ᠣᠢᠷ᠎ᠠ᠎ᠳᠤ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ ᠬᠢᠭᠡᠳ ᠠᠵᠤ ᠦᠶ᠋ᠢᠯᠡᠰᠵᠢᠯᠲᠡ᠎ᠶᠢᠨ ᠬᠥᠭᠵᠢᠯᠲᠡ᠎ᠶᠢᠨ ᠲᠥᠪ 2025 ᠣᠨ᠎ᠤ ᠣᠶᠤᠨᠲᠤ ᠤᠰᠤᠨ᠎ᠤ ᠶᠠᠪᠤᠳᠠᠯ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠲᠣᠳᠣᠷᠬᠠᠢ ᠬᠠᠭᠤᠳᠠᠰᠤ᠎ᠶᠢ ᠨᠡᠢᠲᠡᠯᠡᠵᠡᠢ᠂ ᠲᠡᠭᠦᠨ᠎ᠳᠦ ᠨᠡᠶ᠋ᠢᠲᠡ 20 ᠵᠦᠢᠯ᠎ᠦᠨ ᠰᠢᠯᠢᠳᠡᠭ ᠦᠢᠯᠡᠳᠦᠯᠭᠡ᠎ᠶᠢᠨ ᠬᠡᠷᠡᠭ᠎ᠦᠨ ᠵᠢᠱ᠌ᠢᠶ᠎ᠡ ᠰᠢᠯᠢᠨ ᠰᠤᠩᠭᠤᠭᠳᠠᠭᠰᠠᠨ ᠪᠥᠭᠡᠳ ᠬᠥᠬᠡᠬᠣᠲᠠ᠎ᠶᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠶᠢᠨ ᠤᠰᠤ ᠬᠠᠩᠭᠠᠬᠤ ᠪᠠ ᠵᠠᠯᠠᠬᠤ ᠦᠢᠯᠡᠴᠢᠯᠡᠭᠡᠨ᠎ᠦ ᠲᠥᠪ᠎ᠦᠨ ᠳᠠᠭᠠᠭᠠᠴᠢᠯᠠᠨ ᠪᠠᠢᠭᠤᠯᠤᠭᠰᠠᠨ 《ᠬᠥᠬᠡᠬᠣᠲᠠ᠎ᠶᠢᠨ ᠬᠠᠶ᠋ᠢᠮᠢᠶᠠᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢᠨ ᠳ᠋ᠢᠭᠢᠲᠴᠢᠯᠡᠭᠰᠡᠨ ᠶᠡᠷᠦᠩᠬᠡᠢ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠲᠠᠪᠴᠠᠩ》᠎ᠤᠨ ᠲᠥᠷᠥᠯ ᠵᠦᠢᠯ ᠨᠢ 《ᠬᠣᠲᠠ ᠪᠠᠯᠭᠠᠰᠤ᠎ᠶᠢᠨ ᠤᠰᠤᠨ᠎ᠤ ᠣᠷᠴᠢᠨ ᠨᠥᠭᠦᠴᠡᠯ᠎ᠦᠨ ᠵᠠᠰᠠᠯᠲᠠ᠎ᠶᠢᠨ ᠲᠥᠷᠥᠯ》᠎ᠤᠨ ᠬᠢᠷᠢ ᠪᠦᠲᠦᠮᠵᠢ᠎ᠪᠡᠷ ᠨᠢᠭᠡᠳᠦᠭᠡᠷ᠎ᠲᠤ ᠣᠷᠣᠵᠤ ᠰᠣᠩᠭᠣᠭᠳᠠᠪᠠ᠃
ᠲᠣᠰ ᠲᠠᠪᠴᠠᠩ ᠪᠣᠯ ᠲᠤᠰᠬᠠᠢᠯᠠᠨ ᠬᠥᠬᠡᠬᠣᠲᠠ ᠣᠷᠣᠨ᠎ᠤ ᠪᠠᠢᠳᠠᠯ᠎ᠳᠦ ᠳᠣᠬᠢᠷᠠᠭᠤᠯᠤᠨ ᠪᠠᠢᠭᠤᠯᠤᠭᠰᠠᠨ᠂ ᠭᠠᠩ ᠬᠠᠭᠤᠷᠠᠢᠪᠲᠤᠷ ᠣᠷᠣᠨ ᠪᠦᠰᠡ᠎ᠶᠢᠨ ᠬᠠᠶ᠋ᠢᠮᠢᠶᠠᠨ ᠬᠣᠲᠠ᠎ᠶᠢᠨ ᠪᠦᠲᠦᠭᠡᠨ ᠪᠠᠢᠭᠤᠯᠤᠯᠲᠠ ᠪᠠ ᠬᠢᠨᠠᠯᠲᠠ ᠬᠠᠮᠢᠶᠠᠷᠤᠯᠲᠠ᠎ᠶᠢᠨ ᠬᠡᠷᠡᠭᠴᠡᠭᠡ᠎ᠳᠦ ᠬᠠᠨᠳᠤᠭᠤᠯᠤᠭᠰᠠᠨ ᠮᠡᠳᠡᠭᠡ ᠵᠠᠩᠭᠢᠴᠢᠯᠠᠯᠲᠠ᠎ᠶᠢᠨ ᠰᠢᠰᠲᠧᠮ ᠪᠣᠯᠣᠨ᠎ᠠ᠃ ᠴᠠᠭ ᠠᠭᠤᠷ ᠬᠤᠷ᠎ᠠ ᠲᠤᠨᠳᠠᠰᠤᠨ᠎ᠤ ᠬᠡᠮᠵᠢᠶ᠎ᠡ᠂ ᠵᠠᠮ᠎ᠤᠨ ᠬᠤᠷᠠᠮᠠᠯ ᠤᠰᠤ᠂ ᠬᠥᠭᠡᠷᠭᠡᠨ ᠦᠷᠳᠡᠭᠡ᠎ᠶᠢᠨ ᠠᠵᠢᠯᠯᠠᠭᠠᠨ᠂ ᠸᠢᠳᠢᠣ᠋ ᠬᠢᠨᠠᠯᠲᠠ ᠡᠵᠡᠮᠰᠢᠯ ᠵᠡᠷᠭᠡ ᠤᠯᠠᠨ ᠵᠦᠢᠯ᠎ᠦᠨ ᠬᠢᠨᠠᠨ ᠰᠢᠨᠵᠢᠬᠦ ᠠᠷᠭ᠎ᠠ ᠪᠠᠷᠢᠯ᠎ᠢ ᠨᠡᠢᠳᠬᠡᠨ ᠬᠡᠷᠡᠭᠯᠡᠬᠦ᠎ᠶᠢᠨ ᠬᠠᠮᠲᠤ ᠰᠢᠰᠲᠧᠮ᠎ᠦᠨ ᠳᠣᠲᠣᠷᠠᠬᠢ ᠳ᠋ᠢᠭᠢᠲ ᠵᠠᠭᠪᠤᠷ᠎ᠲᠤ ᠲᠦᠰᠢᠭᠯᠡᠭᠡᠳ ᠪᠣᠷᠣᠭᠠᠨ᠎ᠠᠴᠠ ᠡᠮᠦᠨ᠎ᠡ ᠭᠠᠮᠰᠢᠭ᠎ᠢ ᠰᠡᠷᠭᠡᠢᠯᠡᠵᠦ ᠰᠡᠷᠡᠮᠵᠢᠯᠡᠭᠦᠯᠬᠦ᠂ ᠪᠣᠷᠣᠭᠠᠨ᠎ᠢᠶᠠᠷ ᠬᠢᠨᠠᠨ ᠡᠵᠡᠮᠳᠡᠵᠦ ᠲᠣᠬᠢᠷᠠᠭᠤᠯᠬᠤ ᠪᠠ ᠪᠣᠷᠣᠭᠠᠨ᠎ᠤ ᠳᠠᠷᠠᠭ᠎ᠠ ᠳ᠋ᠦᠩᠨᠡᠨ ᠵᠠᠳᠠᠯᠬᠤ ᠪᠦᠬᠦ ᠶᠠᠪᠤᠴᠠ᠎ᠶᠢᠨ ᠪᠢᠲᠡᠭᠦᠦ ᠴᠠᠭᠠᠷᠢᠭ᠍ᠲᠤ ᠬᠠᠮᠢᠶᠠᠷᠤᠯᠲᠠ᠎ᠶᠢ ᠪᠡᠶᠡᠯᠡᠭᠦᠯᠦᠭᠰᠡᠨ ᠪᠠᠢᠨ᠎ᠠ᠃ ᠡᠭᠦᠨ᠎ᠦ ᠬᠠᠮᠲᠤ᠂ ᠶᠡᠷᠦᠩᠬᠡᠢ ᠳ᠋ᠠᠢᠲ᠋ᠠ᠎ᠶᠢ ᠦᠵᠡᠭᠦᠯᠬᠦ᠂ ᠡᠳᠦᠷ ᠲᠤᠲᠤᠮ᠎ᠤᠨ ᠪᠡᠯᠡᠳᠬᠡᠮᠵᠢᠨᠦᠭᠦᠳᠢ ᠠᠵᠢᠯᠯᠠᠭᠤᠯᠵᠤ ᠬᠠᠮᠠᠭᠠᠯᠠᠬᠤ ᠵᠢᠴᠢ ᠬᠠᠶ᠋ᠢᠮᠢᠶᠠᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠬᠠᠮᠢᠶᠠᠷᠤᠯᠲᠠ ᠵᠡᠷᠭᠡ ᠲᠤᠰᠬᠠᠢ ᠮᠡᠷᠭᠡᠵᠢᠯ᠎ᠦᠨ ᠬᠡᠰᠡᠭ᠎ᠲᠠᠢ ᠤᠶᠠᠯᠳᠤᠭᠤᠯᠤᠨ᠂ ᠬᠥᠬᠡᠬᠣᠲᠠ᠎ᠶᠢᠨ ᠬᠠᠶ᠋ᠢᠮᠢᠶᠠᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠠ ᠬᠡᠷᠡᠭᠵᠢᠭᠦᠯᠬᠦ᠎ᠳᠦ ᠪᠥᠬᠥ ᠲᠠᠯ᠎ᠠ᠎ᠪᠠᠷ ᠲᠤᠯᠭᠠᠭᠤᠷᠢᠯᠠᠨ᠎ᠠ᠃
2025 ᠣᠨ᠎ᠳᠤ᠂ ᠡᠯ᠎ᠡ ᠭᠠᠵᠠᠷ ᠣᠷᠣᠨ ᠨᠡᠶ᠋ᠢᠲᠡ ᠵᠠᠭᠤ ᠭᠠᠷᠤᠢ ᠵᠦᠢᠯ᠎ᠦᠨ ᠣᠶᠤᠨᠲᠤ ᠤᠰᠤᠨ᠎ᠤ ᠶᠠᠪᠤᠳᠠᠯ᠎ᠤᠨ ᠬᠡᠷᠡᠭ᠎ᠦᠨ ᠵᠢᠱ᠌ᠢᠶ᠎ᠡ᠎ᠶᠢ ᠲᠠᠨᠢᠯᠴᠠᠭᠤᠯᠵᠤ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠬᠢᠨᠠᠨ ᠪᠠᠢᠴᠠᠭᠠᠵᠤ ᠰᠢᠯᠭᠠᠷᠠᠭᠤᠯᠬᠤ᠎ᠳᠤ ᠣᠷᠣᠯᠴᠠᠭᠤᠯᠪᠠ᠃ ᠬᠡᠯᠪᠡᠷᠢ᠎ᠶᠢᠨ ᠬᠢᠨᠠᠨ ᠪᠠᠢᠴᠠᠭᠠᠯᠲᠠ᠂ ᠠᠩᠬ᠎ᠠ ᠠᠯᠬᠤᠮ᠎ᠤᠨ ᠬᠢᠨᠠᠨ ᠰᠢᠯᠭᠠᠷᠠᠭᠤᠯᠤᠯᠲᠠ ᠵᠢᠴᠢ ᠲᠤᠰᠬᠠᠢ ᠮᠡᠷᠭᠡᠵᠢᠯᠲᠡᠳ ᠬᠢᠨᠠᠨ ᠰᠢᠯᠭᠠᠷᠠᠭᠤᠯᠬᠤ ᠣᠯᠠᠨ ᠡᠭᠡᠯᠵᠢ᠎ᠶᠢᠨ ᠴᠢᠩᠭ᠎ᠠ ᠰᠣᠩᠭᠣᠯᠲᠠ ᠪᠠ ᠰᠢᠷᠦᠭᠦᠨ ᠥᠷᠢᠰᠦᠯᠳᠦᠭᠡᠨ᠎ᠢᠶᠠᠷ ᠳᠠᠮᠵᠢᠨ᠂ ᠲᠤᠰ ᠲᠠᠪᠴᠠᠩ ᠨᠢ ᠡᠵᠡ ᠮᠡᠳᠡᠨ ᠡᠵᠡᠮᠳᠡᠬᠦᠢᠴᠡ ᠮᠡᠷᠭᠡᠵᠢᠯ᠎ᠦᠨ ᠰᠢᠰᠲᠧᠮ᠂ ᠠᠮᠤᠷ ᠲᠦᠪᠰᠢᠨ ᠪᠥᠭᠡᠳ ᠲᠣᠭᠲᠠᠭᠤᠨ ᠠᠵᠢᠯᠯᠠᠭᠠᠨ᠎ᠤ ᠦᠢᠯᠡᠳᠦᠯ ᠴᠢᠳᠠᠪᠤᠷᠢ ᠵᠢᠴᠢ ᠪᠦᠬᠦ ᠶᠠᠪᠤᠴᠠ᠎ᠳᠠᠬᠢ ᠬᠢᠨᠠᠨ ᠬᠠᠮᠢᠶᠠᠷᠴᠤ ᠠᠵᠢᠯᠯᠠᠭᠤᠯᠵᠤ ᠪᠠᠲᠤᠯᠠᠬᠤ ᠲᠣᠭᠲᠠᠴᠠ᠎ᠳᠤ᠎ᠪᠠᠨ ᠲᠦᠰᠢᠭᠯᠡᠨ ᠴᠣᠯᠭᠣᠷᠠᠨ ᠭᠠᠷᠴᠤ᠂ ᠲᠤᠰᠬᠠᠢ ᠮᠡᠷᠭᠡᠵᠢᠯᠲᠡᠳ ᠪᠠ ᠶᠠᠮᠤᠨ ᠵᠥᠪᠯᠡᠯ᠎ᠦᠨ ᠤᠳᠤᠷᠢᠳᠤᠯᠭ᠎ᠠ ᠨᠠᠷ᠎ᠤᠨ ᠨᠢᠭᠡᠲᠦᠯᠲᠡᠢ ᠦᠨᠡᠯᠡᠯᠲᠡ᠎ᠶᠢ ᠣᠯᠵᠤ᠂ ᠪᠥᠬᠥ ᠤᠯᠤᠰ᠎ᠤᠨ ᠣᠶᠤᠨᠲᠤ ᠤᠰᠤᠨ᠎ᠤ ᠶᠠᠪᠤᠳᠠᠯ᠎ᠤᠨ ᠪᠦᠲᠦᠭᠡᠨ ᠪᠠᠢᠭᠤᠯᠤᠯᠲᠠ᠎ᠳᠤ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ ᠪᠣᠯᠬᠤᠢᠴᠠ ᠦᠢᠯᠡᠳᠦᠯᠭᠡ᠎ᠶᠢᠨ ᠲᠤᠷᠰᠢᠯᠭ᠎ᠠ ᠬᠠᠩᠭᠠᠵᠤ᠂ ᠢᠯᠡᠳᠲᠡ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠲᠠᠢ ᠪᠣᠯᠬᠣᠷ ᠡᠯ᠎ᠡ ᠭᠠᠵᠠᠷ᠎ᠤᠨ ᠣᠶᠤᠨᠲᠤ ᠤᠰᠤᠨ᠎ᠤ ᠶᠠᠪᠤᠳᠠᠯ᠎ᠤᠨ ᠬᠥᠭᠵᠢᠯᠲᠡ᠎ᠳᠦ ᠴᠢᠬᠤᠯᠠ ᠯᠠᠪᠯᠠᠯᠲᠠ ᠬᠠᠩᠭᠠᠪᠠ᠃