᠨ᠎ᠤ ᠳᠠᠷᠠᠭ᠎ᠠ᠂ A380 ᠵᠡᠷᠭᠡ ᠲᠣᠮᠣ᠌ ᠬᠡᠯᠪᠡᠷᠢ᠎ᠶᠢᠨ ᠠᠶᠠᠨᠴᠢᠨ᠎ᠤ ᠨᠢᠰᠬᠡᠯ᠎ᠦᠨ ᠨᠢᠰᠴᠦ ᠪᠠᠭᠤᠬᠤ ᠨᠥᠬᠥᠴᠡᠯ᠎ᠢ ᠬᠠᠩᠭᠠᠵᠤ᠂ ᠣᠷᠣᠨ ᠪᠦᠰᠡ᠎ᠶᠢᠨ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠦᠢᠯᠡᠴᠢᠯᠡᠭᠡᠨ᠎ᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠣᠷᠣᠨ᠎ᠤ ᠠᠭᠠᠷ ᠠᠶᠠᠯᠠᠯ᠎ᠤᠨ ᠴᠢᠬᠤᠯᠠ ᠬᠦᠢᠰᠦ᠂ ᠪᠡᠭᠡᠵᠢᠩ ᠲᠢᠶᠠᠨᠵᠢᠨ ᠾᠧᠪᠧᠢ᠎ᠶᠢᠨ ᠨᠢᠰᠬᠡᠯ᠎ᠦᠨ ᠪᠠᠭᠤᠳᠠᠯ᠎ᠤᠨ ᠪᠥᠭᠡᠮᠨᠡᠷᠡᠯ᠎ᠦᠨ ᠭᠣᠣᠯ ᠪᠡᠯᠡᠳᠬᠡᠯ ᠨᠢᠰᠬᠡᠯ᠎ᠦᠨ ᠪᠠᠭᠤᠳᠠᠯ᠂ ᠨᠢᠭᠡᠳᠦᠭᠡᠷ ᠲᠥᠷᠥᠯ᠎ᠦᠨ ᠠᠭᠠᠷ ᠠᠶᠠᠯᠠᠯ᠎ᠤᠨ ᠬᠢᠯᠢ᠎ᠶᠢᠨ ᠪᠣᠭᠣᠮᠲᠠ᠂ 《ᠨᠢᠭᠡ ᠪᠦᠰᠡ ᠨᠢᠭᠡ ᠵᠠᠮ》᠎ᠤᠨ ᠪᠠᠢᠯᠳᠤᠬᠤ ᠪᠣᠳᠣᠯᠭ᠎ᠠ᠎ᠶᠢᠨ ᠵᠠᠮ ᠬᠠᠷᠢᠯᠴᠠᠭᠠᠨ᠎ᠤ ᠴᠢᠬᠤᠯᠠ ᠵᠠᠩᠭᠢᠯᠠᠭ᠎ᠠ ᠪᠣᠯᠬᠤ ᠪᠣᠯᠣᠨ᠎ᠠ᠃