ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠮᠠᠨᠵᠤᠤᠷ ᠬᠢᠯᠢ᠎ᠶᠢᠨ ᠪᠣᠭᠣᠮᠲᠠ ᠨᠢ ᠭᠠᠳᠠᠭᠠᠳᠤ᠎ᠶᠢᠨ ᠬᠥᠮᠥᠨ᠎ᠦ ᠬᠢᠯᠢ᠎ᠪᠠᠷ ᠣᠷᠣᠬᠤ ᠺᠠᠷᠲ᠎ᠤᠨ ᠰᠦᠯᠵᠢᠶ᠎ᠡ᠎ᠪᠡᠷ ᠲᠠᠭᠯᠠᠨ ᠮᠡᠳᠡᠭᠦᠯᠬᠦ ᠰᠢᠰᠲᠧᠮ᠎ᠢ ᠬᠡᠷᠡᠭᠯᠡᠵᠦ ᠡᠬᠢᠯᠡᠪᠡ
ᠨᠡᠶ᠋ᠢᠲᠡᠯᠡᠭᠰᠡᠨ ᠴᠠᠭ᠄ 2025-11-27

ᠣᠢᠷ᠎ᠠ᠎ᠳᠤ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠲᠣᠪᠴᠢᠶ᠎ᠠ ᠨᠢ ᠭᠠᠳᠠᠭᠠᠳᠤ᠎ᠶᠢᠨ ᠬᠥᠮᠥᠨ᠎ᠦ ᠬᠢᠯᠢ᠎ᠪᠡᠷ ᠣᠷᠣᠬᠤ ᠺᠠᠷᠲ᠎ᠤᠨ ᠰᠦᠯᠵᠢᠶ᠎ᠡ᠎ᠪᠡᠷ ᠲᠠᠭᠯᠠᠨ ᠮᠡᠳᠡᠭᠦᠯᠬᠦ ᠰᠢᠨ᠎ᠡ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠡᠢ᠂ ᠮᠠᠨᠵᠤᠤᠷ ᠬᠢᠯᠢ᠎ᠶᠢᠨ ᠪᠠᠢᠴᠠᠭᠠᠯᠲᠠ᠎ᠶᠢᠨ ᠥᠷᠲᠡᠭᠡ ᠡᠨᠡ ᠬᠦ᠌ ᠲᠠᠭᠯᠠᠨ ᠮᠡᠳᠡᠭᠦᠯᠬᠦ ᠡᠯᠧᠺᠲᠷᠣᠨ ᠰᠢᠰᠲᠧᠮ᠎ᠢ ᠵᠡᠷᠭᠡ᠎ᠪᠡᠷ ᠬᠡᠷᠡᠭᠯᠡᠵᠦ ᠡᠬᠢᠯᠡᠭᠰᠡᠨ ᠪᠠᠢᠨ᠎ᠠ᠃ ᠲᠤᠬᠠᠢ᠎ᠶᠢᠨ ᠡᠳᠦᠷ ᠮᠠᠨᠵᠤᠤᠷ᠎ᠤᠨ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠶᠢᠨ ᠠᠩᠬᠠᠳᠠᠭ᠍ᠴᠢ ᠡᠭᠡᠯᠵᠢ᠎ᠶᠢᠨ ᠬᠢᠯᠢ᠎ᠪᠡᠷ ᠣᠷᠣᠵᠤ ᠢᠷᠡᠬᠦ ᠣᠯᠠᠨ ᠤᠯᠤᠰ᠎ᠤᠨ ᠡᠭᠡᠯᠵᠢ᠎ᠶᠢᠨ ᠮᠠᠰᠢᠨ᠎ᠳᠤ ᠰᠠᠭᠤᠭᠰᠠᠨ ᠭᠠᠳᠠᠭᠠᠳᠤ᠎ᠶᠢᠨ ᠠᠶᠠᠨᠴᠢᠳ ᠰᠦᠯᠵᠢᠶ᠎ᠡ᠎ᠪᠡᠷ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠦᠭᠡᠳ ᠤᠷᠤᠭᠰᠢᠲᠠᠢ᠎ᠪᠠᠷ ᠬᠢᠯᠢ᠎ᠶᠢᠨ ᠪᠣᠭᠣᠮᠲᠠ᠎ᠶᠢ ᠥᠩᠭᠡᠷᠡᠵᠡᠢ᠂ ᠡᠨᠡ ᠨᠢ ᠳᠤᠮᠳᠠᠳᠤ ᠪᠠ ᠣᠷᠣᠰ᠎ᠤᠨ ᠬᠢᠯᠢ᠎ᠳᠡᠬᠢ ᠡᠨᠡ ᠬᠦ᠌ ᠴᠢᠬᠤᠯᠠ ᠬᠢᠯᠢ᠎ᠶᠢᠨ ᠪᠣᠭᠣᠮᠲᠠ᠎ᠶᠢᠨ ᠳᠥᠭᠥᠮᠴᠢᠯᠡᠭᠰᠡᠨ ᠦᠢᠯᠡᠴᠢᠯᠡᠭᠡᠨ᠎ᠦ ᠬᠢᠷᠢ ᠲᠦᠪᠰᠢᠨ ᠰᠢᠨ᠎ᠡ ᠳᠡᠭᠡᠭᠰᠢᠯᠡᠯᠲᠡ᠎ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃ᠲᠠᠭᠯᠠᠨ ᠮᠡᠳᠡᠭᠦᠯᠬᠦ ᠡᠯᠧᠺᠲᠷᠣᠨ ᠰᠢᠰᠲᠧᠮ᠎ᠢ ᠬᠡᠷᠡᠭᠯᠡᠵᠦ ᠡᠬᠢᠯᠡᠭᠰᠡᠨ ᠠᠩᠬᠠᠨ᠎ᠤ ᠡᠳᠦᠷ᠎ᠲᠦ᠂ 500 ᠭᠠᠷᠤᠢ ᠬᠥᠮᠥᠨ ᠤᠳᠠᠭ᠎ᠠ᠎ᠶᠢᠨ ᠭᠠᠳᠠᠭᠠᠳᠤ᠎ᠶᠢᠨ ᠠᠶᠠᠨᠴᠢᠳ ᠲᠤᠰ ᠰᠢᠰᠲᠧᠮ᠎ᠢᠶᠡᠷ ᠭᠠᠷᠲᠠᠮ᠎ᠢᠶᠠᠨ ᠲᠦᠷᠭᠡᠨ ᠭᠦᠢᠴᠡᠳᠬᠡᠵᠦ ᠣᠷᠣᠵᠤ ᠢᠷᠡᠪᠡ᠃ 

ᠣᠢᠯᠠᠭᠠᠭᠰᠠᠨ᠎ᠢᠶᠠᠷ᠂ ᠡᠨᠡ ᠤᠳᠠᠭᠠᠨ᠎ᠤ ᠬᠡᠷᠡᠭᠵᠢᠭᠦᠯᠦᠭᠰᠡᠨ ᠭᠠᠳᠠᠭᠠᠳᠤ᠎ᠶᠢᠨ ᠬᠥᠮᠥᠨ᠎ᠦ ᠬᠢᠯᠢ᠎ᠳᠦ ᠣᠷᠣᠬᠤ ᠺᠠᠷᠲ᠎ᠢ ᠰᠦᠯᠵᠢᠶ᠎ᠡ᠎ᠪᠡᠷ ᠲᠠᠭᠯᠠᠨ ᠮᠡᠳᠡᠭᠦᠯᠬᠦ ᠲᠥᠷᠥ᠎ᠶᠢᠨ ᠪᠣᠳᠣᠯᠭ᠎ᠠ ᠪᠣᠯ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠲᠣᠪᠴᠢᠶᠠᠨ᠎ᠤ ᠭᠠᠷᠭᠠᠭᠰᠠᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ 10 ᠵᠦᠢᠯ᠎ᠦᠨ ᠰᠢᠨ᠎ᠡ᠎ᠶᠢ ᠡᠭᠦᠳᠦᠭᠰᠡᠨ ᠠᠷᠭ᠎ᠠ ᠬᠡᠮᠵᠢᠶ᠎ᠡ᠎ᠶᠢᠨ ᠨᠢᠭᠡ ᠪᠣᠯᠣᠨ᠎ᠠ᠃ ᠭᠠᠳᠠᠭᠠᠳᠤ᠎ᠶᠢᠨ ᠠᠶᠠᠨᠴᠢᠳ ᠳᠤᠮᠳᠠᠳᠤ ᠤᠯᠤᠰ᠎ᠲᠤ ᠢᠷᠡᠬᠦ᠎ᠡᠴᠡ᠎ᠪᠡᠨ ᠡᠮᠦᠨ᠎ᠡ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠂ 《ᠨᠡᠭᠦᠳᠡᠯ ᠠᠷᠠᠳ᠎ᠤᠨ ᠲᠣᠪᠴᠢᠶ᠎ᠠ 12367》 APP᠂ ᠸᠢᠴᠠᠲ (ᡁᠢ ᠹᠦ ᠪᠣᠣ)᠎ᠦᠨ ᠵᠢᠵᠢᠭ ᠫᠷᠣᠭ᠌ᠷᠠᠮ ᠪᠤᠶᠤ ᠬᠢᠯᠢ᠎ᠪᠠᠷ ᠣᠷᠣᠬᠤ ᠺᠠᠷᠲ᠎ᠤᠨ ᠲᠠᠭᠯᠠᠨ ᠮᠡᠳᠡᠭᠦᠯᠬᠦ ᠺᠣᠳ᠋᠎ᠢ ᠰᠢᠷᠪᠢᠬᠦ ᠵᠡᠷᠭᠡ ᠣᠯᠠᠨ ᠵᠦᠢᠯ᠎ᠦᠨ ᠠᠷᠭ᠎ᠠ ᠵᠠᠮ᠎ᠢᠶᠠᠷ ᠳᠠᠮᠵᠢᠭᠤᠯᠤᠨ᠂ ᠬᠢᠯᠢ᠎ᠪᠡᠷ ᠣᠷᠣᠬᠤ ᠮᠡᠳᠡᠭᠡ ᠵᠠᠩᠭᠢ᠎ᠪᠠᠨ ᠤᠷᠢᠳᠴᠢᠯᠠᠨ ᠰᠦᠯᠵᠢᠶ᠎ᠡ᠎ᠪᠡᠷ ᠲᠠᠭᠯᠠᠨ ᠮᠡᠳᠡᠭᠦᠯᠵᠦ ᠪᠣᠯᠣᠨ᠎ᠠ᠃ ᠰᠦᠯᠵᠢᠶ᠎ᠡ᠎ᠪᠡᠷ ᠲᠠᠭᠯᠠᠨ ᠮᠡᠳᠡᠭᠦᠯᠬᠦ ᠨᠥᠬᠥᠴᠡᠯ ᠦᠭᠡᠢ ᠠᠶᠠᠨᠴᠢᠳ ᠬᠢᠯᠢ᠎ᠶᠢᠨ ᠪᠣᠭᠣᠮᠲᠠ᠎ᠳᠤ ᠭᠦᠷᠦᠭᠰᠡᠨ᠎ᠦ ᠳᠠᠷᠠᠭ᠎ᠠ ᠮᠥᠨ ᠬᠦ᠌ ᠠᠬᠤᠢ ᠲᠠᠯᠠᠪᠠᠢ᠎ᠳᠠᠬᠢ ᠣᠶᠤᠨᠲᠤ ᠲᠥᠬᠦᠭᠡᠷᠦᠮᠵᠢ᠎ᠪᠡᠷ ᠳᠠᠮᠵᠢᠭᠤᠯᠤᠨ ᠲᠠᠭᠯᠠᠨ ᠮᠡᠳᠡᠭᠦᠯᠬᠦ ᠪᠤᠶᠤ ᠬᠢᠯᠢ᠎ᠪᠡᠷ ᠣᠷᠣᠬᠤ ᠴᠠᠭᠠᠰᠤᠨ ᠺᠠᠷᠲ᠎ᠢ ᠲᠠᠭᠯᠠᠵᠤ ᠪᠣᠯᠣᠨ᠎ᠠ᠂ ᠨᠥᠬᠥᠴᠡᠯ᠎ᠳᠦ ᠨᠡᠢᠴᠡᠬᠦ 7 ᠲᠥᠷᠥᠯ᠎ᠦᠨ ᠭᠠᠳᠠᠭᠠᠳᠤ᠎ᠶᠢᠨ ᠬᠥᠮᠥᠨ ᠨᠢ ᠲᠠᠭᠯᠠᠨ ᠮᠡᠳᠡᠭᠦᠯᠬᠦ ᠴᠢᠬᠤᠯᠠ ᠦᠭᠡᠢ ᠲᠥᠷᠥ᠎ᠶᠢᠨ ᠪᠣᠳᠣᠯᠭ᠎ᠠ᠎ᠶᠢ ᠭᠥᠷᠳᠡᠵᠦ᠂ 《ᠣᠯᠠᠨ ᠡᠰᠢᠲᠦ ᠰᠣᠩᠭᠣᠯᠲᠠ ᠬᠢᠵᠦ᠂ ᠵᠠᠢ ᠵᠠᠪᠰᠠᠷ ᠦᠭᠡᠢ ᠵᠣᠯᠭᠠᠭᠤᠯᠤᠨ》 ᠪᠣᠭᠣᠮᠲᠠ᠎ᠪᠠᠷ ᠥᠩᠭᠡᠷᠡᠵᠦ ᠪᠣᠯᠣᠨ᠎ᠠ᠃ 

ᠰᠢᠨ᠎ᠡ ᠲᠥᠷᠥ᠎ᠶᠢᠨ ᠪᠣᠳᠣᠯᠭ᠎ᠠ᠎ᠶᠢ ᠲᠣᠭᠲᠠᠭᠤᠨ᠎ᠢᠶᠠᠷ ᠪᠤᠲᠠᠲᠠᠢᠵᠢᠭᠤᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠮᠠᠨᠵᠤᠤᠷ ᠬᠢᠯᠢ᠎ᠶᠢᠨ ᠪᠠᠢᠴᠠᠭᠠᠯᠲᠠ᠎ᠶᠢᠨ ᠥᠷᠲᠡᠭᠡ ᠡᠮᠦᠨᠡᠬᠢ ᠬᠤᠭᠤᠴᠠᠭᠠᠨ᠎ᠳᠤ ᠭᠦᠢᠴᠡᠳ ᠪᠡᠯᠡᠳᠬᠡᠯ ᠬᠢᠵᠡᠢ᠄ ᠵᠥᠭᠡᠯᠡᠨ ᠬᠠᠲᠠᠭᠤ ᠬᠡᠷᠡᠭᠰᠡᠯ᠎ᠦᠨ ᠪᠡᠯᠡᠳᠬᠡᠮᠵᠢ᠎ᠶᠢᠨ ᠪᠠᠲᠤᠯᠠᠭ᠎ᠠ᠎ᠪᠠᠨ ᠴᠢᠩᠭᠠᠳᠬᠠᠬᠤ᠂ ᠪᠥᠬᠥ ᠠᠵᠢᠯᠲᠠᠨ᠎ᠤ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠬᠦ᠂ ᠲᠥᠷᠥ᠎ᠶᠢᠨ ᠪᠣᠳᠣᠯᠭ᠎ᠠ᠎ᠶᠢ ᠣᠯᠠᠨ ᠠᠷᠭ᠎ᠠ ᠵᠠᠮ᠎ᠢᠶᠠᠷ ᠤᠬᠠᠭᠤᠯᠤᠨ ᠲᠠᠢᠯᠪᠤᠷᠢᠯᠠᠬᠤ᠂ ᠪᠠᠴᠢᠮ ᠪᠠᠢᠳᠠᠯ᠎ᠢ ᠠᠷᠭᠠᠴᠠᠭᠠᠬᠤ ᠲᠤᠰᠬᠠᠢ ᠲᠥᠰᠥᠯ᠎ᠢ ᠲᠣᠭᠲᠠᠭᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠬᠢᠯᠢ᠎ᠪᠡᠷ ᠣᠷᠣᠬᠤ ᠪᠠᠢᠴᠠᠭᠠᠨ ᠰᠢᠯᠭᠠᠯᠲᠠ᠎ᠶᠢᠨ ᠴᠤᠪᠤᠷᠠᠯ᠎ᠢ ᠪᠥᠬᠥ ᠲᠠᠯ᠎ᠠ᠎ᠪᠠᠷ ᠰᠢᠯᠢᠳᠡᠭᠵᠢᠭᠦᠯᠵᠡᠢ᠃ 《ᠠᠶᠠᠨᠴᠢᠳ ᠮᠡᠳᠡᠭᠡ ᠵᠠᠩᠭᠢ᠎ᠪᠠᠨ ᠤᠷᠢᠳᠴᠢᠯᠠᠨ ᠰᠦᠯᠵᠢᠶ᠎ᠡ᠎ᠪᠡᠷ ᠲᠠᠭᠯᠠᠭᠰᠠᠨ᠎ᠤ ᠳᠠᠷᠠᠭ᠎ᠠ᠂ ᠬᠢᠯᠢ᠎ᠪᠡᠷ ᠣᠷᠣᠬᠤ ᠦᠶ᠎ᠡ᠎ᠳᠦ ᠲᠠᠭᠯᠠᠨ ᠮᠡᠳᠡᠭᠦᠯᠦᠭᠰᠡᠨ ᠬᠠᠷᠢᠭᠤ ᠪᠠᠷᠢᠮᠲᠠ᠎ᠪᠠᠨ ᠦᠵᠡᠭᠦᠯᠪᠡᠯ ᠳᠠᠷᠤᠢ ᠬᠠᠷᠭᠤᠭᠤᠯᠬᠤ ᠪᠠᠢᠴᠠᠭᠠᠯᠲᠠ᠎ᠶᠢ ᠨᠢ ᠭᠦᠢᠴᠡᠳᠬᠡᠵᠦ᠂ ᠠᠬᠤᠢ ᠲᠠᠯᠠᠪᠠᠢ᠎ᠳᠤ ᠬᠦᠯᠢᠶᠡᠬᠦ ᠴᠠᠭ᠎ᠢ ᠨᠢ ᠶᠡᠬᠡ᠎ᠪᠡᠷ ᠪᠣᠭᠣᠨᠢᠰᠬᠠᠵᠤ ᠪᠣᠯᠣᠨ᠎ᠠ᠃》 ᠭᠡᠵᠦ ᠮᠠᠨᠵᠤᠤᠷ ᠬᠢᠯᠢ᠎ᠶᠢᠨ ᠪᠠᠢᠴᠠᠭᠠᠯᠲᠠ᠎ᠶᠢᠨ ᠥᠷᠲᠡᠭᠡᠨ᠎ᠦ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠯᠲᠠ᠎ᠶᠢᠨ ᠭᠠᠵᠠᠷ᠎ᠤᠨ ᠳᠠᠷᠤᠭ᠎ᠠ ᠰᠦᠨ ᠵᠥᠩ ᠠᠨ ᠲᠠᠨᠢᠯᠴᠠᠭᠤᠯᠵᠠᠢ᠂ ᠡᠨᠡ ᠬᠦ᠌ ᠠᠷᠭ᠎ᠠ ᠬᠡᠮᠵᠢᠶ᠎ᠡ ᠨᠢ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠠᠶᠠᠨᠴᠢᠳ᠎ᠤᠨ ᠪᠡᠶᠡᠴᠢᠯᠡᠭᠰᠡᠨ ᠣᠢᠯᠠᠭᠠᠯᠲᠠ᠎ᠶᠢ ᠨᠢ ᠤᠯᠠᠮ ᠰᠢᠯᠢᠳᠡᠭᠵᠢᠭᠦᠯᠦᠭᠰᠡᠨ ᠪᠠᠢᠨ᠎ᠠ᠂ ᠡᠨᠡ ᠪᠣᠯ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠳᠦ ᠦᠢᠯᠡᠴᠢᠯᠡᠬᠦ ᠪᠣᠳᠠᠲᠠᠢ ᠦᠢᠯᠡᠳᠦᠯᠭᠡ ᠪᠣᠯᠣᠨ᠎ᠠ᠃ 

ᠳᠤᠮᠳᠠᠳᠤ ᠪᠠ ᠣᠷᠣᠰ᠎ᠤᠨ ᠬᠢᠯᠢ᠎ᠳᠠᠬᠢ ᠴᠢᠬᠤᠯᠠ ᠬᠢᠯᠢ᠎ᠶᠢᠨ ᠪᠣᠭᠣᠮᠲᠠ᠎ᠶᠢᠨ ᠬᠣᠲᠠ ᠪᠣᠯᠤᠭᠰᠠᠨ᠎ᠤ ᠬᠤᠪᠢ᠎ᠳᠤ᠂ ᠮᠠᠨᠵᠤᠤᠷ᠎ᠤᠨ ᠣᠢᠷ᠎ᠠ᠎ᠶᠢᠨ ᠵᠢᠯ᠎ᠦᠳ᠎ᠲᠤ ᠬᠢᠯᠢ᠎ᠪᠡᠷ ᠣᠷᠣᠵᠤ ᠢᠷᠡᠭᠰᠡᠨ ᠠᠶᠠᠨᠴᠢᠳ᠎ᠤᠨ ᠲᠣᠭ᠎ᠠ ᠦᠷᠭᠦᠯᠵᠢᠯᠡᠨ ᠨᠡᠮᠡᠭᠳᠡᠵᠡᠢ᠂ ᠢᠯᠠᠩᠭᠤᠶ᠎ᠠ ᠣᠷᠣᠰ᠎ᠤᠨ ᠡᠩ᠎ᠦᠨ ᠫᠠᠰᠫᠣᠷᠲ᠎ᠲᠠᠢ ᠬᠥᠮᠥᠰ᠎ᠲᠦ ᠸᠢᠰᠠ᠎ᠶᠢ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠲᠤᠷᠰᠢᠨ ᠬᠡᠷᠡᠭᠵᠢᠭᠦᠯᠦᠭᠰᠡᠨ᠎ᠦ ᠳᠠᠷᠠᠭ᠎ᠠ᠂ ᠬᠢᠯᠢ ᠠᠯᠤᠰᠯᠠᠭᠰᠠᠨ ᠬᠥᠮᠥᠰ᠎ᠦᠨ ᠶᠠᠪᠤᠯᠴᠠᠭ᠎ᠠ ᠶᠠᠪᠤᠬᠤ ᠲᠤᠲᠤᠮ ᠣᠯᠠᠰᠢᠷᠠᠪᠠ᠃ ᠡᠨᠡ ᠬᠦ᠌ ᠤᠳᠠᠭᠠᠨ᠎ᠤ ᠲᠠᠭᠯᠠᠨ ᠮᠡᠳᠡᠭᠦᠯᠬᠦ ᠡᠯᠧᠺᠲᠷᠣᠨ ᠰᠢᠰᠲᠧᠮ᠎ᠢ ᠬᠡᠷᠡᠭᠯᠡᠵᠦ ᠡᠬᠢᠯᠡᠭᠰᠡᠨ ᠨᠢ ᠳᠤᠮᠳᠠᠳᠤ ᠪᠠ ᠣᠷᠣᠰ᠎ᠤᠨ ᠬᠢᠯᠢ ᠠᠯᠤᠰᠯᠠᠭᠰᠠᠨ ᠵᠢᠭᠤᠯᠴᠢᠯᠠᠯ᠂ ᠬᠤᠳᠠᠯᠳᠤᠭ᠎ᠠ ᠵᠡᠷᠭᠡ ᠠᠵᠢᠯ ᠶᠠᠪᠤᠳᠠᠯ ᠲᠠᠢ ᠬᠥᠮᠥᠰ᠎ᠲᠦ ᠤᠯᠠᠮ ᠨᠢᠭᠡ ᠠᠯᠬᠤᠮ ᠲᠥᠬᠥᠮ ᠦᠵᠡᠭᠦᠯᠬᠦ ᠪᠣᠯᠣᠨ᠎ᠠ᠃ ᠣᠢᠯᠠᠭᠠᠭᠰᠠᠨ᠎ᠢᠶᠠᠷ᠂ ᠮᠠᠨᠵᠤᠤᠷ ᠬᠢᠯᠢ᠎ᠶᠢᠨ ᠪᠠᠢᠴᠠᠭᠠᠯᠲᠠ᠎ᠶᠢᠨ ᠥᠷᠲᠡᠭᠡ ᠨᠢ ᠬᠣᠢᠰᠢᠳᠠ ᠰᠢᠰᠲᠧᠮ᠎ᠦᠨ ᠠᠵᠢᠯᠯᠠᠭᠠᠨ᠎ᠤ ᠪᠠᠢᠳᠠᠯ᠎ᠢ ᠨᠢᠭ᠍ᠲᠠ ᠠᠩᠬᠠᠷᠴᠤ᠂ ᠠᠶᠠᠨᠴᠢᠳ᠎ᠤᠨ ᠬᠠᠷᠢᠭᠤ ᠲᠤᠰᠬᠠᠯ᠎ᠢ ᠥᠷᠭᠡᠨ᠎ᠢᠶᠡᠷ ᠴᠤᠭᠯᠠᠭᠤᠯᠤᠨ᠂ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠦᠷᠭᠦᠯᠵᠢᠯᠡᠨ ᠲᠡᠭᠦᠯᠳᠡᠷᠵᠢᠭᠦᠯᠵᠦ᠂ ᠪᠣᠭᠣᠮᠲᠠ᠎ᠪᠠᠷ ᠥᠩᠭᠡᠷᠡᠬᠦ ᠥᠨᠳᠥᠷ ᠪᠦᠲᠦᠮᠵᠢᠲᠡᠶ ᠰᠠᠭᠠᠳ ᠦᠭᠡᠢ ᠣᠷᠴᠢᠨ ᠨᠥᠬᠥᠴᠡᠯ᠎ᠢ ᠪᠥᠬᠥ ᠬᠦᠴᠦᠨ᠎ᠢᠶᠡᠷ᠎ᠢᠶᠡᠨ ᠪᠣᠶ ᠪᠣᠯᠭᠠᠵᠤ᠂ ᠳᠤᠮᠳᠠᠳᠤ ᠭᠠᠳᠠᠭᠠᠳᠤ᠎ᠶᠢᠨ ᠬᠥᠮᠥᠰ᠎ᠦᠨ ᠶᠠᠪᠤᠯᠴᠠᠭ᠎ᠠ᠎ᠶᠢ ᠠᠬᠢᠭᠤᠯᠬᠤ᠎ᠳᠤ ᠨᠠᠩ ᠪᠠᠲᠤ ᠪᠠᠲᠤᠯᠠᠭ᠎ᠠ ᠬᠠᠩᠭᠠᠬᠤ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ