ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠷᠠᠰᠢᠶᠠᠨ᠎ᠤ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠶᠢ ᠵᠢᠯ ᠲᠤᠷᠰᠢ ᠨᠡᠭᠡᠭᠡᠬᠦ ᠪᠣᠯᠪᠠ
ᠨᠡᠶ᠋ᠢᠲᠡᠯᠡᠭᠰᠡᠨ ᠴᠠᠭ᠄ 2025-11-27

ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠦᠴᠦᠲᠡᠢ ᠳᠡᠮᠵᠢᠵᠦ ᠠᠬᠢᠭᠤᠯᠤᠭᠰᠠᠨ᠎ᠢᠶᠠᠷ᠂ ᠣᠯᠠᠨ ᠲᠠᠯ᠎ᠠ᠎ᠶᠢᠨ ᠢᠳᠡᠪᠬᠢᠲᠡᠢ ᠪᠥᠭᠡᠳ ᠴᠥᠬᠥᠷᠡᠰᠢ ᠦᠭᠡᠢ ᠴᠢᠷᠮᠠᠢᠯᠭ᠎ᠠ᠎ᠪᠠᠷ ᠳᠡᠮᠵᠢᠨ᠂ 11 ᠳ᠋ᠦ᠍ᠭᠡᠷ ᠰᠠᠷ᠎ᠠ᠎ᠶᠢᠨ 24᠎ᠦ ᠡᠳᠦᠷ᠎ᠡᠴᠡ ᠡᠬᠢᠯᠡᠨ᠂ ᠳᠤᠮᠳᠠᠳᠤ ᠤᠯᠤᠰ᠎ᠡᠴᠡ ᠮᠣᠩᠭᠣᠯ ᠤᠯᠤᠰ᠎ᠲᠤ ᠨᠡᠪᠲᠡᠷᠡᠬᠦ ᠬᠠᠮᠤᠭ᠎ᠤᠨ ᠳᠥᠭᠥᠮ ᠳᠥᠲᠡ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ᠎ᠨᠤᠭᠤᠳ᠎ᠤᠨ ᠨᠢᠭᠡ᠂ ᠬᠢᠩᠭᠠᠨ ᠠᠢᠮᠠᠭ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠣᠪᠴᠢ ᠪᠠ ᠡᠮᠦᠨ᠎ᠡ ᠵᠢᠭ᠍ᠰᠠᠭᠠᠯ᠎ᠤᠨ ᠭᠠᠵᠠᠷ — ᠷᠠᠰᠢᠶᠠᠨ᠎ᠤ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠶᠢᠨ ᠳᠣᠭᠲᠠᠭᠰᠠᠨ ᠪᠥᠬᠥ ᠲᠠᠰ ᠳᠠᠷᠠᠭᠠᠯᠠᠯ᠎ᠢ ᠤᠷᠤᠭᠰᠢᠲᠠᠢ ᠪᠡᠶᠡᠯᠡᠭᠦᠯᠦᠭᠡᠳ ᠤᠯᠠᠷᠢᠯ᠎ᠤᠨ ᠴᠢᠨᠠᠷᠲᠠᠢ ᠨᠡᠭᠡᠭᠡᠯᠲᠡ ᠬᠢᠵᠦ ᠪᠠᠢᠭ᠍ᠰᠠᠨ᠎ᠡᠴᠡ᠎ᠪᠡᠨ ᠪᠥᠬᠥ ᠲᠠᠯ᠎ᠠ᠎ᠪᠠᠷ ᠥᠷᠭᠡᠳᠬᠡᠵᠦ ᠪᠠᠢᠩᠭᠤ᠎ᠶᠢᠨ ᠴᠢᠨᠠᠷᠲᠠᠢ ᠨᠡᠭᠡᠭᠡᠯᠲᠡ ᠬᠢᠬᠦ ᠪᠣᠯᠪᠠ᠃ ᠡᠭᠦᠨ᠎ᠡᠴᠡ ᠡᠬᠢᠯᠡᠨ᠂ ᠲᠣᠰ ᠬᠢᠯᠢ᠎ᠶᠢᠨ ᠪᠣᠭᠣᠮᠲᠠ᠎ᠶᠢᠨ ᠨᠡᠭᠡᠭᠡᠯᠲᠡ᠎ᠶᠢᠨ ᠴᠠᠭ᠎ᠢ ᠤᠤᠯ ᠨᠢ ᠵᠢᠯ ᠪᠦᠷᠢ 8 ᠰᠠᠷ᠎ᠠ ᠨᠡᠭᠡᠭᠡᠳᠡᠭ ᠪᠠᠢᠭ᠍ᠰᠠᠨ᠎ᠠᠴᠠ ᠤᠷᠲᠤᠳᠬᠠᠭᠠᠳ ᠪᠥᠬᠥ ᠵᠢᠯ᠎ᠢᠶᠠᠷ ᠨᠡᠭᠡᠭᠡᠬᠦ ᠪᠣᠯᠭᠠᠵᠤ᠂ ᠥᠪᠥᠷ ᠮᠣᠩᠭᠣᠯ᠎ᠤᠨ ᠳᠥᠷᠪᠡᠳᠡᠬᠢ ᠪᠠᠢᠩᠭᠤ ᠨᠡᠭᠡᠭᠡᠯᠲᠡ᠎ᠲᠠᠢ ᠣᠯᠠᠨ ᠤᠯᠤᠰ᠎ᠤᠨ ᠴᠢᠨᠠᠷᠲᠠᠢ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ ᠪᠣᠯᠤᠭᠰᠠᠨ ᠨᠢ ᠬᠢᠩᠭᠠᠨ ᠠᠢᠮᠠᠭ᠎ᠤᠨ ᠭᠠᠳᠠᠭᠠᠳᠤ ᠨᠡᠭᠡᠭᠡᠯᠲᠡ ᠬᠢᠭᠡᠳ ᠣᠷᠣᠨ ᠪᠦᠰᠡ᠎ᠶᠢᠨ ᠬᠠᠮᠲᠤᠷᠠᠯᠴᠠᠭ᠎ᠠ ᠴᠥᠮ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ ᠪᠠᠢᠨ᠎ᠠ᠃ 

ᠣᠢᠷ᠎ᠠ᠎ᠶᠢᠨ ᠵᠢᠯ᠎ᠦᠳ᠎ᠲᠦ᠂ ᠬᠢᠩᠭᠠᠨ ᠠᠢᠮᠠᠭ᠎ᠤᠨ ᠬᠢᠨ ᠷᠠᠰᠢᠶᠠᠨ ᠬᠢᠯᠢ᠎ᠶᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠳᠠᠰᠤᠷᠠᠯᠳᠠ ᠦᠭᠡᠢ ᠲᠦᠷᠭᠡᠳᠬᠡᠨ ᠠᠬᠢᠭᠤᠯᠵᠤ᠂ ᠨᠡᠢ᠍ᠢᠳᠡ 7 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠤᠭᠰᠠᠨ᠎ᠢᠶᠠᠷ᠂ ᠬᠢᠯᠢ᠎ᠶᠢᠨ ᠪᠣᠭᠣᠮᠲᠠ᠎ᠶᠢᠨ ᠰᠠᠭᠤᠷᠢ ᠪᠡᠯᠡᠳᠬᠡᠮᠵᠢ ᠨᠥᠬᠥᠴᠡᠯ ᠬᠢᠭᠡᠳ ᠢᠵᠢ ᠲᠥᠬᠥᠷ ᠦᠢᠯᠡᠴᠢᠯᠡᠭᠡᠨ᠎ᠦ ᠴᠢᠳᠠᠪᠬᠢ ᠨᠢ ᠢᠯᠡᠳᠲᠡ ᠰᠠᠢᠵᠢᠷᠠᠭᠰᠠᠨ ᠪᠠᠢᠨ᠎ᠠ᠃ ᠳᠤᠮᠳᠠᠳᠤ ᠮᠣᠩᠭᠣᠯ ᠬᠣᠶᠠᠷ ᠤᠯᠤᠰ᠎ᠤᠨ ᠷᠠᠰᠢᠶᠠᠨ᠎ᠤ ᠬᠢᠯᠢ᠎ᠶᠢᠨ ᠠᠷᠠᠳ᠎ᠤᠨ ᠵᠠᠬ᠎ᠠ᠎ᠶᠢᠨ ᠠᠷᠠᠯᠵᠢᠶᠠᠨ᠎ᠤ ᠲᠣᠭᠣᠷᠢᠭ᠎ᠲᠤ ᠪᠣᠭᠣᠮᠲᠠ᠎ᠶᠢᠨ ᠪᠢᠲᠡᠭᠦᠮᠵᠢᠲᠦ ᠡᠵᠡᠩᠨᠡᠯᠲᠡ ᠬᠢᠵᠦ᠂ ᠬᠢᠯᠢ᠎ᠶᠢᠨ ᠠᠷᠠᠳ᠎ᠤᠨ ᠬᠠᠪᠰᠤᠷᠤᠯᠴᠠᠬᠤ 2 ᠳᠤᠭᠤᠢᠯᠠᠩ᠎ᠢ ᠨᠡᠢᠯᠡᠭᠦᠯᠦᠭᠡᠳ ᠳᠠᠬᠢᠨᠲᠠ ᠵᠣᠬᠢᠶᠠᠨ ᠪᠠᠢᠭᠤᠯᠵᠤ᠂ 4600 ᠭᠠᠷᠤᠢ ᠬᠢᠯᠢ᠎ᠶᠢᠨ ᠠᠷᠠᠳ᠎ᠢ ᠵᠣᠬᠢᠶᠠᠨ ᠪᠠᠢᠭᠤᠯᠤᠨ ᠵᠠᠬ᠎ᠠ᠎ᠶᠢᠨ ᠠᠷᠠᠯᠵᠢᠶ᠎ᠠ᠎ᠳᠤ ᠣᠷᠣᠯᠴᠠᠭᠤᠯᠤᠨ᠂ 14 ᠲᠥᠷᠥᠯ᠎ᠦᠨ ᠲᠠᠸᠠᠷ᠎ᠢ ᠪᠠᠢᠩᠭᠤ ᠭᠠᠳᠠᠭᠠᠳᠤ᠎ᠠᠴᠠ ᠣᠷᠣᠭᠤᠯᠬᠤ᠎ᠶᠢ ᠪᠡᠶᠡᠯᠡᠭᠦᠯᠦᠭᠡᠳ᠂ ᠬᠢᠯᠢ ᠬᠢᠵᠠᠭᠠᠷ ᠣᠷᠣᠨ᠎ᠤ ᠠᠵᠤ ᠦᠢᠯᠡᠰ᠎ᠢ ᠪᠣᠢᠵᠢᠭᠤᠯᠬᠤ ᠪᠠ ᠬᠢᠯᠢ᠎ᠶᠢᠨ ᠠᠷᠠᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠨᠢ ᠳᠠᠢᠴᠢᠯᠠᠵᠠᠢ᠃ ᠡᠭᠦᠨ᠎ᠦ ᠬᠠᠮᠲᠤ᠂ ᠬᠢᠯᠢ᠎ᠶᠢᠨ ᠪᠣᠭᠣᠮᠲᠠ᠎ᠶᠢᠨ ᠬᠣᠯᠪᠣᠯᠳᠤᠨ ᠨᠡᠪᠲᠡᠷᠡᠯᠴᠡᠬᠦ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ 8 ᠰᠠᠭᠤᠳᠠᠯ᠎ᠡᠴᠡ ᠳᠣᠷᠣᠭ᠍ᠰᠢᠬᠢ ᠵᠢᠵᠢᠭ ᠬᠡᠯᠪᠡᠷᠢ᠎ᠶᠢᠨ ᠮᠠᠰᠢᠨ ᠲᠡᠷᠭᠡ᠎ᠶᠢ ᠳᠤᠮᠳᠠᠳᠤ ᠮᠣᠩᠭᠣᠯ᠎ᠳᠦ ᠨᠡᠪᠲᠡᠷᠡᠯᠴᠡᠬᠦ ᠪᠣᠯᠭᠠᠵᠤ᠂ ᠮᠣᠩᠭᠣᠯ᠎ᠳᠤ ᠣᠴᠢᠬᠤ ᠣᠯᠠᠨ ᠤᠯᠤᠰ᠎ᠤᠨ ᠠᠶᠠᠨᠴᠢᠳ᠎ᠤᠨ ᠲᠡᠭᠡᠭᠡᠪᠦᠷᠢ᠎ᠶᠢᠨ ᠡᠭᠡᠯᠵᠢ᠎ᠶᠢᠨ ᠱᠤᠭᠤᠮ᠎ᠢ ᠪᠠᠢᠩᠭᠤ ᠠᠵᠢᠯᠯᠠᠭᠤᠯᠵᠤ᠂ ᠬᠢᠯᠢ ᠠᠯᠤᠰᠯᠠᠨ ᠵᠢᠭᠤᠯᠴᠢᠯᠠᠬᠤ ᠬᠥᠮᠥᠨ᠎ᠦ ᠲᠣᠭ᠎ᠠ ᠬᠣᠶᠠᠷ ᠵᠢᠯ ᠳᠠᠷᠠᠭᠠᠯᠠᠨ ᠲᠦᠮᠡᠨ ᠬᠥᠮᠥᠨ ᠤᠳᠠᠭ᠎ᠠ᠎ᠶᠢ ᠳᠠᠪᠠᠪᠠ᠃ 

ᠬᠢᠩᠭᠠᠨ ᠠᠢᠮᠠᠭ᠎ᠤᠨ ᠬᠢᠨ ᠷᠠᠰᠢᠶᠠᠨ ᠬᠢᠯᠢ᠎ᠶᠢᠨ ᠪᠣᠭᠣᠮᠲᠠ᠎ᠪᠠᠨ ᠵᠢᠯ ᠲᠤᠷᠰᠢ ᠨᠡᠭᠡᠭᠡᠯᠲᠡ ᠬᠢᠬᠦ᠎ᠪᠡᠷ ᠠᠵᠠ ᠲᠣᠬᠢᠶᠠᠯ ᠪᠣᠯᠭᠠᠵᠤ᠂ 《 ᠬᠢᠯᠢ ᠠᠯᠤᠰᠯᠠᠭᠰᠠᠨ ᠵᠢᠭᠤᠯᠴᠢᠯᠠᠯ᠂ ᠬᠥᠮᠥᠨ ᠰᠣᠶᠣᠯ᠎ᠤᠨ ᠰᠣᠯᠢᠯᠴᠠᠭ᠎ᠠ 》 ᠭᠡᠬᠦ ᠬᠢᠯᠢ᠎ᠶᠢᠨ ᠪᠣᠭᠣᠮᠲᠠ᠎ᠶᠢᠨ ᠬᠥᠭᠵᠢᠯᠲᠡ᠎ᠶᠢᠨ ᠪᠠᠢᠷᠢ ᠲᠣᠭᠲᠠᠭᠠᠯᠲᠠ᠎ᠪᠠᠨ ᠤᠯᠠᠮ ᠨᠢᠭᠡ ᠠᠯᠬᠤᠮ ᠳᠣᠪᠣᠶ᠋ᠢᠯᠭᠠᠵᠤ᠂ ᠠᠮᠢ ᠠᠬᠤᠢ᠎ᠶᠢᠨ ᠳᠠᠪᠠᠭᠤᠯᠢᠭ᠎ᠲᠤ᠎ᠪᠠᠨ ᠲᠦᠰᠢᠭᠯᠡᠨ ᠥᠪᠡᠷᠮᠢᠴᠡ ᠣᠨᠴᠠᠯᠢᠭ ᠪᠦᠬᠦᠢ ᠵᠦᠷᠢᠶᠡᠴᠢᠯᠡᠭᠰᠡᠨ ᠬᠥᠭᠵᠢᠯᠲᠡ᠎ᠶᠢᠨ ᠵᠠᠮ᠎ᠢᠶᠠᠷ ᠵᠠᠮᠨᠠᠨ᠂ ᠮᠣᠩᠭᠣᠯ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠬᠢᠯᠢ ᠠᠯᠤᠰᠯᠠᠭᠰᠠᠨ ᠵᠢᠭᠤᠯᠴᠢᠯᠠᠯ᠎ᠢ ᠶᠡᠬᠡ᠎ᠪᠠᠷ ᠬᠥᠭᠵᠢᠭᠦᠯᠵᠦ᠂ ᠬᠢᠯᠢ᠎ᠶᠢᠨ ᠠᠷᠠᠯᠵᠢᠶ᠎ᠠ᠎ᠶᠢ ᠢᠳᠡᠪᠬᠢᠲᠡᠢ ᠪᠣᠢᠵᠢᠭᠤᠯᠤᠨ᠂ ᠪᠣᠭᠣᠮᠲᠠ᠎ᠪᠠᠷ ᠥᠩᠭᠡᠷᠡᠭᠦᠯᠬᠦ᠎ᠶᠢ ᠳᠥᠭᠥᠮᠴᠢᠯᠡᠬᠦ ᠬᠢᠷᠢ ᠲᠦᠪᠰᠢᠨ᠎ᠢᠶᠠᠨ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠥᠪᠡᠷᠮᠢᠴᠡ ᠣᠨᠴᠠᠯᠢᠭ ᠪᠦᠬᠦᠢ ᠬᠠᠮᠤᠭ᠎ᠤᠨ ᠭᠣᠶᠣ᠌ ᠠᠮᠢ ᠠᠬᠤᠢ᠎ᠶᠢᠨ ᠬᠢᠯᠢ᠎ᠶᠢᠨ ᠪᠣᠭᠣᠮᠲᠠ᠎ᠶᠢ ᠬᠦᠴᠦᠯᠡᠨ ᠪᠣᠶ ᠪᠣᠯᠭᠠᠵᠤ᠂ 《 ᠨᠢᠭᠡ ᠪᠦᠰᠡ ᠨᠢᠭᠡ ᠵᠠᠮ 》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠨ ᠠᠭᠤᠰᠤᠯᠴᠠᠬᠤ᠂ ᠥᠪᠥᠷ ᠮᠣᠩᠭᠣᠯ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠠᠬᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠣᠷᠣᠭᠤᠯᠬᠤ ᠪᠣᠯᠣᠨ᠎ᠠ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ